2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-06 16:25:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠯᠤ᠌ ᠴᠢᠤᠸᠠᠨ ᠵᠦᠩ ᠄

ᠪᠦᠬᠦ ᠤᠯᠤᠰ ᠤ᠋ᠨ ᠤᠯᠤᠰ ᠲᠦᠷᠦ ᠵᠢᠨ ᠵᠦᠪᠯᠡᠯᠭᠡᠨ ᠤ᠋ ᠭᠡᠰᠢᠭᠦᠨ᠂ ᠦᠪᠦᠷ ᠮᠤᠩᠭᠤᠯ ᠤ᠋ᠨ ᠠᠮᠢ ᠠᠬᠤᠢ ᠤᠷᠴᠢᠨ ᠲᠤᠭᠤᠷᠢᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠶᠡᠷᠦᠩᠬᠡᠢ ᠢᠨᠵᠸᠨ᠋ᠧᠷ


QQ截图20230306112620.png


《ᠠᠮᠢ ᠠᠬᠤᠢ ᠤᠷᠴᠢᠨ ᠲᠤᠭᠤᠷᠢᠨ ᠮᠡᠳᠡᠭᠳᠡᠮ᠎ᠡ ᠰᠠᠢᠵᠢᠷᠠᠪᠠ》᠂ 《ᠦᠵᠡᠰᠬᠦᠯᠡᠩᠲᠤ ᠰᠠᠢᠬᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠴᠢᠬᠤᠯᠠ ᠶᠡᠬᠡ ᠠᠯᠬᠤᠮ ᠢ᠋ ᠠᠯᠬᠤᠪᠠ》᠁ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠡᠬᠢ ᠦᠩᠭᠡᠷᠡᠭᠰᠡᠨ ᠲᠠᠪᠤᠨ ᠵᠢᠯ ᠤ᠋ᠨ ᠠᠵᠢᠯ ᠤ᠋ᠨ ᠲᠤᠬᠠᠢ ᠡᠷᠭᠢᠴᠡᠭᠦᠯᠦᠯ ᠨᠢ ᠨᠠᠳᠠ ᠳ᠋ᠤ ᠭᠦᠨ ᠰᠠᠭᠤᠭᠳᠠᠯ ᠦᠭᠴᠦ᠂ ᠨᠠᠮᠢ᠋ᠢ ᠶᠡᠬᠡ ᠪᠡᠷ ᠤᠷᠮᠠᠰᠢᠭᠤᠯᠵᠠᠢ᠃ ᠤᠷᠴᠢᠨ ᠲᠤᠭᠤᠷᠢᠨ ᠤ᠋ ᠠᠵᠢᠯᠳᠠᠨ ᠪᠤᠯᠤᠭᠰᠠᠨ ᠤ᠋ ᠬᠤᠪᠢ ᠳ᠋ᠤ ᠪᠢ ᠠᠮᠢ ᠠᠬᠤᠢ ᠤᠷᠴᠢᠨ ᠲᠤᠭᠤᠷᠢᠨ ᠦᠷᠭᠦᠯᠵᠢᠯᠡᠨ ᠰᠠᠢᠵᠢᠷᠠᠭᠰᠠᠨ ᠪᠠᠢᠳᠠᠯ ᠢ᠋ ᠨᠢᠳᠦ ᠪᠡᠷ ᠵᠢᠡᠨ ᠬᠠᠷᠠᠵᠤ᠂ ᠪᠡᠶ᠎ᠡ ᠪᠡᠷ ᠵᠢᠡᠨ ᠦᠩᠭᠡᠷᠡᠭᠦᠯᠵᠤ ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠲᠠ ᠮᠦᠩᠭᠦᠨ ᠠᠭᠤᠯᠠ ᠮᠦᠨ ᠬᠡᠬᠦ ᠤᠢᠯᠠᠭᠠᠭᠳᠠᠬᠤᠨ ᠬᠦᠮᠦᠰ ᠤ᠋ᠨ ᠰᠡᠳᠭᠢᠯ ᠳ᠋ᠤ ᠬᠠᠳᠠᠩᠰᠢᠭᠰᠠᠨ ᠢ᠋ ᠲᠡᠮᠳᠡᠭᠯᠡᠭᠰᠡᠨ ᠶᠤᠮ᠃

ᠰᠢᠨ᠎ᠡ ᠠᠶᠠᠨ ᠳ᠋ᠤ ᠪᠢ ᠲᠡᠦᠬᠡ ᠡᠴᠡ ᠳᠠᠭᠠᠭᠠᠯᠭᠠᠬᠰᠠᠨ ᠢᠷᠠᠭᠤ ᠠᠯᠳᠠᠷᠲᠤ ᠬᠠᠷᠢᠭᠤᠴᠠᠯᠭ᠎ᠠ ᠵᠢ ᠡᠬᠦᠷᠬᠡᠯᠡᠵᠤ᠂ ᠥᠪᠡᠷᠲᠡᠭᠡᠨ ᠵᠠᠰᠠᠬᠤ ᠣᠷᠣᠨ ᠤ᠋ ᠬᠥᠭᠵᠢᠯᠲᠡ ᠵᠢᠨ ᠶᠡᠬᠡ ᠲᠠᠯ᠎ᠠ ᠵᠢᠨ ᠲᠣᠭᠣᠷᠢᠨ ᠳ᠋ᠤ᠂ ᠲᠤᠬᠠᠢᠯᠠᠭᠰᠠᠨ ᠠᠵᠢᠯ ᠳ᠋ᠠᠭᠠᠨ ᠰᠠᠭᠤᠷᠢᠯᠠᠨ 《ᠭᠤᠷᠪᠠᠨ ᠱᠤᠭᠤᠮ ᠨᠢᠭᠡ ᠬᠠᠭᠤᠳᠠᠰᠤ》 ᠶ᠋ᠢᠨ ᠲᠥᠷᠥᠯ ᠵᠦᠢᠯ᠎ᠦ᠋ᠨ ᠦᠷ᠎ᠡ ᠪᠦᠲᠦᠭᠡᠯ ᠢ᠋ ᠪᠣᠳᠠᠲᠠᠢ ᠳ᠋ᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠮᠠᠨ ᠤ᠋ ᠣᠷᠣᠨ ᠤ᠋ ᠠᠮᠢ ᠠᠬᠤᠢ ᠣᠷᠴᠢᠨ ᠲᠣᠭᠣᠷᠢᠨ ᠤ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠤ᠋ᠨ ᠪᠠᠢᠭᠤᠯᠤᠯᠳᠠ ᠵᠢ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠤᠯᠭᠠᠨ᠎ᠠ᠃ ᠡᠭᠦᠨ᠎ᠦ᠌ ᠬᠠᠮᠲᠤ᠂ ᠮᠠᠨ ᠤ᠋ ᠣᠷᠣᠨ ᠤ᠋ ᠠᠮᠢ ᠠᠬᠤᠢ ᠵᠢᠨ ᠪᠦᠲᠦᠭᠡᠭᠳᠡᠬᠦᠨ ᠦ᠌ ᠥᠷᠲᠡᠭ ᠢ᠋ ᠪᠡᠶᠡᠯᠡᠭᠦᠯᠬᠦ ᠲᠣᠭᠲᠠᠴᠠ᠎ᠶ᠋ᠢ ᠰᠦᠪᠡᠭᠴᠢᠯᠡᠨ ᠪᠠᠢᠭᠤᠯᠬᠤ ᠳ᠋ᠤ ᠣᠶᠤᠨ ᠤᠬᠠᠭᠠᠨ ᠬᠦᠴᠦᠨ ᠴᠢᠳᠠᠯ ᠵᠢᠡᠨ ᠡᠷᠭᠦᠵᠦ ᠂ ᠠᠮᠢ ᠠᠬᠤᠢ ᠵᠢᠨ ᠳᠠᠪᠠᠭᠤᠯᠢᠭ ᠵᠢᠡᠨ ᠠᠵᠤ ᠠᠬᠤᠢ ᠵᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠨᠡᠩ ᠰᠠᠢᠨ ᠠᠬᠢᠭᠤᠯᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠢᠨ ᠰᠠᠢᠬᠠᠨ ᠬᠥᠭᠵᠢᠯᠲᠡ ᠵᠢᠨ ᠵᠠᠮ ᠵᠢᠡᠷ ᠵᠠᠮᠨᠠᠵᠤ᠂ ᠠᠷᠠᠳ ᠣᠯᠠᠨ ᠳ᠋ᠤ ᠬᠥᠬᠡ ᠣᠭᠲᠠᠷᠭᠤᠢ ᠴᠠᠭᠠᠨ ᠡᠭᠦᠯᠡ᠂ ᠬᠥᠬᠡᠮᠳᠦᠭ ᠨᠤᠭᠤᠭᠠᠨ ᠠᠭᠤᠯᠠ ᠤᠰᠤ ᠶ᠋ᠢ ᠬᠦᠷᠲᠡᠭᠡᠬᠦ ᠪᠡᠷ ᠤᠯᠠᠮ ᠴᠢᠷᠮᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面