2023-03-06 15:45:02
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠲᠣᠰᠣᠯᠢᠭ ᠲᠠᠷᠢᠮᠠᠯ᠎ᠤᠨ ᠦᠢᠯᠡᠳᠪᠦᠷᠢᠯᠡᠯ᠎ᠢ ᠰᠠᠢᠲᠤᠷ ᠠᠳᠭᠤᠵᠤ᠂ ᠱᠢᠨ᠎ᠡ ᠨᠢᠭᠡ ᠡᠭᠡᠯᠵᠢ᠎ᠶ᠋ᠢᠨ ᠮᠢᠩᠭᠠᠨ ᠳ᠋ᠦᠩᠱᠢᠭᠤᠷ ᠵᠢᠩ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠲᠠᠷᠢᠶᠠᠯᠠᠩ᠎ᠤᠨ ᠬᠡᠷᠡᠭ᠌ᠰᠡᠯ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠲᠠᠷᠢᠶᠠᠯᠠᠩ᠎ᠤᠨ ᠤᠰᠤᠨ ᠠᠱᠢᠭ᠍ᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ》 ᠬᠡᠵᠤ ᠲᠤᠷᠠᠳᠴᠠᠢ᠃ ᠡᠨᠡ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠎ᠢ ᠲᠤᠢᠯ᠎ᠢᠶᠠᠷ ᠤᠷᠮᠠᠱᠢᠭᠤᠯᠵᠠᠢ᠂ ᠡᠨᠡ ᠵᠢᠯ᠎ᠦᠨ ᠲᠡᠭᠦᠨ᠎ᠦ ᠠᠪᠴᠢᠷᠠᠭ᠍ᠰᠠᠨ ᠰᠠᠨᠠᠯ ᠳᠤᠷᠠᠳᠤᠯᠭ᠎ᠠ ᠨᠢ ᠶᠠᠭ ᠡᠭᠦᠨ᠎ᠯᠦᠭᠡ ᠬᠣᠯᠪᠣᠭ᠎ᠠ᠎ᠲᠠᠶ ᠶᠤᠮ᠃

ᠯᠢ ᠪᠢᠨ
ᠠᠮᠤ ᠪᠤᠳᠠᠭᠠᠨ᠎ᠤ ᠦᠢᠯᠡᠳᠪᠦᠷᠢᠯᠡᠯ᠎ᠳᠦ ᠬᠡᠷᠡᠭ᠌ᠰᠡᠬᠦ᠌ ᠪᠠᠢᠭᠠᠯᠢ᠎ᠶ᠋ᠢᠨ ᠭᠣᠣᠯ ᠡᠬᠢ ᠪᠠᠶᠠᠯᠢᠭ ᠪᠣᠯ ᠭᠠᠵᠠᠷ ᠱᠢᠷᠣᠢ ᠪᠠ ᠤᠰᠤ ᠪᠣᠯᠤᠨ᠎ᠠ᠃ ᠶᠡᠬᠡ ᠬᠡᠮᠵᠢᠶᠡᠨ᠎ᠦ ᠪᠠᠢᠴᠠᠭᠠᠨ ᠰᠤᠳᠤᠯᠤᠯᠲᠠ ᠬᠢᠭ᠌ᠰᠡᠨ᠎ᠤ ᠲᠠᠷᠠᠭ᠎ᠠ᠂ ᠯᠢ ᠪᠢᠨ᠎ᠤ ᠤᠢᠯᠠᠭᠠᠭᠰᠠᠨ ᠵᠢᠨᠷ ᠮᠠᠨ᠎ᠤ ᠤᠯᠤᠰ᠎ᠤᠨ ᠠᠮᠤ ᠪᠤᠳᠠᠭᠠᠨ᠎ᠤ ᠤᠨᠠᠯᠲᠠ ᠨᠡᠮᠡᠭ᠌ᠳᠡᠭᠰᠡᠨ ᠪᠤᠯᠪᠠᠴᠤ ᠪᠠᠢᠭᠠᠯᠢ᠎ᠶ᠋ᠢᠨ ᠡᠬᠢ ᠪᠠᠶᠠᠯᠢᠭ᠎ᠢ ᠡᠵᠡᠯᠡᠨ ᠬᠡᠷᠡᠭ᠌ᠯᠡᠬᠦ᠌ ᠪᠠ ᠬᠣᠷᠣᠭ᠍ᠳᠠᠭᠤᠯᠬᠤ ᠬᠡᠮᠵᠢᠶ᠎ᠡ ᠨᠢ ᠨᠢᠭᠡ ᠬᠡᠮᠵᠢᠶ᠎ᠡ ᠪᠡᠷ ᠪᠠᠭᠠᠰᠴᠠᠢ᠃ ᠭᠡᠪᠡᠴᠦ᠍ ᠡᠬᠢ ᠪᠠᠶᠠᠯᠢᠭ᠎ᠢ ᠠᠷᠪᠢᠯᠠᠨ ᠭᠠᠮᠨᠠᠵᠦ ᠡᠷᠴᠢᠮᠵᠢᠭᠦᠯᠦᠨ ᠠᠱᠢᠭ᠍ᠯᠠᠬᠤ ᠲᠦᠪᠰᠢᠨ ᠲᠠᠰᠤᠷᠠᠯᠲᠠ ᠤᠢ᠍ᠭᠡᠢ ᠳᠡᠭᠡᠭ᠌ᠰᠢᠯᠡᠬᠦ᠌᠎ᠶ᠋ᠢᠨ ᠬᠠᠮᠲᠤ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠪᠣᠯᠤᠨ ᠶᠠᠰᠤ ᠴᠢᠨᠠᠷ᠎ᠢ ᠴᠥᠮ ᠪᠠᠭᠤᠷᠠᠭᠤᠯᠬᠤ ᠦᠭᠡᠶ ᠪᠠᠢᠬᠤ᠎ᠶ᠋ᠢ ᠪᠠᠲᠤᠯᠠᠬᠤ᠎ᠳᠤ ᠬᠦᠴᠢᠷᠳᠡᠯ ᠨᠡᠯᠢᠶᠡᠳ ᠶᠡᠬᠡ ᠪᠠᠢᠨ᠎ᠠ᠂ ᠵᠢᠱ᠌ᠢᠶᠡᠯᠡᠪᠡᠯ ᠵᠠᠷᠢᠮ ᠭᠠᠵᠠᠷ ᠣᠷᠣᠨ᠎ᠳᠤ ᠤᠰᠤᠨ᠎ᠤ ᠡᠬᠢ ᠪᠠᠶᠠᠯᠢᠭ ᠨᠡᠯᠢᠶᠡᠳ ᠳᠤᠲᠠᠭ᠍ᠳᠠᠵᠤ᠂ ᠤᠰᠤ ᠪᠠ ᠠᠮᠤ ᠪᠤᠳᠠᠭᠠᠨ᠎ᠤ ᠵᠥᠷᠢᠴᠡᠯ ᠲᠣᠪᠣᠢᠮ᠎ᠠ ᠤᠷᠤᠰᠢᠵᠤ ᠪᠤᠢ᠃
《18 ᠳ᠋ᠦᠩᠱᠢᠭᠤᠷ ᠮᠥ᠍ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠬᠤ᠎ᠳᠤ ᠲᠣᠭ᠎ᠠ ᠬᠡᠮᠵᠢᠶ᠎ᠡ᠎ᠶ᠋ᠢ ᠰᠠᠬᠢᠬᠤ᠎ᠪᠠᠷ ᠪᠠᠷᠠᠬᠤ ᠥᠬᠡᠶ ᠪᠠᠰᠠ ᠶᠠᠰᠤ ᠴᠢᠨᠠᠷ᠎ᠢ ᠰᠠᠬᠢᠬᠤ ᠬᠡᠷᠡᠭ᠌ᠲᠡᠶ》᠃ ᠯᠢ ᠪᠢᠨ᠂ ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠤᠯᠠᠮ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠲᠣᠭ᠍ᠲᠠᠪᠤᠷᠢᠲᠤ ᠴᠢᠨᠠᠷ᠂ ᠶᠠᠰᠤ ᠴᠢᠨᠠᠷ ᠵᠡᠷᠭᠡ ᠵᠢ ᠬᠢᠨᠠᠨ ᠬᠠᠷᠭᠤᠭᠤᠯᠬᠤ ᠪᠡᠷ ᠲᠠᠮᠵᠢᠭᠤᠯᠤᠨ ᠦᠨᠳᠦᠰᠦᠨ ᠲᠠᠷᠢᠶᠠᠨ ᠭᠠᠵᠠᠷ ᠪᠠ ᠡᠩ᠎ᠦᠨ ᠲᠠᠷᠢᠶᠠᠨ ᠭᠠᠵᠠᠷ᠎ᠢ ᠳᠠᠬᠢᠨ ᠬᠢᠨᠠᠨ ᠲᠣᠭ᠍ᠲᠠᠭᠠᠬᠤ ᠵᠢ ᠨᠢᠭᠡᠳᠦᠯᠲᠡᠶ ᠲᠥᠯᠤᠪᠵᠢᠬᠦᠯᠤᠨ ᠪᠣᠳᠣᠯᠬᠢᠯᠠᠵᠤ᠂ ᠬᠡᠷᠡᠭ᠌ᠯᠡᠭᠡᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ 《ᠠᠮᠤ ᠪᠤᠳᠠᠭᠠᠨ᠎ᠤ ᠪᠤᠰᠤ ᠪᠣᠯᠭᠠᠬᠤ》᠂ 《ᠲᠠᠷᠢᠶᠠᠯᠠᠩ᠎ᠤᠨ ᠪᠤᠰᠤ ᠪᠣᠯᠭᠠᠬᠤ》 ᠶ᠋ᠢ ᠰᠡᠷᠭᠡᠢᠯᠡᠬᠦ᠌ ᠬᠡᠷᠡᠭ᠌ᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ ᠠᠷᠪᠢᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ ᠭᠡᠷᠡᠭᠳᠠᠢ᠃ ᠡᠭᠦᠨ᠎ᠦ ᠬᠠᠮᠲᠤ᠂ 《ᠤᠰᠤᠨ ᠤ᠋ ᠬᠡᠮᠵᠢᠶ᠎ᠡ ᠪᠡᠷ ᠬᠣᠲᠠ ᠢ᠋ᠢᠨ ᠪᠦᠲᠦᠭᠡᠨ ᠪᠠᠢᠭᠤᠯᠤᠯᠲᠠ ᠪᠠᠨ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠭᠠᠵᠠᠷ ᠲᠠᠷᠢᠶ᠎ᠠ ᠪᠡᠨ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠬᠤᠲᠠ ᠢ᠋ᠢᠨ ᠬᠦᠮᠦᠨ ᠠᠮᠠ ᠢ᠋ᠢᠨ ᠳᠠᠭᠠᠭᠠᠴᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠦᠢᠯᠡᠳᠪᠦᠷᠢᠯᠡᠯ ᠢ᠋ᠢᠡᠨ ᠲᠣᠭ᠍ᠲᠠᠭᠠᠬᠤ》 ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠯᠤᠰ᠎ᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠤ᠋ᠨ ᠬᠢᠨ ᠣᠷᠣᠨ ᠪᠦᠰᠡ᠎ᠶ᠋ᠢᠨ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠶ᠋ᠢᠨ ᠴᠢᠳᠠᠪᠤᠷᠢ᠎ᠶ᠋ᠢ ᠦᠨᠳᠦᠰᠦᠯᠡᠨ᠂ 《ᠤᠰᠤᠯᠠᠬᠤ᠎ᠳᠤ ᠳᠣᠭᠢᠷᠠᠪᠠᠯ ᠤᠰᠤᠯᠠᠬᠤ᠂ ᠬᠠᠭᠤᠷᠠᠢ ᠪᠠᠷ ᠨᠢ ᠪᠠᠢᠯᠭᠠᠬᠤ ᠳᠤ ᠳᠣᠭᠢᠷᠠᠪᠠᠯ ᠬᠠᠭᠤᠷᠠᠢ ᠪᠠᠷ ᠨᠢ ᠪᠠᠢᠯᠭᠠᠬᠤ 》 ᠵᠠᠷᠴᠢᠮ ᠶᠣᠰᠣᠭᠠᠷ ᠤᠰᠤᠯᠠᠯᠲᠠ᠎ᠶ᠋ᠢᠨ ᠲᠠᠷᠢᠶᠠᠨ ᠭᠠᠵᠠᠷ᠎ᠤᠨ ᠬᠡᠪᠴᠢᠶ᠎ᠡ᠎ᠶ᠋ᠢ ᠬᠠᠮᠲᠤᠷᠠᠨ ᠲᠣᠭ᠍ᠲᠠᠭᠠᠬᠤ ᠵᠢ ᠰᠠᠨᠠᠭᠤᠯᠪᠠ᠃
ᠯᠢ ᠪᠢᠨᠦ ᠦᠵᠡᠬᠦ᠌᠎ᠪᠡᠷ᠂ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌᠎ᠪᠡᠷ ᠬᠣᠢᠱᠢᠳᠠ᠎ᠶ᠋ᠢᠨ ᠠᠮᠤ ᠪᠤᠳᠠᠭᠠᠨ᠎ᠤ ᠤᠨᠠᠯᠲᠠ᠎ᠶ᠋ᠢ ᠳᠡᠭᠡᠭ᠌ᠰᠢᠯᠡᠭᠦᠯᠬᠦ᠌ ᠭᠣᠣᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠬᠤ ᠬᠡᠷᠡᠭ᠌ᠲᠡᠶ᠃ ᠡᠩ ᠲᠡᠷᠢᠭᠦᠨ᠎ᠳᠦ᠂ ᠦᠷ᠎ᠡ᠂ ᠤᠰᠤ ᠠᠷᠪᠢᠯᠠᠬᠤ ᠤᠰᠤᠯᠠᠯᠲᠠ᠂ ᠲᠠᠷᠢᠶᠠᠨ ᠭᠠᠵᠠᠷ᠎ᠤᠨ ᠬᠠᠮᠢᠶᠠᠷᠤᠯᠲᠠ ᠵᠡᠷᠭᠡ ᠲᠠᠯ᠎ᠠ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠬᠡᠰᠡᠭ ᠵᠢᠨᠷ ᠳᠠᠭᠠᠭᠠᠴᠢᠯᠠᠨ ᠴᠡᠭ ᠵᠢᠨᠷ ᠳᠠᠭᠠᠭᠠᠴᠢᠯᠠᠵᠤ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ᠎ᠶ᠋ᠢ ᠵᠢᠯᠣᠭᠣᠳᠭᠤ ᠲᠣᠭ᠍ᠲᠠᠴᠠ᠎ᠶ᠋ᠢ ᠪᠠᠢᠭᠤᠯᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠦᠶ᠋ᠯᠡᠳᠦᠯ᠎ᠢ ᠪᠠᠳᠠᠷᠠᠭᠤᠯᠪᠠᠯ ᠵᠤᠬᠢᠨ᠎ᠠ; ᠳᠠᠷᠠᠭᠠᠯᠠᠪᠠᠯ᠂ ᠭᠠᠵᠠᠷ ᠱᠢᠷᠣᠶ᠎ᠶ᠋ᠢᠨ ᠡᠵᠡᠩᠨᠡᠯᠳᠡ ᠵᠢᠨ ᠡᠷᠬᠡ ᠵᠢᠨ ᠰᠢᠯᠵᠢᠯᠳᠠ᠎ᠶ᠋ᠢ ᠤᠯᠠᠮ ᠵᠣᠷᠢᠭ᠍ᠵᠢᠭᠤᠯᠤᠨ ᠠᠬᠢᠭᠤᠯᠵᠤ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠡᠷᠴᠢᠮᠵᠢᠭᠦᠯᠦᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠪᠠᠯ ᠵᠤᠬᠢᠨ᠎ᠠ ᠬᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃