2023-03-07 10:30:27

ᠯᠢᠩ ᠶᠦᠨ
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠂ ᠮᠠᠨᠵᠤᠤᠷ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ
ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠬᠤ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠤᠯᠭᠠᠮᠡᠭᠦᠷᠭᠡᠶ᠋ᠢᠨ ᠨᠢᠭᠡ ᠪᠣᠯᠤᠨ᠎ᠠ᠃ ᠮᠠᠨᠵᠤᠤᠷ᠎ᠨᠢ ᠬᠢᠯᠢ᠎ᠶ᠋ᠢᠨ ᠪᠣᠭᠣᠮᠲᠠ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ ᠂ ᠰᠠᠭᠠᠳ ᠥᠬᠡᠶ ᠨᠡᠪᠲᠡᠷᠡᠬᠦ᠌ ᠵᠠᠮ ᠂ ᠬᠢᠯᠢ᠎ᠶ᠋ᠢᠨ ᠪᠣᠭᠣᠮᠲᠠ᠎ᠶ᠋ᠢ ᠬᠦᠴᠦᠷᠬᠡᠭ᠌ᠵᠢᠭᠦᠯᠬᠦ᠌ ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠴᠢᠬᠤᠯᠠ ᠶᠡᠬᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠳᠠᠭᠠᠬᠤ ᠪᠠ ᠦᠶ᠋ᠯᠡᠴᠢᠯᠡᠬᠦ᠌ ᠳᠤᠮᠳᠠ ᠲᠠᠯᠪᠢᠵᠤ ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠳᠤᠮᠳᠠ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠴᠡᠭ᠎ᠦᠨ ᠦᠶ᠋ᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠬᠤ ᠬᠡᠷᠡᠭ᠌ᠲᠡᠶ᠃
ᠪᠣᠳᠠᠲᠠᠶ ᠨᠠᠢᠳᠠᠪᠤᠷᠢᠵᠢᠭᠤᠯᠬᠤ ᠳᠤᠮᠳᠠ ᠂ ᠪᠢᠳᠡ 《 ᠪᠣᠭᠣᠮᠲᠠ᠎ᠶ᠋ᠢ ᠬᠦᠴᠦᠷᠬᠡᠭ᠌ᠵᠢᠭᠦᠯᠬᠦ᠌ ᠂ ᠠᠵᠤ ᠦᠶ᠋ᠯᠡᠰ᠎ᠢ ᠱᠢᠯᠢᠳᠡᠭ᠌ᠵᠢᠭᠦᠯᠬᠦ᠌ ᠂ ᠲᠠᠪᠴᠠᠩ᠎ᠢ ᠪᠤᠵᠠᠭᠠᠢᠷᠠᠭᠤᠯᠬᠤ 》 ᠭᠤᠷᠪᠠᠨ ᠶᠠᠪᠤᠳᠠᠯ᠎ᠢ ᠰᠠᠢᠲᠤᠷ ᠠᠳᠭᠤᠵᠤ ᠂ ᠣᠳᠣᠬᠢᠴᠢᠯᠠᠭ᠍ᠰᠠᠨ ᠣᠯᠠᠨ ᠤᠯᠤᠰ᠎ᠤᠨ ᠡᠬᠡ ᠬᠠᠭᠤᠷᠠᠶ᠎ᠶ᠋ᠢᠨ ᠭᠠᠷᠠᠮ᠎ᠢ ᠪᠥᠲᠥᠭᠡᠨ ᠪᠠᠢᠭᠤᠯᠬᠤ᠎ᠪᠠᠷ ᠳᠠᠭᠠᠭᠤᠯᠤᠭ᠍ᠴᠢ ᠪᠣᠯᠭᠠᠵᠤ ᠂ ᠡᠨᠡ ᠵᠢᠯ ᠪᠣᠭᠣᠮᠲᠠ᠎ᠪᠠᠷ ᠥᠩᠭᠡᠷᠡᠬᠦ᠌ ᠪᠠᠷᠠᠭ᠎ᠠ᠎ᠶ᠋ᠢᠨ ᠬᠡᠮᠵᠢᠶ᠎ᠡ᠎ᠶ᠋ᠢ 20% ᠪᠠᠷ ᠨᠡᠮᠡᠭ᠌ᠳᠡᠭᠦᠯᠵᠦ᠍ ᠂ 2000 ᠲᠦᠮᠡᠨ ᠲᠣᠨ᠎ᠤ ᠶᠡᠬᠡ ᠪᠣᠭᠣᠮᠲᠠ᠎ᠶ᠋ᠢ ᠳᠠᠪᠠᠬᠤ᠎ᠪᠠᠷ ᠴᠢᠷᠮᠠᠢᠨ᠎ᠠ; ᠠᠷᠭ᠎ᠠ ᠪᠦᠬᠦᠨ᠎ᠢ ᠰᠦᠪᠡᠭᠴᠢᠯᠡᠨ᠂ ᠴᠢᠬᠤᠯᠠ ᠶᠡᠬᠡ ᠰᠡᠳᠦᠪ᠎ᠢ ᠱᠢᠶ᠋ᠳᠪᠦᠷᠢᠯᠡᠬᠦ᠌᠎ᠪᠡᠷ ᠬᠥᠲᠥᠯᠥᠯ ᠪᠣᠯᠭᠠᠵᠤ ᠂ ᠡᠨᠡ ᠵᠢᠯ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 15% ᠡᠴᠠ ᠳᠡᠭᠡᠭ᠌ᠰᠢ ᠨᠡᠮᠡᠭ᠌ᠳᠡᠭᠦᠯᠬᠦ᠌᠎ᠪᠡᠷ ᠴᠢᠷᠮᠠᠢᠵᠤ ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠪᠠᠯᠠ ᠮᠥᠩᠭᠥ᠎ᠶ᠋ᠢ 20 % ᠡᠴᠠ ᠳᠡᠭᠡᠭ᠌ᠰᠢ ᠨᠡᠮᠡᠭ᠌ᠳᠡᠭᠦᠯᠦᠨ᠎ᠡ; ᠡᠯ᠎ᠡ ᠲᠥᠷᠥᠯ᠎ᠦᠨ ᠨᠡᠭᠡᠭᠡᠯᠲᠡ᠎ᠶ᠋ᠢᠨ ᠲᠠᠪᠴᠠᠩ᠎ᠢᠶᠠᠷ ᠲᠤᠯᠭᠠᠭᠤᠷᠢᠯᠠᠯ ᠪᠣᠯᠭᠠᠵᠤ᠂ ᠲᠠᠪᠴᠠᠩ᠎ᠤᠨ ᠦᠶ᠋ᠯᠡᠳᠦᠯ᠎ᠢ ᠪᠠᠳᠠᠷᠠᠭᠤᠯᠬᠤ ᠂ ᠠᠷᠠᠯᠵᠢᠶᠠᠨ᠎ᠤ ᠪᠦᠲᠦᠴᠡ᠎ᠶ᠋ᠢ ᠱᠢᠯᠢᠳᠡᠭ᠌ᠵᠢᠭᠦᠯᠬᠦ᠌ ᠂ ᠠᠷᠠᠯᠵᠢᠶᠠᠨ᠎ᠤ ᠬᠡᠪᠴᠢᠶ᠎ᠡ᠎ᠶ᠋ᠢ ᠪᠤᠵᠠᠭᠠᠢᠷᠠᠭᠤᠯᠬᠤ ᠵᠡᠷᠭᠡ ᠲᠠᠯ᠎ᠠ᠎ᠪᠠᠷ ᠶᠡᠷᠦᠩᠬᠡᠢᠯᠡᠨ ᠬᠦᠴᠦᠯᠡᠵᠦ᠍ ᠂ ᠡᠨᠡ ᠵᠢᠯ ᠭᠠᠳᠠᠭᠠᠳᠤ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠬᠡᠮᠵᠢᠶ᠎ᠡ᠎ᠶ᠋ᠢ 20 % ᠡᠴᠡ ᠳᠡᠭᠡᠭ᠌ᠰᠢ ᠨᠡᠮᠡᠭ᠌ᠳᠡᠭᠦᠯᠬᠦ᠌᠎ᠪᠡᠷ ᠴᠢᠷᠮᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃