2023-03-09 10:53:33

《ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠲᠤᠭ᠎ᠢ ᠥᠨᠳᠥᠷ ᠮᠠᠨᠳᠤᠭᠤᠯᠵᠤ᠂ ᠬᠥᠮᠦᠰ᠎ᠢ ᠤᠷᠮᠠᠱᠢᠭᠤᠯᠤᠨ᠂ ᠬᠠᠷᠢᠭᠤᠴᠠᠯᠭ᠎ᠠ ᠪᠠ ᠡᠭᠦᠷᠭᠡᠯᠡᠯ ᠢ᠋ ᠢᠯᠡᠷᠡᠭᠦᠯᠵᠦ᠍᠂ ᠢᠲᠡᠭᠡᠯ ᠵᠣᠷᠢᠭ ᠪᠠ ᠬᠦᠴᠦᠨ ᠴᠢᠳᠠᠯ᠎ᠢᠶᠠᠷ ᠪᠢᠯᠬᠠᠵᠤ ᠪᠠᠢᠨ᠎ᠠ》᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠳ᠋ᠦ᠋ ᠬᠣᠶ ᠯᠢᠶᠠᠩ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠬᠥᠮᠦᠰ᠎ᠢ ᠲᠤᠢᠯ᠎ᠢᠶᠠᠷ ᠤᠷᠮᠠᠱᠢᠭᠤᠯᠵᠠᠢ ᠭᠡᠪᠡ᠃
ᠥᠩᠭᠡᠷᠡᠭ᠌ᠰᠡᠨ ᠨᠢᠭᠡ ᠵᠢᠯ᠎ᠳᠦ᠂ ᠣᠷᠳᠣᠰ ᠬᠣᠲᠠ 《ᠬᠢᠵᠢᠭ ᠤ᠋ᠨ ᠪᠠᠢᠳᠠᠯ ᠢ᠋ ᠰᠡᠷᠭᠡᠢᠯᠡᠵᠤ ᠳᠡᠢᠯᠬᠦ ᠂ ᠠᠵᠤ ᠠᠬᠤᠶ᠎ᠶ᠋ᠢ ᠲᠣᠭ᠍ᠲᠠᠪᠤᠷᠢᠵᠢᠭᠤᠯᠵᠤ ᠳᠡᠢᠯᠬᠦ᠂ ᠬᠥᠭ᠌ᠵᠢᠯᠲᠡ᠎ᠶ᠋ᠢ ᠠᠮᠤᠷ ᠲᠦᠪᠱᠢᠨ ᠪᠠᠢᠯᠭᠠᠬᠤ》 ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ ᠵᠡᠷᠭᠡ ᠠᠯᠢ ᠣᠯᠠᠨ ᠬᠦᠴᠦᠨ ᠵᠦᠶ᠋ᠯ᠎ᠦᠨ ᠨᠥᠯᠥᠭᠡᠯᠡᠯ ᠳᠤᠤᠷ᠎ᠠ᠂ ᠮᠦᠨ ᠬᠦ᠌ ᠲᠦᠷᠭᠡᠨ ᠬᠥᠭ᠌ᠵᠢᠯᠲᠡ ᠵᠢ ᠪᠡᠶᠡᠯᠡᠭᠦᠯᠵᠦ᠍᠂ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 4700 ᠳ᠋ᠦᠩᠱᠢᠭᠤᠷ ᠲᠥᠭᠥᠷᠢᠭ ᠡᠴᠡ 5600 ᠳ᠋ᠦᠩᠱᠢᠭᠤᠷ ᠲᠥᠭᠥᠷᠢᠭ ᠪᠣᠯᠵᠤ ᠳᠡᠭᠡᠭ᠌ᠰᠢᠯᠡᠨ᠂ ᠬᠣᠶᠠᠷ ᠵᠢᠯ᠎ᠳᠦ ᠬᠤᠶᠠᠷ ᠮᠢᠩᠭᠠᠨ ᠳ᠋ᠦᠩᠱᠢᠭᠤᠷ᠎ᠤᠨ ᠲᠠᠰ᠎ᠤᠨ ᠱᠠᠲᠤ᠎ᠶ᠋ᠢ ᠳᠠᠪᠠᠵᠤ᠂ ᠤᠯᠤᠰ᠎ᠤᠨ ᠳᠣᠲᠣᠭᠠᠳᠤ᠎ᠶ᠋ᠢᠨ ᠬᠣᠲᠠ᠎ᠶ᠋ᠢᠨ GDP ᠤ᠋ᠨ ᠵᠢᠭ᠍ᠰᠠᠭᠠᠯᠲᠠ᠎ᠳᠤ 8 ᠨᠡᠷ᠎ᠡ ᠡᠮᠦᠨᠡᠰᠢᠯᠡᠪᠡ᠃《ᠲᠠᠷᠠᠭᠠᠴᠢ᠎ᠶ᠋ᠢᠨ ᠠᠯᠬᠤᠮ᠎ᠳᠤ ᠪᠢᠳᠡ ᠡᠨᠧᠷᠭᠢ᠎ᠶ᠋ᠢᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠱᠠᠭᠠᠷᠳᠠᠯᠭ᠎ᠠ ᠶᠣᠰᠣᠭᠠᠷ᠂ ᠬᠥᠭ᠌ᠵᠢᠯᠲᠡ᠎ᠶ᠋ᠢᠨ ᠱᠢᠨ᠎ᠡ ᠬᠦᠷᠢᠶ᠎ᠡ ᠴᠠᠷᠠᠭ᠎ᠠ᠂ ᠱᠢᠨ᠎ᠡ ᠤᠷᠤᠯᠳᠤᠭᠠᠨ᠎ᠤ ᠵᠠᠮ᠎ᠢ ᠴᠢᠷᠮᠠᠢᠨ ᠨᠡᠭᠡᠭᠡᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠴᠢᠳᠠᠪᠤᠷᠢ᠂ ᠱᠢᠨ᠎ᠡ ᠳᠠᠪᠠᠭᠤᠯᠢᠭ᠎ᠢ ᠪᠣᠶ ᠪᠣᠯᠭᠠᠵᠤ᠂ ᠡᠨᠧᠷᠭᠢ᠎ᠶ᠋ᠢᠨ ᠪᠦᠲᠦᠴᠡ ᠪᠣᠯᠤᠨ ᠠᠵᠤ ᠦᠶ᠋ᠯᠡᠰ᠎ᠦᠨ ᠪᠦᠲᠦᠴᠡ᠎ᠶ᠋ᠢ ᠵᠡᠷᠭᠡ᠎ᠪᠡᠷ ᠲᠣᠬᠢᠷᠠᠭᠤᠯᠬᠤ᠎ᠶ᠋ᠢ ᠪᠠᠷᠢᠮᠲᠠᠯᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠠᠨ ᠬᠤᠪᠢᠷᠠᠭᠤᠯᠵᠤ᠂ ᠬᠣᠲᠠ᠎ᠶ᠋ᠢᠨ ᠪᠣᠳᠠᠲᠤ ᠬᠦᠴᠦᠨ᠎ᠦ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠵᠤ᠂ ᠡᠨᠧᠷᠭᠢ᠎ᠶ᠋ᠢᠨ ᠬᠤᠪᠢᠰᠭᠠᠯ᠎ᠢᠶᠠᠷ ᠬᠦᠳᠦᠯᠦᠮᠵᠢ ᠪᠣᠯᠭᠠᠭ᠍ᠰᠠᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠨ᠎ᠠ》ᠭᠡᠵᠦ᠍ ᠳ᠋ᠦ᠋ ᠬᠣᠶ ᠯᠢᠶᠠᠩ ᠬᠡᠯᠡᠨ᠎ᠡ᠃
ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠳ᠋ᠤ ᠡᠨᠡ ᠵᠢᠯ ᠣᠷᠳᠣᠰ ᠬᠣᠲᠠ ᠵᠢᠨ ᠬᠢᠨ ᠶᠠᠮᠠᠷ ᠶᠠᠮᠠᠷ ᠲᠣᠬᠢᠷᠠᠭᠤᠯᠤᠯᠲᠠ ᠪᠠᠢᠬᠤ ᠪᠣᠶ? 《ᠪᠢᠳᠡ ᠰᠠᠯᠬᠢ ᠭᠡᠷᠡᠯ ᠢ᠋ ᠤᠰᠤᠲᠥ᠋ᠷᠥᠭ᠌ᠴᠢᠭᠤᠯᠤᠨ ᠬᠠᠳᠠᠭᠠᠯᠠᠬᠤ ᠲᠡᠷᠭᠡᠨ᠎ᠤ ᠠᠵᠤ ᠦᠢᠯᠡᠰ᠎ᠦᠨ ᠪᠦᠯᠦᠭ᠌ᠵᠢᠯ ᠪᠠ ᠲᠣᠨᠣᠭ᠍ᠯᠠᠯ ᠦᠢᠯᠡᠳᠬᠦ᠌ ᠰᠠᠭᠤᠷᠢᠨ᠎ᠢ ᠲᠥᠪᠯᠡᠷᠡᠭᠦᠯᠦᠨ ᠪᠠᠢᠭᠤᠯᠵᠤ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠪᠦᠯᠦᠭ᠌ᠵᠢᠯ᠎ᠢ ᠰᠠᠢᠲᠤᠷ ᠪᠦᠳᠦᠭᠡᠨ ᠪᠠᠢᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ ᠪᠠ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠱᠢᠭ᠍ᠯᠠᠬᠤ᠎ᠶ᠋ᠢ ᠠᠬᠢᠭᠤᠯᠵᠤ᠂ ᠡᠨᠧᠷᠭᠢ᠎ᠶ᠋ᠢᠨ ᠮᠡᠷᠭᠡᠵᠢᠯ᠎ᠦᠨ ᠬᠤᠪᠢᠰᠭᠠᠯᠳᠤ ᠠᠩᠬᠠᠷᠤᠯ᠎ᠢᠶᠠᠨ ᠲᠥᠪᠯᠡᠷᠡᠭᠦᠯᠦᠨ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠎ᠶ᠋ᠢ ᠶᠡᠬᠡᠪᠡᠷ ᠠᠬᠢᠭᠤᠯᠤᠨ᠎ᠠ》᠃ 《ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠵᠦ᠍᠂ ᠱᠢᠨ᠎ᠡ᠎ᠪᠡᠷ ᠮᠠᠨᠳᠤᠭᠰᠠᠨ ᠨᠡᠮᠡᠭ᠌ᠳᠡᠯ᠎ᠦᠨ ᠴᠡᠭ᠎ᠢ ᠪᠣᠢᠵᠢᠭᠤᠯᠤᠨ᠂ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠤᠵᠠᠭᠠᠢᠷᠠᠭᠤᠯᠤᠨ᠎ᠠ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠦᠭᠵᠢᠯᠳᠡ ᠵᠢᠨ ᠪᠠᠢᠯᠳᠤᠬᠤ ᠪᠤᠳᠤᠯᠭ᠎ᠠ᠎ᠶ᠋ᠢ ᠡᠷᠡᠰ ᠭᠤᠢᠪᠢᠰᠢ ᠦᠭᠡᠢ ᠬᠡᠷᠡᠭ᠌ᠵᠢᠭᠦᠯᠵᠦ᠍᠂ ᠱᠢᠨ᠎ᠡ ᠬᠠᠭᠤᠴᠢᠨ ᠬᠥᠳᠡᠯᠭᠡᠬᠦ ᠡᠨ᠋ᠸᠷᠬᠢ ᠵᠢᠨ ᠰᠣᠯᠢᠭ᠍ᠳᠠᠯ᠎ᠢ ᠲᠦᠷᠭᠡᠳᠭᠡᠨ᠎ᠡ; ᠥᠨᠳᠥᠷ ᠴᠢᠳᠠᠪᠬᠢᠲᠤ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢ ᠪᠣᠢᠵᠢᠭᠤᠯᠵᠤ᠂ ᠥᠨᠳᠥᠷ ᠲᠦᠪᠱᠢᠨ᠎ᠪᠦᠬᠦᠢ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠥᠨᠳᠥᠷ ᠲᠦᠪᠱᠢᠨ ᠪᠦᠬᠦᠢ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ᠎ᠠ; ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠭᠤᠢᠪᠢᠰᠢ ᠦᠭᠡᠶ ᠲᠦᠷᠭᠡᠳᠭᠡᠨ᠂ ᠱᠢᠨ᠎ᠡ ᠬᠡᠯᠪᠡᠷᠢ ᠵᠢᠨ ᠠᠵᠤ ᠦᠢᠯᠡᠳᠪᠦᠷᠢᠵᠢᠯᠲᠡ᠎ᠶ᠋ᠢ ᠶᠡᠬᠡ ᠪᠡᠷ ᠠᠬᠢᠭᠤᠯᠵᠤ᠂ ᠣᠳᠣ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ ᠶᠡᠬᠡ ᠪᠡᠷ ᠬᠥᠭ᠌ᠵᠢᠭᠦᠯᠦᠨ᠎ᠡ; ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠨ᠎ᠠ; ᠥᠭᠡᠷᠡᠴᠢᠯᠡᠯᠲᠡ᠎ᠪᠡᠷ ᠲᠦᠭ᠌ᠵᠢᠷᠡᠯ᠎ᠢ ᠨᠡᠪᠲᠡᠷᠡᠭᠦᠯᠵᠦ᠍᠂ ᠨᠡᠭᠡᠭᠡᠯᠲᠡ᠎ᠪᠡᠷ ᠡᠷᠭᠢᠯᠲᠡ᠎ᠶ᠋ᠢ ᠱᠢᠯᠤᠭᠤᠳᠭᠠᠨ᠎ᠠ; ᠠᠷᠠᠳ ᠣᠯᠠᠨ᠎ᠤ ᠠᠩᠬᠠᠷᠴᠤ᠌ ᠪᠠᠢᠭ᠎ᠠ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠣᠨᠢᠨ ᠲᠡᠭᠡᠷ᠎ᠡ ᠨᠢ ᠬᠠᠩᠭᠠᠵᠤ᠂ ᠠᠷᠠᠳ᠎ᠤᠨ ᠠᠮᠢᠳᠤᠷᠠᠯ᠎ᠢ ᠡᠷᠡᠰ ᠭᠤᠢᠪᠢᠰᠢ ᠥᠬᠡᠶ ᠪᠠᠲᠤᠯᠠᠨ ᠰᠠᠢᠵᠢᠷᠠᠭᠤᠯᠵᠤ᠂ ᠠᠷᠠᠳ ᠣᠯᠠᠨ᠎ᠤ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠦᠨ᠎ᠠ》 ᠭᠡᠵᠤ ᠳ᠋ᠦ᠋ ᠬᠣᠶ ᠯᠢᠶᠠᠩ ᠢᠯᠡᠳᠭᠡᠪᠡ᠃
《ᠡᠨᠡ ᠵᠢᠯ᠎ᠦᠨ ᠮᠠᠨ᠎ᠤ ᠬᠠᠷᠠᠯᠲᠠ ᠪᠣᠯ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠵᠢ 6000 ᠳ᠋ᠦᠩᠱᠢᠭᠤᠷ ᠲᠥᠭᠥᠷᠢᠭ᠎ᠢ ᠳᠠᠪᠠᠭᠤᠯᠵᠤ᠂ ᠤᠯᠠᠮ ᠴᠢᠨᠠᠭᠰᠢᠳᠠ ᠲᠠᠰ ᠳᠡᠪᠱᠢᠵᠤ ᠤᠷᠤᠬᠰᠢᠯᠠᠨ᠎ᠠ》 ᠃ 《ᠣᠷᠳᠣᠰ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠪᠡᠶᠡᠯᠡᠭᠦᠯᠬᠦ᠌᠎ᠳᠦ ᠨᠠᠩ ᠣᠯᠠᠨ ᠬᠤᠪᠢ ᠨᠡᠮᠡᠷᠢ ᠪᠠ ᠴᠢᠷᠮᠠᠢᠯᠭ᠎ᠠ ᠭᠠᠷᠭᠠᠨ᠎ᠠ》 ᠭᠡᠵᠦ ᠳ᠋ᠦ᠋ ᠬᠣᠶ ᠯᠢᠶᠠᠩ ᠬᠡᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃