2023-03-07 10:52:33
ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠤᠯᠤᠨ ᠦᠨᠢ ᠤᠳᠠᠭᠠᠨ ᠬᠥᠭᠵᠢᠯᠲᠡ ᠲᠠᠢ ᠬᠣᠯᠪᠣᠭᠳᠠᠬᠤ ᠮᠢᠩᠭᠠᠨ ᠣᠨ᠎ᠤ ᠶᠡᠬᠡ ᠪᠣᠳᠣᠯᠭ᠎ᠠ ᠮᠥᠨ᠃ ᠣᠢᠷ᠎ᠠ᠎ᠶᠢᠨ ᠵᠢᠯ᠎ᠡᠴᠡ᠂ ᠨᠠᠮ᠎ᠤᠨ ᠲᠥᠪ ᠬᠣᠷᠢᠶ᠎ᠠ᠎ᠠᠴᠠ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢ ᠤᠯᠤᠰ᠎ᠤᠨ ᠪᠠᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠬᠠᠳᠤᠨ ᠭᠣᠣᠯ ᠳᠠᠭᠠᠤ᠎ᠶᠢᠨ 9 ᠮᠤᠵᠢ ᠣᠷᠣᠨ ᠴᠤ᠌ ᠵᠠᠯᠭᠠᠭ᠎ᠠ ᠪᠡᠷ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠠᠮᠢ ᠠᠬᠤᠢ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠪᠠ᠃

《ᠣᠢᠷ᠎ᠠ ᠶ᠋ᠢᠨ ᠵᠢᠯ᠎ᠡᠴᠡ ᠨᠠᠭᠠᠰᠢ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠶ᠋ᠢᠨ ᠣᠷᠴᠢᠨ ᠨᠥᠬᠥᠴᠡᠯ ᠦᠷᠭᠦᠯᠵᠢᠯᠡᠨ ᠰᠠᠢᠵᠢᠷᠠᠵᠤ᠂ ᠠᠵᠤ ᠠᠬᠤᠢ ᠶ᠋ᠢᠨ ᠬᠥᠭᠵᠢᠯᠲᠡ ᠶ᠋ᠢᠨ ᠬᠢᠷᠢ ᠲᠦᠪᠰᠢᠨ ᠲᠠᠰᠤᠷᠠᠯᠲᠠ ᠦᠭᠡᠢ ᠳᠡᠬᠡᠭᠰᠢᠯᠡᠪᠡ᠃ ᠬᠡᠪᠡᠴᠦ ᠬᠠᠲᠤᠨ ᠭᠣᠣᠯ ᠳᠠᠭᠠᠤ ᠶ᠋ᠢᠨ ᠵᠠᠷᠢᠮ ᠮᠤᠵᠢ ᠣᠷᠣᠨ᠎ᠳᠤ ᠪᠠᠰᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠭᠠᠷᠬᠤ ᠬᠡᠮᠵᠢᠶ᠎ᠡ ᠶᠡᠬᠡ ᠪᠥᠭᠡᠳ ᠨᠡᠮᠡᠭᠳᠡᠯ᠎ᠦᠨ ᠬᠤᠷᠳᠤᠴᠠ ᠨᠡᠯᠢᠶᠡᠳ ᠲᠦᠷᠭᠡᠨ ᠵᠡᠷᠭᠡ ᠠᠰᠠᠭᠤᠳᠠᠯ ᠣᠷᠣᠰᠢᠵᠤ᠂ ᠣᠷᠴᠢᠨ ᠠᠬᠤᠢ ᠶ᠋ᠢᠨ ᠠᠶᠤᠯ ᠲᠦᠭᠰᠢᠭᠦᠷᠢ ᠪᠣᠯᠣᠨ ᠪᠣᠬᠢᠷᠳᠤᠯ᠎ᠤᠨ ᠭᠡᠮ ᠰᠤᠭᠤᠭ ᠨᠡᠯᠢᠶᠡᠳ ᠲᠣᠪᠣᠢᠮ᠎ᠠ ᠪᠣᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠶ᠋ᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ ᠶ᠋ᠢ ᠬᠢᠵᠠᠭᠠᠷᠯᠠᠵᠤ ᠪᠤᠢ》 ᠭᠡᠵᠦ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ ᠵᠠᠩ ᠯᠢ ᠸᠧᠨ ᠬᠡᠯᠡᠨ᠎ᠠ ᠃
ᠵᠠᠩ ᠯᠢ ᠸᠧᠨᠤ ᠦᠵᠡᠬᠦ᠎ᠪᠡᠷ᠂ ᠬᠠᠲᠤᠨ ᠭᠣᠣᠯ᠎ᠤᠨ ᠰᠠᠪᠠ ᠭᠠᠵᠠᠷ ᠲᠠᠭᠠᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠣᠨ ᠪᠦᠰᠡ ᠰᠠᠪᠠ ᠭᠠᠵᠠᠷ᠎ᠤᠨ ᠬᠠᠮᠵᠢᠯᠴᠠᠨ ᠰᠢᠢᠳᠪᠦᠷᠢᠯᠡᠬᠦ ᠰᠢᠰᠲ᠋ᠧᠮ᠎ᠢ ᠰᠢᠯᠢᠳᠡᠭᠵᠢᠭᠦᠯᠵᠦ᠂ 《ᠬᠠᠶᠠᠭᠳᠠᠮᠠᠯ ᠪᠣᠳᠠᠰ ᠦᠭᠡᠢ ᠰᠠᠪᠠ ᠭᠠᠵᠠᠷ》 ᠤ᠋ᠨ ᠪᠦᠲᠦᠭᠡᠨ ᠪᠠᠢᠭᠤᠯᠤᠯᠲᠠ᠎ᠶᠢᠨ ᠰᠢᠨ᠎ᠡ ᠵᠠᠭᠪᠤᠷ᠎ᠢ ᠰᠦᠪᠡᠭᠴᠢᠯᠡᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠣᠯᠣᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠷᠢᠰᠢᠯ᠎ᠢ ᠪᠠᠶ᠋ᠢᠭᠤᠯᠬᠤ ᠬᠡᠷᠡᠭᠲᠡᠢ ᠃
ᠡᠨᠡ ᠲᠤᠬᠠᠢ ᠲᠡᠷᠡ᠂ ᠲᠥᠷᠥ᠍᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠎ᠪᠠᠨ ᠴᠢᠩᠭᠠᠳᠬᠠᠵᠤ᠂ ᠬᠠᠮᠢᠶᠠᠷᠤᠨ ᠡᠵᠡᠮᠳᠡᠬᠦ ᠠᠷᠭ᠎ᠠ ᠪᠠᠷᠢᠯ᠎ᠤᠨ ᠰᠢᠨ᠎ᠡ᠎ᠶᠢ ᠡᠭᠦᠳᠬᠦ ᠬᠡᠷᠡᠭᠲᠡᠢ ᠭᠡᠵᠦ ᠰᠠᠨᠠᠭᠤᠯᠭ᠎ᠠ ᠭᠠᠷᠭᠠᠪᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠭᠠᠷᠬᠤ ᠬᠡᠮᠵᠢᠶ᠎ᠡ ᠶᠡᠬᠡ ᠪᠦᠬᠡᠳ ᠬᠣᠣᠷ ᠬᠥᠨᠥᠭᠡᠯ᠎ᠢᠶᠡᠷ ᠶᠡᠬᠡ ᠤᠷ᠎ᠠ ᠮᠡᠷᠭᠡᠰᠢᠯ᠂ ᠮᠡᠷᠭᠡᠵᠢᠯ᠎ᠢ 《ᠬᠣᠶᠠᠷ ᠦᠨᠳᠦᠷ》᠂ 《ᠬᠢᠵᠠᠭᠠᠷᠯᠠᠬᠤ ᠲᠦᠷᠦᠯ》᠂ 《ᠰᠢᠭᠰᠢᠭᠳᠡᠬᠦᠯᠬᠦ ᠲᠦᠷᠦᠯ》 ᠵᠡᠷᠭᠡ ᠠᠵᠤ ᠦᠢᠯᠡᠰ᠎ᠦᠨ ᠭᠠᠷᠴᠠᠭ᠎ᠲᠤ ᠣᠷᠣᠭᠤᠯᠤᠨ᠎ᠠ; ᠠᠷᠢᠭᠤᠨ ᠴᠡᠪᠡᠷ ᠦᠢᠯᠡᠳᠪᠦᠷᠢᠯᠡᠯ᠎ᠦᠨ ᠬᠢᠨᠠᠨ ᠬᠠᠷᠭᠤᠭᠤᠯᠬᠤ᠎ᠶᠢ ᠴᠢᠩᠭᠠᠳᠬᠠᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠦᠨ 《ᠰᠢᠭᠠᠷᠤ᠎ᠪᠠᠷ ᠭᠠᠷᠤᠯᠲᠠ᠎ᠶᠢ ᠲᠣᠭᠲᠠᠭᠠᠬᠤ》 ᠵᠠᠭᠪᠤᠷ᠎ᠢ ᠰᠦᠪᠡᠭᠴᠢᠯᠡᠨ᠎ᠡ ;ᠣᠷᠣᠨ ᠪᠦᠰᠡ᠎ᠶᠢᠨ ᠴᠢᠨᠠᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠢᠭ᠍ᠯᠠᠬᠤ ᠬᠠᠮᠤᠭ᠎ᠤᠨ ᠰᠠᠢᠨ ᠬᠡᠷᠡᠭᠵᠢᠭᠦᠯᠵᠦ ᠪᠣᠯᠬᠤᠢᠴᠠ ᠮᠡᠷᠭᠡᠵᠢᠯ᠎ᠦᠨ ᠵᠦᠭᠯᠡᠭᠦᠷ ᠪᠠ ᠪᠣᠬᠢᠷᠳᠤᠯ᠎ᠢ ᠬᠢᠵᠠᠭᠠᠷᠯᠠᠬᠤ ᠪᠠᠷᠢᠮᠵᠢᠶ᠎ᠠ᠎ᠶᠢ ᠲᠦᠷᠬᠡᠨ ᠨᠠᠢᠷᠠᠭᠤᠯᠤᠨ ᠵᠣᠬᠢᠶᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠋᠎ᠢ ᠲᠠᠬᠢᠨ ᠠᠰᠢᠬᠯᠠᠬᠤ ᠠᠵᠢᠯ ᠲᠦᠷᠦᠯ᠎ᠦᠨ ᠰᠠᠢᠨ ᠬᠥᠭᠵᠢᠯᠲᠡ᠎ᠶᠢ ᠬᠥᠲᠥᠯᠥᠨ ᠵᠢᠯᠣᠭᠣᠳᠤᠨ᠎ᠠ; ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠠᠰᠢᠭ᠍ᠯᠠᠬᠰᠠᠨ ᠦᠢᠯᠡᠳᠬᠦᠨ᠎ᠢ ᠤᠷᠢᠳ ᠵᠢᠡᠷ ᠬᠤᠳᠠᠯᠳᠤᠨ ᠠᠪᠬᠤ᠎ᠶᠢ ᠲᠥᠷᠥ᠍᠎ᠶᠢᠨ ᠪᠣᠳᠣᠯᠭ᠎ᠠ᠎ᠪᠠᠷ ᠵᠣᠷᠢᠭ᠍ᠵᠢᠭᠤᠯᠵᠤ᠂ ᠰᠢᠷᠣᠢ᠂ ᠴᠢᠯᠠᠭᠤ ᠵᠡᠷᠭᠡ ᠪᠠᠢᠭᠠᠯᠢ᠎ᠶᠢᠨ ᠲᠦᠭᠦᠬᠡᠢ ᠮᠠᠲᠧᠷᠢᠶᠠᠯ᠎ᠢ ᠨᠡᠭᠡᠭᠡᠨ ᠮᠠᠯᠲᠠᠬᠤ᠎ᠶᠢ ᠪᠠᠭᠠᠰᠬᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠠᠰᠢᠭ᠍ᠯᠠᠬᠤ᠎ᠳᠤ ᠵᠠᠬ᠎ᠠ ᠳᠡᠯᠭᠡᠭᠦᠷ᠎ᠦᠨ ᠣᠷᠣᠨ ᠵᠠᠢ᠎ᠶᠢ ᠰᠤᠯᠠᠯᠠᠨ ᠦᠭᠬᠦᠨ᠎ᠡ᠃
《ᠢᠵᠢ ᠪᠦᠷᠢᠳᠦᠭᠦᠯᠦᠨ ᠬᠠᠮᠵᠢᠯᠴᠠᠬᠤ᠎ᠶᠢ ᠴᠢᠩᠭᠠᠳᠬᠠᠵᠤ᠂ ᠬᠠᠮᠢᠶᠠᠷᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠴᠦ᠂ ᠬᠠᠳᠤᠨ ᠭᠣᠣᠯ ᠳᠠᠭᠠᠤ᠎ᠶᠢᠨ ᠮᠤᠵᠢ᠎ᠶᠢᠨ 〈ᠬᠠᠶᠠᠭᠳᠠᠮᠠᠯ ᠪᠣᠳᠠᠰ ᠦᠭᠡᠢ ᠬᠤᠳᠠ〉 ᠵᠢᠨ ᠪᠦᠲᠦᠭᠡᠨ ᠪᠠᠢᠭᠤᠯᠤᠯᠲᠠ᠎ᠶᠢᠨ ᠡᠷᠴᠢᠮ᠎ᠢ ᠴᠢᠩᠭᠠᠷᠠᠭᠤᠯᠵᠤ᠂ ᠴᠡᠭ᠎ᠢᠶᠡᠷ ᠨᠡᠢᠳᠡᠮ᠎ᠢ ᠳᠠᠢ᠍ᠢᠴᠢᠯᠠᠨ〈ᠬᠠᠶᠠᠭᠳᠠᠮᠠᠯ ᠪᠣᠳᠠᠰ ᠦᠭᠡᠢ ᠰᠠᠪᠠ ᠭᠠᠵᠠᠷ〉 ᠤ᠋ᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠬᠡᠷᠡᠭᠲᠡᠢ》 ᠬᠡᠵᠦ ᠵᠠᠩ ᠯᠢ ᠸᠸᠨ ᠰᠤᠷᠪᠤᠯᠵᠢᠯᠠᠭ᠍ᠴᠢ᠎ᠳᠤ ᠬᠡᠯᠡᠪᠡ᠃ ᠳᠡᠷᠡ᠂ ᠲᠥᠷᠥ᠍᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠲᠥᠯᠦᠪᠵᠢᠭᠦᠯᠭᠡ᠎ᠪᠡᠷ ᠬᠥᠲᠥᠯᠥᠨ ᠳᠠᠭᠠᠭᠤᠯᠬᠤ᠂ ᠲᠣᠭ᠎ᠠ ᠪᠠᠷᠢᠮᠲᠠ᠎ᠪᠠᠷ ᠡᠨᠧᠷᠭᠢ ᠣᠯᠭᠣᠬᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠢᠶᠠᠷ ᠲᠤᠯᠭᠠᠭᠤᠷᠢᠯᠠᠭᠤᠯᠬᠤ᠂ ᠲᠤᠷᠰᠢᠯᠲᠠ ᠵᠢᠨ ᠴᠡᠭ ᠵᠢᠡᠷ ᠵᠢᠱ᠌ᠢᠶ᠎ᠡ ᠦᠵᠡᠭᠦᠯᠬᠦ᠂ ᠲᠤᠨᠤᠭ ᠲᠥᠬᠦᠭᠡᠷᠦᠮᠵᠢ᠎ᠶᠢ ᠬᠠᠮᠲᠤ᠎ᠪᠠᠷ ᠡᠳ᠋ᠯᠡᠬᠦ 《ᠬᠠᠶᠠᠭᠳᠠᠮᠠᠯ ᠪᠣᠳᠠᠰ ᠦᠭᠡᠢ ᠰᠠᠪᠠ ᠭᠠᠵᠠᠷ》 ᠤ᠋ᠨ ᠰᠢᠨ᠎ᠡ ᠵᠠᠭᠪᠤᠷ᠎ᠢ ᠠᠯᠬᠤᠮ ᠠᠯᠬᠤᠮ᠎ᠢᠶᠠᠷ ᠪᠣᠶ ᠪᠣᠯᠭᠠᠬᠤ ᠬᠡᠷᠡᠭᠲᠡᠢ ᠭᠡᠪᠡ᠃
ᠬᠠᠲᠤᠨ ᠭᠣᠣᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠳᠤᠯ᠎ᠢ ᠵᠠᠰᠠᠬᠤ ᠨᠢ ᠲᠤᠢᠯ᠎ᠤᠨ ᠶᠡᠬᠡ ᠥᠷᠢᠰᠦᠯᠳᠦᠭᠡᠨ᠎ᠳᠦ ᠴᠢᠨᠠᠷᠲᠠᠢ᠂ ᠣᠨᠴᠠᠭᠠᠶ ᠴᠢᠨᠠᠷ ᠪᠠ ᠲᠤᠯᠭᠠᠮᠴᠢᠨᠠᠷᠲᠠᠢ ᠪᠠᠢᠳᠠᠭ᠃ ᠵᠠᠩ ᠯᠢ ᠸᠧᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠤᠯᠭᠠᠭᠤᠷᠢᠯᠠᠯ᠎ᠢ ᠴᠢᠩᠭᠠᠳᠬᠠᠵᠤ᠂ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠲᠤᠬᠠᠢ ᠤᠯᠤᠰ ᠪᠤᠶᠤ ᠮᠤᠵᠢ ᠶᠠᠮᠤᠨ᠎ᠤ ᠳᠡᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ ᠪᠠᠶ᠋ᠢᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ 《ᠬᠤᠤᠷ ᠦᠬᠡᠢ ᠪᠤᠯᠭᠠᠬᠤ᠂ ᠬᠡᠮᠵᠢᠶ᠎ᠠ ᠵᠢ ᠨᠢ ᠪᠠᠭᠠᠰᠬᠠᠬᠤ᠂ ᠡᠬᠢ ᠪᠠᠶᠠᠯᠢᠭ ᠪᠤᠯᠭᠠᠬᠤ》᠂ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠤᠰᠬᠠᠢ ᠲᠦᠷᠦᠯ ᠵᠦᠢᠯ᠎ᠢ ᠪᠠᠶ᠋ᠢᠭᠤᠯᠬᠤ ᠵᠡᠷᠭᠡ ᠠᠷᠭ᠎ᠠ ᠪᠠᠷᠢᠯ᠎ᠢᠶᠠᠷ ᠤᠶᠤᠨ ᠤᠬᠠᠭᠠᠨ᠎ᠢᠶᠠᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ ᠭᠡᠵᠦ ᠰᠠᠨᠠᠭᠤᠯᠪᠠ᠃
ᠬᠡᠷᠡᠯ ᠵᠢᠷᠤᠬ ᠢ ᠵᠠᠩ ᠯᠢ ᠸᠸᠨ ᠬᠠᠨᠭᠭᠠᠪᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃