2023-03-06 16:12:59
ᠼᠤᠤ ᠵᠢᠨ ᠱᠠᠨ ᠄
ᠪᠦᠬᠦ ᠤᠯᠤᠰ ᠤ᠋ᠨ ᠤᠯᠤᠰ ᠲᠦᠷᠦ ᠶ᠋ᠢᠨ ᠵᠦᠪᠯᠡᠯᠭᠡᠨ ᠤ᠋ ᠬᠡᠰᠢᠬᠦᠨ ᠂ ᠳᠦᠩᠯᠢᠶᠤᠤ ᠬᠤᠳᠠ ᠶ᠋ᠢᠨ ᠳᠡᠳ᠋ ᠳᠠᠷᠤᠭ᠎ᠠ

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ ᠳ᠋ᠤ ᠲᠠᠪᠤᠨ ᠵᠢᠯ ᠤ᠋ᠨ ᠲᠤᠷᠰᠢᠬᠢ ᠭᠣᠣᠯ ᠠᠵᠢᠯ ᠢ᠋ ᠡᠷᠭᠢᠴᠡᠭᠦᠯᠬᠦ ᠳ᠋ᠡᠭᠡᠨ᠂ ᠲᠠᠷᠢᠶᠠᠯᠠᠩ ᠢ᠋ ᠬᠦᠴᠦᠷᠬᠡᠭᠵᠢᠭᠦᠯᠦᠨ ᠲᠠᠷᠢᠶᠠᠴᠢᠳ ᠲᠤ᠌ ᠠᠰᠢᠭ᠋ ᠬᠦᠷᠲᠡᠭᠡᠬᠦ ᠲᠥᠷᠥ᠍ ᠶ᠋ᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠲᠠᠷᠢᠶᠠᠯᠠᠩ ᠦᠢᠯᠡᠳᠪᠦᠷᠢᠯᠡᠯ ᠢ᠋ ᠦᠷᠭᠦᠯᠵᠢᠯᠡᠨ ᠴᠢᠩᠭ᠎ᠠ ᠠᠳᠬᠤᠨ ᠰᠠᠢᠲᠤᠷ ᠠᠳᠬᠤᠵᠤ᠂ ᠬᠦᠳᠡᠬᠡ ᠠᠵᠤ ᠠᠬᠤᠢ ᠬᠥᠳᠡᠭᠡ ᠲᠣᠰᠬᠣᠨ ᠤ᠋ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠪᠠ ᠭᠡᠵᠦ ᠳᠤᠷᠠᠳᠴᠠᠢ᠃
ᠮᠢᠨᠤ ᠠᠵᠢᠯᠲᠡ ᠶ᠋ᠢᠨ ᠰᠠᠭᠤᠷᠢ ᠪᠡᠷ ᠨᠡᠯᠢᠶᠡᠳ ᠰᠠᠢᠨ ᠪᠠᠢᠵᠤ᠂ ᠢᠷᠡᠭᠡᠳᠦᠢ ᠳ᠋ᠤ ᠰᠠᠭᠠᠯᠢ ᠶ᠋ᠢᠨ ᠦᠨᠢᠶ᠎ᠡ ᠪᠠ ᠮᠢᠬᠠᠨ ᠤ᠋ ᠦᠬᠡᠷ ᠲᠡᠵᠢᠭᠡᠬᠦ ᠵᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠮᠢᠬᠠᠨ ᠤ᠋ ᠦᠬᠡᠷᠢᠯᠯᠠᠵᠤ ᠪᠠᠢᠭ᠎ᠠ ᠭᠠᠵᠠᠷ ᠲᠦᠩᠯᠢᠶᠣᠣ ᠬᠣᠲᠠ ᠮᠢᠠᠬᠨ ᠤ᠋ ᠦᠬᠡᠷ ᠲᠡᠵᠢᠭᠡᠬᠦ ᠠᠵᠤ ᠦᠢᠯᠡᠰ ᠤ᠋ᠨ ᠬᠥᠭᠵ ᠲᠠᠵᠢᠬᠡᠬᠦ ᠦᠢᠯᠡᠰ ᠢ᠋ ᠬᠦᠭᠵᠢᠬᠦᠯᠬᠦ ᠳ᠋ᠡᠬᠡᠨ 《ᠪᠠᠭ᠎ᠠ ᠬᠡᠪᠴᠢᠶᠡᠵᠢᠯ ᠲᠣᠮᠣ᠌ ᠪᠦᠯᠦᠭᠵᠢᠯ》 ᠶ᠋ᠢᠡᠷ ᠰᠠᠭᠤᠷᠢ ᠪᠣᠯᠭᠠᠨ᠂ ᠰᠠᠭᠤᠷᠢ ᠡᠬᠡ ᠮᠠᠯ ᠢ᠋ ᠰᠣᠩᠭᠣᠨ ᠪᠣᠢᠵᠢᠭᠤᠯᠬᠤ᠂ ᠪᠣᠷᠳᠣᠨ ᠳᠠᠷᠭᠤᠯᠠᠭᠤᠯᠬᠤ᠂ ᠲᠡᠵᠢᠭᠡᠨ ᠦᠷᠡᠵᠢᠭᠦᠯᠬᠦ ᠵᠡᠷᠭᠡ ᠵᠠᠩᠭᠢᠯᠠᠭ᠎ᠠ ᠶ᠋ᠢᠨ ᠭᠣᠭᠴᠣᠭ᠎ᠠ ᠵᠢ ᠪᠦᠲᠦᠮᠵᠢᠲᠡᠶ ᠲᠡᠳᠬᠦᠨ ᠳᠡᠮᠵᠢᠵᠦ᠂ ᠮᠠᠯᠴᠢᠨ ᠲᠠᠷᠢᠶᠠᠴᠢᠨ ᠤ᠋ ᠲᠡᠵᠢᠭᠡᠨ ᠦᠷᠡᠵᠢᠭᠦᠯᠬᠦ ᠢᠳᠡᠪᠬᠢᠵᠢᠯ ᠢ᠋ ᠳᠡᠭᠡᠭᠰᠢᠯᠡᠭᠦᠯᠬᠦ ᠪᠤᠯᠤᠨ ᠡᠰᠢ ᠰᠦᠷᠡᠯ ᠢ᠋ ᠪᠦᠲᠦᠮᠵᠢᠲᠡᠶ ᠠᠰᠢᠭ᠍ᠯᠠᠬᠤ ᠵᠡᠷᠭᠡ ᠪᠡᠷ ᠲᠠᠮᠵᠢᠨ ᠪᠥᠬᠥ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭᠵᠢᠯᠲᠡ ᠵᠢ ᠠᠮᠢᠯᠠᠭᠤᠯᠵᠤ᠂ ᠪᠥᠬᠥ ᠤᠯᠤᠰ ᠤ᠋ᠨ ᠡᠯ᠎ᠡ ᠭᠠᠵᠠᠷ ᠲᠦ᠍ ᠴᠠᠭᠠᠨ ᠢᠳᠡᠬᠡᠨ ᠪᠠ ᠮᠢᠬᠠᠨ ᠤ᠋ ᠪᠦᠳᠦᠬᠡᠭᠳᠡᠬᠦᠨ ᠢ᠋ ᠨᠠᠩ ᠰᠠᠢᠨ ᠬᠦᠷᠭᠡᠨ ᠪᠤᠷᠤᠯᠠᠭᠤᠯᠵᠤ᠂ ᠴᠠᠭᠠᠨ ᠢᠳᠡᠬᠡᠨ ᠪᠠ ᠮᠢᠬᠠᠨ ᠤ᠋ ᠪᠦᠳᠦᠬᠡᠭᠳᠡᠬᠦᠨ ᠵᠢᠡᠨ ᠡᠬᠡ ᠤᠯᠤᠰ ᠤ᠋ᠨ ᠡᠯ᠎ᠡ ᠭᠠᠵᠠᠷ ᠲᠤ᠌ ᠠᠯᠳᠠᠷᠰᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃