2023-03-07 10:25:18

ᠵᠣᠣ ᠵᠢᠶ᠄
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠂ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠲᠡᠷᠢᠭᠦᠯᠡᠭ᠌ᠴᠢ
ᠤᠯᠠᠨ ᠤᠯᠤᠰ᠎ᠤᠨ ᠬᠤᠷᠴᠠ ᠱᠢᠷᠦᠭᠦᠨ ᠥᠷᠢᠰᠥᠯᠳᠦᠭᠡᠨ᠎ᠦ ᠳᠤᠮᠳᠠ ᠂ ᠪᠢᠳᠡ ᠬᠥᠭ᠌ᠵᠢᠯᠲᠡ᠎ᠶ᠋ᠢᠨ ᠱᠢᠨ᠎ᠡ ᠬᠦᠷᠢᠶ᠎ᠡ ᠴᠠᠷᠠᠭ᠎ᠠ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠍ ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ ᠡᠨᠧᠷᠭᠢ ᠱᠢᠨ᠎ᠡ ᠳᠠᠪᠠᠭᠤᠯᠢᠭ᠎ᠢ ᠪᠤᠢ ᠪᠣᠯᠭᠠᠬᠤ᠎ᠳᠤ ᠦᠨᠳᠦᠰᠦᠨ᠎ᠡᠴᠡ ᠨᠢ ᠠᠪᠴᠤ᠌ ᠬᠡᠯᠡᠪᠡᠯ ᠮᠥᠨ ᠯᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠣᠳᠣᠬᠠᠨ᠎ᠤ ᠮᠠᠨ᠎ᠤ ᠣᠷᠣᠨ᠎ᠤ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠳᠤᠲᠠᠭᠤᠳᠠᠯ ᠮᠥᠨ ᠂ ᠪᠠᠰᠠ ᠴᠤ᠌ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠩᠭᠢᠯᠠᠭ᠎ᠠ ᠮᠥᠨ᠂ ᠡᠷᠬᠡᠪᠰᠢ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ ᠴᠢᠨᠠᠷᠲᠠᠶ ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢᠯᠠᠯ᠎ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠳᠡᠢ᠃ ᠱᠢᠨ᠎ᠡ ᠠᠶᠠᠨ᠎ᠳᠤ ᠮᠣᠷᠳᠠᠬᠤ᠎ᠳᠤ ᠂ ᠪᠢᠳᠡ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ ᠂ ᠭᠣᠣᠯᠳᠠᠭᠤ ᠳᠠᠪᠠᠭᠤᠯᠢᠭ ᠠᠵᠤ ᠦᠢᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠠ᠎ᠶ᠋ᠢ ᠪᠠᠢᠷᠢᠯᠠᠭᠤᠯᠵᠤ ᠂ ᠱᠢᠨ᠎ᠡ ᠮᠡᠷᠭᠡᠵᠢᠯ ᠂ ᠱᠢᠨ᠎ᠡ ᠠᠵᠤ ᠦᠢᠯᠡᠰ ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠂ ᠱᠢᠨ᠎ᠡ ᠵᠠᠭ᠍ᠪᠤᠷ᠎ᠢ ᠲᠦᠷᠭᠡᠨ ᠪᠣᠢᠵᠢᠭᠤᠯᠤᠨ᠎ᠠ᠃ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ ᠂ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠨᠢᠭᠡ ᠪᠦᠯᠦᠭ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠱᠢᠨ᠎ᠡ᠎ᠶ᠋ᠢ ᠡᠭᠦᠳᠬᠦ᠌ ᠣᠷᠴᠢᠨ ᠨᠥᠬᠥᠴᠡᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠵᠦ᠍ ᠂ ᠴᠢᠳᠠᠪᠤᠷᠢᠲᠠᠨ᠎ᠢ ᠦᠨᠡᠯᠡᠬᠦ᠌ ᠤᠯᠠᠨ ᠡᠱᠢᠵᠢᠭ᠌ᠰᠡᠨ ᠲᠣᠭ᠍ᠲᠠᠴᠠ᠎ᠶ᠋ᠢ ᠪᠠᠢᠭᠤᠯᠤᠨ ᠂ ᠴᠢᠳᠠᠪᠤᠷᠢᠲᠠᠨ᠎ᠤ ᠲᠤᠬᠠᠢ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ ᠂ ᠡᠯ᠎ᠡ ᠲᠦᠷᠦᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠂ ᠦᠯᠡᠳᠡᠭᠡᠵᠦ᠍ ᠳᠡᠢᠯᠬᠦ᠌ ᠂ ᠰᠠᠢᠲᠤᠷ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃