2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-07 10:20:11

ᠵᠣᠬᠢᠶᠠᠭ᠍ᠴᠢ᠄ ᠠᠨ ᠶᠢᠨ ᠳ᠋ᠦᠩ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3


2.png



ᠸᠠᠩ ᠵᠧᠨ ᠄

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠂ ᠣᠷᠳᠣᠰ᠎ᠤᠨ ᠪᠠᠯᠠ ᠣᠷᠣᠭᠤᠯᠤᠯᠲᠠ᠎ᠶ᠋ᠢᠨ ᠬᠤᠪᠢ ᠡᠵᠡᠮᠳᠡᠭ᠌ᠰᠡᠨ ᠪᠦᠯᠦᠭ᠌ᠯᠡᠯᠲᠦ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠵᠠᠬᠢᠷᠤᠯ᠂ ᠣᠷᠳᠣᠰ᠎ᠤᠨ ᠡᠬᠢ ᠪᠠᠶᠠᠯᠢᠭ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ


ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ ᠪᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠲᠣᠳᠣᠷᠬᠠᠶ ᠲᠣᠭ᠍ᠲᠠᠭᠠᠪᠠ᠃ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠶ᠎ᠶ᠋ᠢᠨ ᠬᠦᠷᠢᠶᠡᠨ᠎ᠳᠡᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ ᠪᠢ ᠶᠡᠬᠡᠳᠡ ᠵᠣᠷᠢᠭ᠍ᠵᠢᠵᠤ ᠪᠠᠢᠬᠤ ᠪᠥᠭᠡᠳ ᠢᠲᠡᠭᠡᠯ ᠳᠦᠭᠦᠷᠡᠩ ᠪᠠᠢᠨ᠎ᠠ᠃

ᠮᠢᠨᠦ᠍ ᠦᠵᠡᠬᠦ᠌᠎ᠪᠡᠷ ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠠᠰ ᠳᠡᠪᠱᠢᠬᠦ᠌᠎ᠶ᠋ᠢ ᠠᠬᠢᠭᠤᠯᠬᠤ᠎ᠳᠤ ᠂ ᠣᠷᠣᠨ ᠪᠦᠰᠡ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠢᠯ᠎ᠤᠨ ᠬᠤᠪᠢᠶᠠᠷᠢᠯᠠᠯ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍ ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌ ᠠᠵᠤ ᠦᠶ᠋ᠯᠡᠰ᠎ᠦᠨ ᠬᠣᠯᠪᠣᠭ᠎ᠠ᠎ᠶ᠋ᠢ ᠪᠠᠢᠭᠤᠯᠵᠤ ᠂ ᠲᠣᠮᠣ ᠠᠵᠤ ᠦᠶ᠋ᠯᠡᠰ᠎ᠦᠨ ᠪᠦᠯᠦᠭ᠌ᠵᠢᠯ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠪᠡᠷ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠳᠦ ᠣᠷᠣᠯᠴᠠᠬᠤ᠎ᠶ᠋ᠢᠨ ᠬᠠᠮᠲᠤ 《ᠡᠭᠦᠷ ᠪᠠᠢᠭᠤᠯᠤᠨ ᠭᠠᠷᠤᠳᠢ᠎ᠶ᠋ᠢ ᠲᠠᠲᠠᠬᠤ》 ᠎ᠪᠠᠷ ᠳᠠᠮᠵᠢᠭᠤᠯᠤᠨ ᠴᠢᠳᠠᠪᠤᠷᠢᠲᠠᠨ᠎ᠢ ᠲᠥᠪᠯᠡᠷᠡᠭᠦᠯᠦᠨ ᠠᠵᠢᠯ ᠲᠥᠷᠥᠯ᠎ᠦᠨ ᠮᠡᠷᠭᠡᠵᠢᠯ᠎ᠦᠨ ᠪᠡᠷᠬᠡ ᠪᠣᠭᠣᠮᠲᠠ᠎ᠶ᠋ᠢ ᠱᠢᠪᠲᠤᠯᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠴᠢᠬᠤᠯᠠᠳᠠᠢ᠃ ᠥᠪᠥᠷ ᠮᠣᠩᠭᠣᠯ᠎ᠤᠨ ᠣᠷᠣᠨ ᠨᠤᠲᠤᠭ᠎ᠤᠨ ᠠᠵᠤ ᠠᠬᠤᠢᠯᠠᠯ ᠪᠠ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ ᠂ ᠣᠷᠳᠣᠰ ᠪᠦᠯᠦᠭ᠌ᠯᠡᠯ ᠢᠲᠡᠭᠡᠯ ᠵᠣᠷᠢᠭ᠎ᠢᠶᠠᠨ ᠪᠠᠲᠤᠳᠭᠠᠵᠤ ᠂ ᠡᠷᠡᠮᠡᠬᠡᠢᠯᠡᠨ ᠤᠷᠤᠭ᠍ᠰᠢᠯᠠᠵᠤ ᠂ ᠳᠤᠮᠳᠠᠳᠤ ᠤᠯᠤᠰ᠎ᠤᠨ ᠢᠮᠠᠭᠠᠨ ᠨᠣᠤᠯᠤᠭᠤᠷ ᠨᠡᠬᠡᠮᠡᠯ᠎ᠦᠨ ᠠᠵᠤ ᠦᠶ᠋ᠯᠡᠰ᠎ᠦᠨ ᠴᠢᠨᠠᠷ ᠰᠠᠢᠲᠠᠶ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠵᠤ ᠂ ᠪᠥᠬᠥ᠌ ᠣᠷᠣᠨ᠎ᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠥᠷᠭᠡᠳᠭᠡᠬᠦ᠌ ᠂ ᠲᠠᠰ ᠳᠡᠪᠱᠢᠬᠦ᠌ ᠳᠤᠮᠳᠠ ᠬᠦᠴᠦᠨ ᠴᠢᠳᠠᠯ᠎ᠢᠶᠠᠨ ᠡᠷᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面