2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-06 15:39:28

ᠵᠣᠬᠢᠶᠠᠭ᠍ᠴᠢ᠄ ᠴᠧᠨ ᠴᠦᠨ ᠶᠠᠨ ᠂ ᠮᠨ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

《ᠥᠪᠡᠷᠲᠡᠭᠡᠨ ᠵᠠᠰᠠᠬᠤ ᠣᠷᠣᠨ᠎ᠤ ᠤᠤᠭᠠᠨ ᠠᠵᠤ ᠦᠢᠯᠡᠳᠪᠦᠷᠢ ᠪᠣᠯᠤᠭ᠍ᠰᠠᠨ᠎ᠤ ᠬᠤᠪᠢ᠎ᠳᠤ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ ᠵᠠᠪᠠᠯ ᠲᠠᠭᠠᠭᠤᠯᠤᠬ᠍ᠴᠢ ᠠᠵᠤ ᠠᠬᠤᠢᠯᠠᠯ᠎ᠤᠨ ᠬᠣᠪᠣᠷ ᠱᠢᠷᠣᠢ᠎ᠶ᠋ᠢᠨ ᠬᠦᠷᠢᠶᠡᠨ᠎ᠳᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠴᠢᠬᠤᠯᠠ ᠶᠡᠬᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠬᠦ᠌᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ᠎ᠳᠤ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠤᠨ ᠬᠦᠴᠦᠨ᠎ᠢᠶᠠᠨ ᠨᠡᠮᠡᠷᠢᠯᠠᠨ᠎ᠠ 》 ᠭᠡᠵᠦ 3 ᠰᠠᠷ᠎ᠠ᠎ᠶ᠋ᠢᠨ 5᠎ᠤ᠋ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠡᠬᠢᠯᠡᠯᠲᠡ᠎ᠶ᠋ᠢᠨ ᠬᠤᠷᠠᠯ᠎ᠤᠨ ᠳᠠᠷᠠᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠸᠩ ᠹᠠᠨ ᠶᠢᠩ ᠡᠷᠡᠰ ᠰᠢᠭᠤᠷᠬᠠᠢ ᠢᠯᠡᠳᠭᠡᠪᠡ᠃


QQ截图20230306154240.png


ᠮᠧᠩ ᠹᠠᠨ ᠶᠢᠩ


ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠤᠨ ᠬᠢᠨ ᠥᠪᠥᠷ ᠮᠣᠩᠭᠣᠯ᠎ᠤᠨ ᠪᠤᠭᠤᠲᠤ ᠬᠣᠲᠠ᠎ᠳᠤ 《ᠤᠯᠤᠰ᠎ᠤᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ》᠎ᠢ᠋ ᠪᠠᠢᠭᠤᠯᠬᠤ ᠲᠤᠬᠠᠶ ᠰᠠᠨᠠᠭᠤᠯᠭ᠎ᠠ᠎ᠶ᠋ᠢ ᠪᠦᠬᠦ ᠪᠦᠯᠬᠦᠮ᠎ᠤᠨ ᠰᠠᠨᠠᠭᠤᠯᠭ᠎ᠠ ᠪᠣᠯᠭᠠᠨ ᠳᠤᠷᠠᠳᠤᠭᠰᠠᠨ ᠨᠢ ᠶᠡᠷᠦᠩᠬᠡᠶ ᠱᠦᠵᠢ

ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠷᠮᠠᠢᠨ ᠰᠠᠢᠲᠤᠷ ᠪᠡᠶᠡᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠪᠡᠶ᠎ᠡ᠎ᠪᠡᠨ ᠳᠠᠭᠠᠭᠠᠨ ᠬᠦᠴᠦᠷᠬᠡᠭ᠌ᠵᠢᠵᠦ᠍ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠥᠪᠡᠷᠲᠡᠭᠡᠨ ᠵᠠᠰᠠᠬᠤ ᠣᠷᠣᠨ᠂ ᠪᠤᠭᠤᠲᠤ ᠬᠣᠲᠠ᠎ᠶ᠋ᠢᠨ ᠢᠲᠡᠭᠡᠯ ᠵᠣᠷᠢᠭ᠎ᠢ ᠭᠦᠶ᠋ᠴᠡᠳ ᠢᠯᠡᠷᠡᠭᠦᠯᠵᠡᠶ᠃

ᠮᠸᠩ ᠹᠠᠨ ᠶᠢᠩ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠢᠨ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠬᠣᠪᠣᠷ ᠱᠢᠷᠣᠢ᠎ᠶ᠋ᠢᠨ ᠲᠠᠭᠠᠭᠤᠯᠤᠬ᠍ᠴᠢ ᠠᠵᠤ ᠠᠬᠤᠢᠯᠠᠯ᠎ᠢ ᠪᠠᠢᠭᠤᠯᠬᠤ ᠶᠡᠷᠦᠩᠬᠡᠢ ᠬᠠᠷᠠᠯᠲᠠ ᠶᠣᠰᠣᠭᠠᠷ᠂ᠠᠤᠭ᠎ᠠ ᠬᠠᠷᠠᠯᠳᠠ ᠲᠤᠬᠳᠠᠭᠠᠨ᠂ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠬᠣᠪᠣᠷ ᠱᠢᠷᠣᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠤᠯᠤᠰ᠎ᠤᠨ ᠲᠡᠰ᠎ᠤᠨ ᠮᠡᠷᠭᠡᠵᠢᠯ᠎ᠦᠨ ᠲᠥᠪ᠂ ᠪᠠᠶᠠᠠᠠᠠᠤᠪᠤᠭ᠎ᠠ ᠵᠢᠨ ᠬᠣᠪᠣᠷ ᠱᠢᠷᠣᠢ᠎ᠶ᠋ᠢᠨ ᠡᠬᠢ ᠪᠠᠶᠠᠯᠢᠭ᠎ᠢ ᠰᠤᠳᠤᠯᠬᠤ ᠪᠠ ᠶᠡᠷᠦᠩᠬᠡᠢᠯᠡᠨ ᠠᠱᠢᠭ᠍ᠯᠠᠬᠤ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠬᠣᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠠᠺᠠᠳᠧᠮᠢᠴᠢ᠎ᠶ᠋ᠢᠨ ᠠᠵᠢᠯ᠎ᠤᠨ ᠦᠷᠳᠡᠭᠡ ᠵᠡᠷᠭᠡ ᠠᠯᠢ ᠤᠯᠠᠨ ᠳᠡᠭᠡᠳᠦ ᠲᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠤᠯᠠᠨ ᠵᠦᠢᠯ᠎ᠤᠨ ᠠᠷᠭ᠎ᠠ ᠵᠠᠮ ᠵᠢᠡᠷ ᠴᠢᠳᠠᠪᠤᠷᠢᠲᠠᠨ᠎ᠢ ᠦᠳᠲᠡᠷ ᠲᠦᠷᠭᠡᠨ ᠣᠷᠣᠭᠤᠯᠤᠨ ᠠᠪᠴᠢᠷᠠᠨ᠎ᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠢ ᠨᠢᠭ᠍ᠲᠠᠷᠠᠭᠤᠯᠵᠤ᠂ 《ᠬᠣᠶᠠᠷ ᠬᠦᠷᠢᠶᠡᠯᠡᠩ》᠎ᠤ᠋ᠨ ᠲᠡᠷᠢᠭᠦᠨ ᠵᠡᠷᠭᠡ᠎ᠶ᠋ᠢᠨ ᠲᠤᠰᠭᠠᠢ ᠮᠡᠷᠭᠡᠵᠢᠯᠲᠡᠨ᠂ ᠡᠯ᠎ᠡ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ᠎ᠬᠣᠯᠪᠣᠭᠠᠯᠠᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠬᠣᠪᠣᠷ ᠱᠢᠷᠣᠢ᠎ᠶ᠋ᠢᠨ ᠰᠠᠭᠤᠷᠢ ᠤᠨᠤᠯ᠎ᠤᠨ ᠰᠤᠳᠤᠯᠭᠠᠨ᠂ ᠤᠤᠭᠠᠯ ᠡᠭᠦᠳᠦᠯᠲᠡ᠎ᠶ᠋ᠢᠨ ᠭᠣᠣᠯᠯᠠᠬᠤ ᠮᠡᠷᠭᠡᠵᠢᠯ᠎ᠦᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠤᠯᠤᠰ᠎ᠤᠨ ᠬᠣᠪᠣᠷ ᠱᠢᠷᠣᠢ᠎ᠶ᠋ᠢᠨ ᠤᠤᠭᠠᠯ ᠡᠭᠦᠳᠦᠯᠲᠡ᠎ᠶ᠋ᠢᠨ ᠮᠡᠷᠭᠡᠵᠢᠯ᠎ᠦᠨ ᠭᠤᠯᠤᠮᠳᠠ᠎ᠶ᠋ᠢ ᠰᠠᠢᠲᠤᠷ ᠴᠣᠭ᠍ᠴᠠᠯᠠᠨ᠎ᠠ᠃ ᠬᠣᠪᠣᠷ ᠱᠢᠷᠣᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠠᠯᠢ ᠲᠦᠷᠭᠡᠨ᠎ᠢᠶᠡᠷ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳᠠᠪᠠᠭᠤᠯᠢᠭ᠂ ᠠᠵᠤ ᠦᠶ᠋ᠯᠡᠰ᠎ᠦᠨ ᠳᠠᠪᠠᠭᠤᠯᠢᠭ᠂ ᠠᠵᠤ ᠠᠬᠤᠶ᠎ᠶ᠋ᠢᠨ ᠳᠠᠪᠠᠭᠤᠯᠢᠭ ᠪᠠ ᠪᠠᠢᠯᠳᠤᠬᠤ ᠪᠣᠳᠣᠯᠭ᠎ᠠ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠲᠤᠤᠷᠠᠳᠤ ᠬᠡᠯᠬᠢᠶ᠎ᠡ ᠲᠡᠢᠰᠢ ᠤᠷᠲᠤᠳᠭᠠᠬᠤ᠂ ᠥᠷᠲᠡᠭ᠎ᠦᠨ ᠬᠡᠯᠬᠢᠶ᠎ᠡ᠎ᠶ᠋ᠢ ᠳᠡᠭᠡᠳᠦ ᠲᠠᠰ ᠲᠡᠢᠰᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠬᠣᠪᠣᠷ ᠱᠢᠷᠣᠶ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠥᠷᠢᠰᠥᠯᠳᠦᠭᠡᠨ᠎ᠦ ᠳᠠᠪᠠᠭᠤᠯᠢᠭ᠎ᠢ ᠴᠢᠩᠭᠠᠳᠭᠠᠵᠤ᠂ ᠮᠠᠨ᠎ᠤ ᠤᠯᠤᠰ᠎ᠤᠨ 《ᠬᠣᠪᠣᠷ ᠱᠢᠷᠣᠶ᠎ᠶ᠋ᠢᠨ ᠲᠣᠮᠣ ᠤᠯᠤᠰ》 ᠡᠴᠡ 《ᠬᠣᠪᠣᠷ ᠱᠢᠷᠣᠶ᠎ᠶ᠋ᠢᠨ ᠬᠦᠴᠦᠷᠬᠡᠭ ᠤᠯᠤᠰ》 ᠲᠡᠢᠰᠢ ᠤᠷᠤᠭ᠍ᠰᠢᠯᠠᠬᠤ᠎ᠳᠤ ᠬᠦᠴᠦᠨ ᠨᠡᠮᠡᠷᠢᠯᠡᠨ᠎ᠠ ᠭᠡᠵᠦ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面