2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-07 10:10:09

ᠵᠣᠬᠢᠶᠠᠭ᠍ᠴᠢ᠄ ᠵᠠᠩ ᠺᠦᠶ ᠣᠩᠱᠢᠭ᠍ᠰᠠᠨ ᠣᠳᠠᠭ᠎ᠠ᠄ 3


1.png


ᠸᠠᠩ ᠼᠠᠢ ᠶᠦᠨ ᠄

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠂ ᠢᠯᠢ ᠪᠦᠯᠦᠭ᠌ᠯᠡᠯ᠎ᠦᠨ ᠨᠡᠷ᠎ᠡ ᠲᠦᠷᠦᠳᠤ ᠦᠢᠯᠡᠳᠬᠦᠨ᠎ᠢ ᠰᠤᠳᠤᠯᠤᠨ ᠨᠡᠭᠡᠭᠡᠬᠦ᠌ ᠳᠠᠭᠠᠭᠠᠮᠠᠯ


ᠰᠤᠳᠤᠯᠤᠨ ᠨᠡᠭᠡᠭᠡᠬᠦ᠌ ᠨᠢᠭᠡᠳᠦᠭᠡᠷ ᠹᠷᠣᠨᠲ᠎ᠲᠤ ᠰᠦ ᠵᠢᠨ ᠦᠢᠯᠡᠰ᠎ᠦᠨ ᠮᠡᠷᠭᠡᠵᠢᠯ᠎ᠦᠨ ᠰᠤᠳᠤᠯᠭᠠᠨ᠎ᠤ ᠠᠵᠢᠯ ᠬᠢᠭᠡᠳ ᠨᠢᠭᠡᠨᠲᠡ 20 ᠱᠢᠬᠠᠮ ᠵᠢᠯ ᠪᠣᠯᠪᠠ᠂ ᠪᠢ ᠳᠤᠮᠳᠠᠳᠤ ᠤᠯᠤᠰ᠎ᠤᠨ ᠬᠥᠮᠦᠨ᠎ᠦ 《ᠰᠦ ᠣᠯᠵᠤ ᠤᠤᠭᠤᠬᠤ 》 ᠡᠴᠡ 《ᠰᠠᠢᠨ ᠰᠦ ᠤᠤᠭᠤᠬᠤ》 ᠬᠤᠪᠢᠷᠠᠯᠳᠠ ᠵᠢ ᠨᠢᠳᠤ ᠪᠡᠷ ᠵᠢᠡᠨ ᠦᠵᠡᠭᠰᠡᠨ ᠪᠥᠭᠡᠳ ᠳᠤᠮᠳᠠᠳᠤ ᠤᠯᠤᠰ᠎ᠤᠨ ᠰᠦ ᠵᠢᠨ ᠦᠢᠯᠡᠰ᠎ᠦᠨ 《ᠬᠣᠴᠣᠷᠤᠩᠭᠤᠢ 》 ᠡᠴᠡ 《ᠣᠳᠣᠬᠢᠴᠢᠯᠠᠭ᠍ᠰᠠᠨ 》 ᠲᠡᠢᠰᠢ ᠬᠡᠯᠪᠡᠷᠢ᠎ᠪᠡᠨ ᠬᠤᠪᠢᠷᠠᠭᠤᠯᠬᠤ ᠱᠢᠪᠲᠤᠯᠤᠯᠲᠠ᠎ᠳᠤ ᠪᠡᠶ᠎ᠡ᠎ᠪᠡᠷ᠎ᠢᠶᠡᠨ ᠣᠷᠣᠯᠴᠠᠭ᠍ᠰᠠᠨ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳ᠋ᠤ 《ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠲᠣᠭ᠍ᠲᠠᠪᠤᠷᠢᠵᠢᠭᠤᠯᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ》 ᠭᠡᠵᠦ᠍ ᠳᠤᠷᠠᠳᠤᠬᠰᠠᠨ ᠨᠢ ᠨᠠᠮᠠᠶ᠋ᠢ ᠰᠦ ᠰᠠᠭᠠᠯᠢ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠢᠷᠡᠭᠡᠳᠦᠶ᠎ᠳᠦ ᠢᠲᠡᠭᠡᠯ ᠳᠦᠭᠦᠷᠡᠩ ᠪᠣᠯᠭᠠᠪᠠ᠃

ᠣᠳᠣᠬᠠᠨ᠎ᠳᠤ ᠂ ᠰᠦ ᠵᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠳᠦ ᠪᠠᠰᠠ ᠴᠥᠭᠡᠨ ᠪᠤᠰᠤ 《ᠪᠣᠭᠣᠮᠢ》 ᠵᠢᠨ ᠠᠰᠠᠭᠤᠳᠠᠯ᠎ᠢ ᠱᠢᠶ᠋ᠳᠪᠦᠷᠢᠯᠡᠬᠦ᠌ ᠴᠢᠬᠤᠯᠠᠲᠠᠶ ᠪᠠᠢᠨ᠎ᠠ᠃ ᠦᠨᠳᠦᠰᠦᠨ ᠱᠠᠲᠤᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ ᠂ ᠪᠢ 《ᠦᠶ᠋ᠯᠡᠳᠪᠦᠷᠢᠯᠡᠬᠦ᠌ ᠵᠢᠭᠠᠨ ᠰᠤᠷᠭᠠᠬᠤ ᠰᠤᠳᠤᠯᠬᠤ ᠬᠡᠷᠡᠭ᠌ᠯᠡᠬᠦ᠌᠎ᠶ᠋ᠢ ᠨᠢᠭᠡ ᠴᠣᠭ᠍ᠴᠠᠵᠢᠭᠤᠯᠬᠤ》ᠳᠠᠢᠴᠢᠯᠠᠬᠤ ᠦᠢᠯᠡᠳᠦᠯ ᠪᠠ ᠬᠠᠮᠵᠢᠯᠴᠠᠨ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠴᠢᠩᠭᠠᠳᠭᠠᠬᠤ᠎ᠪᠠᠷ ᠳᠠᠮᠵᠢᠭᠤᠯᠤᠨ ᠂ ᠢᠯᠠᠩᠭᠤᠶ᠎ᠠ ᠱᠢᠨ᠎ᠡ ᠬᠡᠯᠪᠡᠷᠢ᠎ᠶ᠋ᠢᠨ ᠴᠠᠭᠠᠨ ᠢᠳᠡᠭᠡᠨ ᠡᠳ᠋ᠱᠢᠭᠦᠯᠬᠦ᠌ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌ ᠵᠡᠷᠭᠡ ᠠᠵᠢᠯ ᠲᠥᠷᠥᠯ᠎ᠦᠨ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠤ ᠭᠦᠨᠵᠡᠭᠡᠶ ᠪᠣᠳᠠᠲᠠᠶ ᠬᠢᠵᠦ᠍ ᠂ 《ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ》 ᠳ᠋ᠤ ᠬᠦᠴᠦᠨ ᠨᠡᠮᠡᠷᠢᠯᠡᠵᠦ᠍ ᠂ ᠰᠦ ᠵᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠦᠶ᠋ᠯᠡᠳᠪᠦᠷᠢᠯᠡᠯ᠎ᠦᠨ ᠥᠷᠲᠡᠭ᠎ᠢ ᠦᠷ᠎ᠠ ᠠᠱᠢᠭ ᠪᠣᠯᠭᠠᠨ ᠬᠤᠪᠢᠷᠠᠭᠤᠯᠵᠤ ᠂ ᠮᠠᠯᠴᠢᠨ ᠲᠠᠷᠢᠶᠠᠴᠢᠨ᠎ᠤ ᠤᠷᠤᠯᠭ᠎ᠠ ᠵᠢ ᠨᠡᠮᠡᠭᠳᠡᠬᠦᠯᠵᠦ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面