2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-07 10:42:27

ᠵᠣᠬᠢᠶᠠᠭ᠍ᠴᠢ᠄ ᠵᠠᠩ ᠺᠦᠶ᠂ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠤᠨᠤᠰᠤᠭᠠᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠸᠠᠩ ᠸᠠᠩ ᠱᠧᠩ ᠮᠠᠰᠢ ᠤᠷᠮᠠᠱᠢᠨ ᠵᠣᠷᠢᠭ᠍ᠵᠢᠪᠠ᠃ ᠲᠡᠷᠡ᠂ ᠢᠯᠡᠳᠭᠡᠯ᠎ᠳᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠲᠤᠭᠤᠱᠢᠯᠠᠭ᠍ᠳᠠᠵᠤ᠂ ᠬᠦᠮᠦᠰ᠎ᠤᠨ ᠰᠡᠳᠭᠢᠯ᠎ᠢ ᠬᠦᠪᠴᠢᠯᠡᠵᠦ ᠤᠷᠮᠠᠱᠢᠭᠤᠯᠤᠨ ᠵᠣᠷᠢᠭ᠍ᠵᠢᠭᠤᠯᠤᠯ᠎ᠠ ᠭᠡᠯ᠎ᠡ᠃


QQ截图20230307103714.png


《ᠥᠩᠭᠡᠷᠡᠭ᠌ᠰᠡᠨ 5 ᠵᠢᠯ᠎ᠳᠦ᠂ ᠳᠡᠯᠡᠬᠡᠢ᠎ᠶ᠋ᠢᠨ ᠵᠠᠭᠤᠨ ᠵᠢᠯ᠎ᠦᠨ ᠬᠤᠪᠢᠰᠤᠯᠳᠠ ᠲᠦᠷᠭᠡᠳᠴᠦ᠂ ᠱᠢᠨ᠎ᠡ ᠲᠢᠲᠢᠮᠯᠢᠭ ᠸᠢᠷᠦ᠋ᠰ ᠤ᠋ᠨ ᠬᠢᠵᠢᠭ᠎ᠦᠨ ᠪᠠᠢᠳᠠᠯ᠎ᠤᠨ ᠳᠠᠭᠠᠷᠢᠯᠳᠠ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ ᠵᠢᠨ ᠮᠠᠭᠤᠳᠠᠯ ᠵᠡᠷᠭᠡ ᠤᠯᠠᠨ ᠱᠢᠯᠭᠠᠯᠲᠠ᠎ᠶ᠋ᠢᠨ ᠡᠮᠦᠨ᠎ᠡ ᠂ ᠪᠢᠳᠡ ᠠᠷᠠᠳ ᠲᠦᠮᠡᠨ᠎ᠳ᠋ᠤ ᠬᠠᠨᠤᠮᠵᠢᠲᠠᠢ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃ ᠡᠨᠡ ᠪᠣᠯ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠱᠢᠨᠵᠢᠯᠡᠬᠦ᠌ ᠤᠬᠠᠭᠠᠨᠴᠢ᠎ᠵᠢᠯᠤᠭᠤᠳᠤᠯᠭ᠎ᠠ ᠵᠢᠨ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ》᠃ ᠸᠠᠩ ᠸᠠᠩ ᠱᠧᠩ᠂ ᠤᠯᠠᠭᠠᠨᠬᠠᠳᠠ ᠬᠣᠲᠠ ᠵᠠᠰᠠᠭ᠎ᠤᠨ ᠣᠷᠳᠣᠨ ᠎ᠤ ᠠᠵᠢᠯ᠎ᠤᠨ ᠢᠯᠡᠳᠭᠡᠯ᠎ᠳᠦ ᠳᠤᠷᠠᠳᠤᠭ᠍ᠰᠠᠨ ᠪᠠᠢᠷᠢᠯᠠᠭᠤᠯᠤᠯᠲᠠ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠲᠠᠪᠤᠨ ᠶᠡᠬᠡ ᠡᠭᠦᠷᠭᠡ》 ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠳᠠᠷᠤᠯᠲᠠ᠎ᠪᠠᠨ ᠨᠡᠮᠡᠭ᠌ᠳᠡᠭᠦᠯᠦᠨ ᠡᠷᠡᠯᠬᠡᠭ᠌ᠯᠡᠨ ᠤᠷᠤᠭ᠍ᠰᠢᠯᠠᠵᠤ᠂ ᠢᠳᠡᠪᠬᠢᠲᠡᠶ ᠪᠡᠷ ᠤᠷᠤᠭ᠍ᠰᠢᠯᠠᠨ ᠳᠡᠪᠱᠢᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃

《ᠤᠯᠠᠭᠠᠨᠬᠠᠳᠠ ᠬᠣᠲᠠ ᠵᠢᠷᠭᠤᠭᠠᠨ ᠲᠠᠯ᠎ᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》ᠬᠡᠵᠦ ᠸᠠᠩ ᠸᠠᠩ ᠱᠧᠩ ᠬᠡᠯᠡᠨ᠎ᠠ᠃ ᠨᠢᠭᠡ᠎ᠳᠦ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠨ᠎ᠡ᠃ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ 《ᠬᠤᠤᠰ ᠮᠢᠩᠭᠠᠨ》 ᠢᠨᠵᠧᠨᠧᠷᠢᠩ᠎ᠢ ᠪᠥᠬᠥ᠌ ᠬᠦᠴᠦᠨ᠎ᠢᠶᠡᠷ ᠬᠡᠷᠡᠭ᠌ᠵᠢᠭᠦᠯᠵᠦ᠍᠂ ᠵᠢᠯ᠎ᠦᠨ ᠳᠣᠲᠣᠷ᠎ᠠ 1000 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠵᠢᠯ᠎ᠦᠨ ᠳᠣᠲᠣᠷ᠎ᠠ ᠭᠡᠷ᠎ᠡ ᠲᠣᠭ᠍ᠲᠠᠵᠤ ᠠᠷᠠᠯᠵᠢᠶᠠᠴᠢᠨ ᠤᠷᠢᠬᠤ ᠲᠥᠷᠥᠯ ᠵᠦᠶ᠋ᠯ᠎ᠢ 1000 ᠎ᠡᠴᠡ ᠳᠡᠭᠡᠭ᠌ᠰᠢ ᠴᠢᠷᠮᠠᠢᠨ ᠤᠯᠵᠤ᠂ ᠨᠠᠶ᠋ᠮᠠᠨ ᠶᠡᠬᠡ ᠠᠵᠤ ᠦᠶ᠋ᠯᠡᠰ᠎ᠦᠨ ᠪᠦᠯᠦᠭ᠌ᠵᠢᠯ ᠪᠠ 18 ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ᠂ ᠭᠤᠤᠯᠳᠠᠯᠭ᠎ᠠ᠎ᠲᠠᠶ ᠭᠠᠵᠠᠷ ᠣᠷᠣᠨ᠎ᠳ᠋ᠤ ᠤᠨᠤᠴᠠᠳᠠᠢ ᠠᠷᠠᠯᠵᠢᠶᠠᠴᠢᠨ ᠤᠷᠢᠬᠤ᠎ᠶ᠋ᠢ ᠥᠷᠨᠢᠭᠦᠯᠵᠦ᠍᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠵᠢ 《ᠠᠬᠢᠭᠤᠯᠬᠤ》 ᠪᠠᠷ ᠠᠵᠤ ᠠᠬᠤᠶ᠎ᠶ᠋ᠢᠨ ᠬᠥᠭ᠌ᠵᠢᠯᠲᠡ᠎ᠶ᠋ᠢᠨ 《ᠲᠣᠭ᠍ᠲᠠᠭᠤᠨ》 ᠢ᠋ ᠲᠤᠯᠭᠠᠭᠤᠷᠢᠯᠠᠨ᠎ᠠ᠃ ᠬᠣᠶᠠᠷ᠎ᠲᠤ᠂ ᠬᠡᠷᠡᠭ᠌ᠯᠡᠭᠡᠨ᠎ᠦ ᠨᠦᠬᠡᠴᠡ ᠬᠦᠴᠦᠨ᠎ᠢ ᠪᠠᠳᠠᠷᠠᠭᠤᠯᠤᠨ᠎ᠠ᠃ ᠣᠯᠠᠨ ᠶᠠᠩᠵᠤ ᠬᠡᠯᠪᠡᠷᠢ᠎ᠶ᠋ᠢᠨ ᠪᠣᠷᠣᠯᠠᠭᠤᠯᠭ᠎ᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠭᠤᠤᠯᠳᠠᠯᠭ᠎ᠠ᠎ᠲᠠᠶ ᠬᠤᠳᠠᠯᠳᠤᠭᠠᠨ᠎ᠤ ᠲᠣᠭᠣᠷᠢᠭ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠡᠮᠵᠢᠵᠦ᠍᠂ ᠵᠢᠭᠤᠯᠴᠢᠯᠠᠯ᠎ᠤᠨ ᠬᠠᠯᠠᠮᠰᠢᠯ ᠢ᠋ ᠦᠷᠭᠦᠯᠵᠢᠯᠡᠨ ᠳᠡᠭᠡᠭ᠌ᠰᠢᠯᠡᠭᠦᠯᠵᠦ᠍᠂ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠲᠦᠷᠭᠡᠨ ᠰᠠᠢᠵᠢᠷᠠᠬᠤ᠎ᠶ᠋ᠢ ᠠᠬᠢᠭᠤᠯᠤᠨ᠎ᠠ᠃ ᠭᠤᠷᠪᠠ᠎ᠳᠤ᠂ ᠠᠵᠤ ᠦᠢᠯᠡᠰ᠎ᠦᠨ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠥᠪᠥᠷ ᠮᠣᠩᠭᠣᠯ᠎ᠤᠨ ᠵᠡᠭᠦᠨ ᠬᠡᠰᠡᠭ᠎ᠦᠨ ᠠᠵᠤ ᠦᠢᠯᠡᠰ᠎ᠦᠨ ᠱᠢᠯᠵᠢᠯᠲᠡ᠎ᠶ᠋ᠢ ᠵᠤᠯᠭᠠᠭᠤᠯᠬᠤ ᠠᠱᠢᠭ᠍ᠲᠠᠢ ᠠᠵᠠ ᠲᠣᠬᠢᠶᠠᠯ ᠢ᠋ ᠡᠵᠡᠮᠳᠡᠨ᠂ ᠲᠠᠷᠢᠶᠠᠯᠠᠩ ᠮᠠᠯ ᠠᠵᠤ ᠠᠬᠤᠢ᠎ᠶ᠋ᠢᠨ 《ᠰᠠᠭᠤᠷᠢ᠎ᠶ᠋ᠢ ᠪᠡᠬᠢᠵᠢᠬᠦᠯᠬᠦ ᠠᠵᠢᠯᠯᠠᠭ᠎ᠠ》 ᠶ᠋ᠢ ᠲᠦᠷᠭᠡᠳᠭᠡᠨ ᠬᠡᠷᠡᠭ᠌ᠵᠢᠭᠦᠯᠵᠦ᠍᠂ ᠠᠵᠤ ᠦᠶ᠋ᠯᠡᠳᠪᠦᠷᠢ᠎ᠶ᠋ᠢ 《ᠳᠠᠬᠢᠨ᠎ᠢᠶᠠᠷ ᠨᠡᠮᠡᠭ᠌ᠳᠡᠭᠦᠯᠬᠦ᠌ ᠠᠵᠢᠯᠯᠠᠭ᠎ᠠ》 ᠶ᠋ᠢ ᠬᠦᠴᠦᠲᠡᠢ ᠠᠬᠢᠭᠤᠯᠤᠨ᠂ ᠦᠢᠯᠡᠴᠢᠯᠡᠭᠡᠨ᠎ᠦ ᠦᠢᠯᠡᠰ᠎ᠦᠨ 《ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ》 ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠪᠤᠵᠠᠭᠠᠢᠷᠠᠭᠤᠯᠤᠨ᠂ ᠬᠥᠭ᠌ᠵᠢᠯᠲᠡ᠎ᠶ᠋ᠢᠨ ᠴᠢᠳᠠᠪᠤᠷᠢ ᠳᠡᠰ᠎ᠢ ᠳᠡᠭᠡᠭ᠌ᠰᠢᠯᠡᠭᠦᠯᠦᠨ᠎ᠡ᠃ ᠳᠥᠷᠪᠡ᠎ᠳᠦ᠂ ᠬᠥᠭ᠌ᠵᠢᠯᠲᠡ᠎ᠶ᠋ᠢᠨ ᠣᠷᠴᠢᠨ ᠲᠣᠭᠣᠷᠢᠨ ᠢ᠋ ᠱᠢᠯᠢᠳᠡᠭ᠌ᠵᠢᠭᠦᠯᠦᠨ᠎ᠡ᠃ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠱᠢᠨ᠎ᠡ ᠥᠨᠳᠥᠷᠯᠢᠭ᠎ᠢ ᠪᠣᠶ ᠪᠣᠯᠭᠠᠨ᠎ᠠ; ᠥᠭᠡᠷᠡᠴᠢᠯᠡᠯᠲᠡ᠎ᠪᠡᠷ ᠬᠦᠳᠦᠯᠦᠨ ᠳᠠᠭᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠦᠷ᠎ᠡ ᠠᠱᠢᠭ᠎ᠢᠶᠠᠨ ᠨᠡᠮᠡᠭ᠌ᠳᠡᠭᠦᠯᠵᠦ᠍ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠭᠤᠷᠪᠠᠨ ᠵᠢᠯ᠎ᠦᠨ ᠠᠵᠢᠯᠯᠠᠭ᠎ᠠ ᠵᠡᠷᠭᠡ ᠥᠭᠡᠷᠡᠴᠢᠯᠡᠯᠲᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ; ᠱᠢᠨ᠎ᠡ᠎ᠶ᠋ᠢ ᠡᠭᠦᠳᠬᠦ᠌᠎ᠪᠡᠷ ᠳᠠᠢᠴᠢᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠨᠡᠪᠴᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠬᠡᠭᠰᠢᠯᠡᠬᠦᠯᠦᠨ᠎ᠡ᠃ ᠲᠠᠪᠤ᠎ᠳᠤ᠂ ᠬᠣᠲᠠ ᠬᠥᠳᠡᠭᠡ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠶ ᠲᠦᠯᠦᠪᠵᠢᠬᠦᠯᠦᠨ᠎ᠡ᠃ ᠬᠤᠲᠠ᠎ᠶ᠋ᠢᠨ ᠰᠢᠨᠡᠴᠢᠯᠡᠬᠦ ᠠᠵᠢᠯᠯᠠᠭ᠎ᠠ ᠵᠢ ᠦᠨᠳᠦᠷ ᠪᠠᠷᠢᠮᠵᠢᠶ᠎ᠠ ᠪᠡᠷ ᠬᠡᠷᠡᠭᠵᠢᠬᠦᠯᠵᠦ᠂ ᠬᠤᠳᠠ ᠵᠢ ᠥᠨᠳᠥᠷ ᠲᠦᠪᠱᠢᠨ ᠵᠢᠡᠷ ᠡᠵᠡᠩᠨᠡᠨ ᠬᠠᠮᠢᠶᠠᠷᠴᠤ ᠂ ᠰᠠᠭᠤᠷᠢ ᠲᠦᠬᠦᠬᠡᠷᠦᠮᠵᠢ ᠵᠢ ᠦᠨᠳᠦᠷ ᠪᠠᠷᠢᠮᠵᠢᠶ᠎ᠠ ᠪᠡᠷ ᠪᠦᠳᠦᠬᠡᠨ ᠪᠠᠢᠭᠤᠯᠵᠤ᠂ ᠬᠤᠲᠠ ᠬᠥᠳᠡᠭᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠪᠠᠲᠤᠯᠠᠬᠤ ᠴᠢᠳᠠᠪᠤᠷᠢ ᠪᠠ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠵᠢᠷᠭᠤᠭ᠎ᠠ᠎ᠳᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠦᠨ᠎ᠡ᠃ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠡᠮ ᠡᠮᠨᠡᠯᠭᠡ ᠡᠷᠡᠭᠦᠯ ᠮᠡᠨᠳᠦ᠂ ᠨᠡᠢᠭᠡᠮ᠎ᠦᠨ ᠦᠨᠳᠦᠰᠦᠨ ᠵᠦᠶ᠋ᠯ᠎ᠢ ᠪᠠᠲᠤᠯᠠᠬᠤ ᠵᠡᠷᠭᠡ ᠡᠯ᠎ᠡ ᠲᠥᠷᠥᠯ᠎ᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯ᠎ᠢ ᠲᠣᠪᠣᠢᠮ᠎ᠠ ᠰᠠᠢᠲᠤᠷ ᠠᠳᠭᠤᠵᠤ᠂ 2023 ᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠠᠷᠢᠨ ᠲᠠᠩᠰᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面