2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-08 11:30:47

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3


QQ截图20230308111227.png


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠥᠩᠭᠡᠷᠡᠭ᠌ᠰᠡᠨ 5 ᠵᠢᠯ᠎ᠦᠨ ᠭᠣᠣᠯ ᠪᠤᠯᠬᠤ ᠠᠵᠢᠯ᠎ᠢ ᠡᠷᠭᠢᠴᠡᠭᠦᠯᠬᠦ᠌᠎ᠳᠡᠭᠡᠨ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠲᠦᠷᠢᠮ᠎ᠢ ᠲᠡᠭᠦᠯᠳᠡᠷᠵᠢᠭᠦᠯᠪᠠ ᠭᠡᠵᠦ᠍ ᠳᠤᠷᠠᠳᠴᠠᠢ᠃ ᠡᠨᠡ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠱᠢᠤᠢ ᠷᠦᠢ ᠱᠢᠶᠠ᠎ᠶ᠋ᠢ ᠲᠤᠢᠯ᠎ᠢᠶᠠᠷ ᠤᠷᠮᠠᠱᠢᠭᠤᠯᠣᠨ ᠵᠣᠷᠢᠬᠵᠢᠭᠣᠯᠪᠠ᠃ ᠡᠨᠡ ᠵᠢᠯ ᠲᠡᠭᠦᠨ᠎ᠦ ᠲᠡᠪᠰᠢᠬᠦᠯᠦᠭᠰᠡᠨ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠨᠥᠬᠥᠪᠥᠷᠢ ᠱᠠᠩᠨᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠬᠦ᠌ ᠲᠤᠬᠠᠢ ᠰᠠᠨᠠᠯ ᠳᠤᠷᠠᠳᠤᠯᠭ᠎ᠠ ᠨᠢ ᠶᠠᠭ ᠡᠭᠦᠨ ᠲᠠᠢ ᠬᠠᠮᠢᠶ᠎ᠠ᠎ᠲᠠᠶ ᠪᠠᠢᠵᠠᠢ᠃

《 2011 ᠣᠨ᠎ᠠᠴᠠ ᠡᠬᠢᠯᠡᠨ᠂ ᠤᠯᠤᠰ᠎ᠠᠴᠠ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠪᠡ᠃ 10 ᠭᠠᠷᠤᠶ ᠵᠢᠯ᠎ᠦᠨ ᠲᠤᠷᠰᠢ᠂ ᠨᠤᠲᠤᠭ ᠪᠡᠯᠴᠢᠭᠡᠷ᠎ᠦᠨ ᠠᠮᠢ ᠠᠬᠤᠶ ᠦᠷᠭᠦᠯᠵᠢᠯᠡᠨ ᠰᠡᠷᠭᠦᠵᠦ᠂ ᠰᠠᠢᠨ ᠰᠠᠢᠬᠠᠨ ᠠᠮᠢ ᠠᠬᠤᠶ᠎ᠶ᠋ᠢᠨ ᠦᠷ᠎ᠡ ᠠᠱᠢᠭ ᠣᠯᠤᠭ᠍ᠰᠠᠨ ᠪᠠᠢᠨ᠎ᠠ᠃ ᠭᠡᠪᠡᠴᠦ ᠨᠦᠬᠦᠪᠦᠷᠢ ᠣᠯᠭᠣᠵᠦ ᠱᠠᠩᠨᠠᠬᠤ ᠪᠠᠷᠢᠮᠵᠢᠶ᠎ᠠ ᠨᠢ ᠳᠤᠤᠷ᠎ᠠ ᠣᠴᠢᠷ ᠡᠴᠡ ᠨᠤᠲᠤᠭ ᠪᠡᠯᠴᠢᠭᠡᠷ᠎ᠦᠨ ᠠᠮᠢ ᠠᠬᠤᠶ᠎ᠳᠤ ᠦᠵᠡᠭᠦᠯᠬᠦ᠌ ᠪᠠᠢᠭᠠᠯᠢ᠎ᠶ᠋ᠢᠨ ᠭᠠᠮᠱᠢᠭ᠎ᠤᠨ ᠨᠠᠵᠠᠭᠠᠶ ᠨᠥᠯᠥᠭᠡ᠎ᠡᠴᠡ ᠵᠠᠢᠯᠠᠰᠬᠢᠵᠦ ᠴᠢᠲᠠᠬᠣ ᠦᠭᠡᠢ ᠵᠡᠷᠭᠡ ᠠᠰᠠᠭᠤᠳᠠᠯ ᠣᠷᠣᠱᠢᠵᠤ ᠪᠠᠢᠨ᠎ᠠ》 ᠭᠡᠵᠦ᠍ ᠱᠢᠤᠢ ᠷᠦᠢ ᠱᠢᠶᠠ ᠬᠡᠯᠡᠨ᠎ᠠ᠃

ᠡᠭᠦᠨ᠎ᠦ ᠲᠤᠯᠠ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠨᠥᠬᠥᠪᠥᠷᠢ ᠱᠠᠩᠨᠠᠯ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ ᠣᠷᠳᠣ ᠬᠤᠭᠤᠴᠠᠭᠠᠨ᠎ᠤ ᠪᠦᠲᠦᠮᠵᠢᠲᠡᠶ ᠨᠡᠮᠡᠭ᠌ᠳᠡᠯ᠎ᠦᠨ ᠲᠣᠭ᠍ᠲᠠᠴᠠ᠎ᠶ᠋ᠢ ᠪᠠᠢᠭᠤᠯᠵᠤ᠂ ᠮᠠᠯᠴᠢᠳ ᠲᠦ᠍ ᠬᠦᠷᠲᠡᠭᠡᠬᠦ ᠨᠥᠬᠥᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶᠢᠨ ᠠᠱᠢᠭ ᠣᠷᠣᠯᠭ᠎ᠠ᠎ᠶ᠋ᠢ ᠪᠠᠭᠤᠷᠠᠭᠤᠯᠬᠤ ᠦᠬᠡᠢ ᠪᠠᠢᠵᠤ᠂ ᠪᠡᠯᠴᠢᠬᠡᠷᠯᠡᠬᠦᠯᠬᠦ᠎ᠶ᠋ᠢ ᠵᠤᠭᠰᠤᠭᠠᠬᠤ ᠪᠠ ᠪᠡᠯᠴᠢᠬᠡᠷᠯᠡᠬᠦᠯᠬᠦ᠎ᠶ᠋ᠢ ᠬᠢᠵᠠᠭᠠᠷᠯᠠᠬᠤ ᠲᠦᠷᠢᠮ᠎ᠢ ᠬᠡᠷᠡᠭᠵᠢᠬᠦᠯᠬᠦ ᠮᠠᠯᠴᠢᠳ᠎ᠤᠨ ᠢᠳᠡᠪᠬᠢᠵᠢᠯ᠎ᠢ ᠳᠠᠢᠴᠢᠯᠠᠨ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠭ᠌ᠰᠡᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠣᠷᠴᠢᠨ ᠨᠥᠬᠥᠴᠡᠯ᠎ᠦᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ ᠬᠡᠷᠡᠭ᠌ᠲᠡᠶ ᠬᠡᠵᠤ ᠰᠠᠨᠠᠭᠤᠯᠭ᠎ᠠ ᠭᠠᠷᠭᠠᠵᠠᠢ᠃

《ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠥᠷᠲᠡᠭ᠎ᠦᠨ ᠨᠥᠬᠥᠪᠥᠷᠢ᠎ᠶ᠋ᠢᠨ ᠲᠥᠷᠥᠯ ᠵᠦᠶ᠋ᠯ᠎ᠢ ᠨᠠᠮᠠᠨ ᠪᠠᠢᠭᠤᠯᠵᠤ᠂ ᠨᠥᠬᠥᠪᠥᠷᠢ ᠱᠠᠩᠨᠠᠯ᠎ᠤᠨ ᠦᠷ᠎ᠡ ᠪᠦᠲᠦᠮᠵᠢ᠎ᠶ᠋ᠢᠨ ᠦᠨᠡᠯᠡᠯᠲᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ 〈ᠮᠠᠯ〉 ᠎ᠵᠢᠠᠷ ᠦᠨᠡᠯᠡᠯᠲᠡ ᠬᠢᠵᠤ ᠪᠠᠢᠬᠰᠠᠨ᠎ᠢ 〈ᠡᠪᠡᠰᠦ〉 ᠪᠡᠷ ᠦᠨᠡᠯᠡᠯᠲᠡ ᠬᠢᠬᠦ ᠳᠠᠢᠰᠢ ᠬᠤᠪᠢᠷᠠᠭᠤᠯᠬᠤ᠎ᠶ᠋ᠢ ᠠᠬᠢᠭᠤᠯᠬᠤ᠎ᠶ᠋ᠢᠨ ᠬᠠᠮᠲᠤ᠂ ᠠᠮᠢ ᠠᠬᠤᠶ᠎ᠶ᠋ᠢᠨ ᠦᠶ᠋ᠯᠡᠴᠢᠯᠡᠭᠡᠨ᠎ᠦ ᠥᠷᠲᠡᠭ᠎ᠦᠨ ᠨᠥᠬᠥᠪᠥᠷᠢ᠎ᠶ᠋ᠢᠨ ᠵᠠᠷᠴᠢᠮ ᠶᠣᠰᠣᠭᠠᠷ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠭ᠍ᠴᠢ᠎ᠳᠤ ᠨᠥᠬᠥᠪᠥᠷᠢ ᠥᠭ᠌ᠬᠦ ᠬᠡᠷᠡᠭ᠌ᠲᠡᠶ》᠃ ᠱᠢᠤᠢ ᠷᠦᠢ ᠱᠢᠶᠠ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠬᠢᠭᠡᠳ ᠡᠪᠡᠰᠦᠨ᠎ᠦ ᠦᠷ᠎ᠡ᠎ᠶ᠋ᠢᠨ ᠡᠬᠢ ᠪᠠᠶᠠᠯᠢᠭ᠎ᠢ ᠬᠠᠮᠠᠭᠠᠯᠠᠬᠤ ᠡᠭᠦᠳᠡᠨ᠎ᠡᠴᠡ᠂ ᠤᠮᠠᠷᠠᠲᠤ᠎ᠶ᠋ᠢᠨ ᠨᠤᠲᠤᠭ ᠪᠡᠯᠴᠢᠭᠡᠷ᠎ᠦᠨ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠬᠤ᠂ ᠪᠣᠢᠵᠢᠭᠤᠯᠬᠤ ᠪᠠ ᠨᠡᠭᠡᠭᠡᠨ ᠠᠱᠢᠭ᠍ᠯᠠᠬᠤ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠬᠤ ᠬᠡᠷᠡᠭ᠌ᠲᠡᠶ᠃ ᠡᠭᠦᠨ᠎ᠦ ᠬᠠᠮᠲᠤ᠂ ᠣᠷᠣᠨ ᠨᠤᠲᠤᠭ᠎ᠤᠨ ᠪᠠᠢᠭᠤᠯᠤᠭ᠍ᠰᠠᠨ ᠨᠤᠲᠤᠭ ᠪᠡᠯᠴᠢᠭᠡᠷ᠎ᠦᠨ ᠦᠷ᠎ᠡ ᠡᠳ᠋᠎ᠦᠨ ᠴᠢᠬᠤᠯᠠ ᠰᠠᠭᠤᠷᠢᠨ ᠳ᠋ᠤ ᠪᠡᠯᠡ ᠮᠥᠩᠭᠥ᠌ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠬᠦᠯᠵᠦ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠦᠨ ᠴᠢᠳᠠᠮᠵᠢ᠎ᠶ᠋ᠢ ᠰᠡᠷᠭᠦᠭᠡᠬᠦ᠌᠂ ᠬᠠᠮᠠᠭᠠᠯᠠᠬᠤ ᠪᠠ ᠰᠠᠢᠵᠢᠷᠠᠭᠤᠯᠬᠤ ᠤᠷᠲᠤ ᠬᠤᠭᠤᠴᠠᠭᠠᠨ᠎ᠤ ᠪᠦᠲᠦᠮᠵᠢᠲᠤ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠶ ᠬᠡᠵᠤ ᠰᠠᠨᠠᠭᠤᠯᠭ᠎ᠠ ᠭᠠᠷᠭᠠᠵᠠᠢ᠃

ᠡᠬᠦᠨ ᠡᠴᠡ ᠭᠠᠲᠠᠨ᠎ᠠ᠂ ᠱᠢᠤᠢ ᠷᠦᠢ ᠱᠢᠶᠠ ᠵᠢᠨ ᠦᠵᠡᠬᠦ ᠪᠡᠷ ᠪᠠᠰᠠ ᠲᠠᠯ᠎ᠠ ᠨᠤᠲᠤᠭ᠎ᠤᠨ ᠪᠠᠢᠭᠠᠯᠢ᠎ᠶ᠋ᠢᠨ ᠭᠠᠮᠱᠢᠭ᠎ᠢ ᠠᠷᠭᠠᠴᠠᠭᠠᠬᠤ ᠪᠠᠲᠤᠯᠠᠭ᠎ᠠ᠎ᠶ᠋ᠢᠨ ᠣᠷᠣᠭᠤᠯᠤᠯᠲᠠ᠎ᠪᠠᠨ ᠨᠡᠮᠡᠭ᠌ᠳᠡᠭᠦᠯᠬᠦ᠌ ᠬᠡᠷᠡᠭ᠌ᠲᠡᠶ᠃ ᠱᠢᠤᠢ ᠷᠦᠢ ᠱᠢᠶᠠ᠄ 《ᠠᠮᠢᠳᠤᠷᠠᠯ᠎ᠤᠨ ᠥᠪᠡᠷ᠎ᠦᠨ ᠥᠷᠲᠡᠭ ᠥᠨᠳᠥᠷ᠂ ᠦᠶ᠋ᠯᠡᠳᠪᠦᠷᠢᠯᠡᠯ᠎ᠦᠨ ᠠᠶᠤᠯ ᠲᠦᠭ᠌ᠰᠢᠭᠦᠷᠢ ᠶᠡᠬᠡᠲᠡᠢ ᠪᠠᠢᠬᠤ ᠪᠣᠯ ᠮᠠᠯᠵᠢᠬᠤ ᠣᠷᠣᠨ᠎ᠤ ᠬᠣᠶᠠᠷ ᠶᠡᠬᠡ ᠣᠨᠴᠠᠯᠢᠭ ᠪᠣᠯᠣᠨ᠎ᠠ᠂ ᠳᠠᠭᠠᠳᠭᠠᠯ ᠪᠣᠯ ᠲᠦᠭ᠌ᠰᠢᠭᠦᠷᠢ᠎ᠶ᠋ᠢ ᠵᠠᠳᠠᠷᠠᠭᠤᠯᠬᠤ ᠪᠦᠲᠦᠮᠵᠢᠲᠡᠶ ᠠᠷᠭ᠎ᠠ ᠵᠠᠮ ᠮᠥᠨ᠂ ᠭᠡᠬᠦ ᠳ᠋ᠤ ᠪᠠᠯᠠ ᠮᠥᠩᠭᠥ᠌ ᠳᠤᠲᠠᠮᠠᠭ᠎ᠠᠴᠠ ᠪᠣᠯᠵᠣ ᠮᠠᠯᠴᠢᠳ᠎ᠤᠨ ᠬᠤᠳᠠᠯᠳᠤᠭᠠᠨ᠎ᠤ ᠳᠠᠭᠠᠳᠭᠠᠯ ᠬᠤᠳᠠᠯᠳᠤᠨ ᠠᠪᠬᠤ ᠴᠢᠳᠠᠪᠤᠷᠢ ᠬᠢᠵᠠᠭᠠᠷ᠎ᠲᠠᠶ ᠪᠤᠯᠵᠠᠢ᠃ ᠲᠥᠪ᠎ᠦᠨ ᠡᠳ᠋᠎ᠦᠨ ᠵᠠᠰᠠᠭ᠎ᠠᠴᠠ ᠲᠡᠳᠬᠦᠨ ᠳᠡᠮᠵᠢᠬᠦ᠌᠂ ᠤᠯᠤᠰ᠎ᠤᠨ ᠥᠮᠴᠢᠯᠡᠯ᠎ᠦᠨ ᠳᠠᠭᠠᠳᠭᠠᠯ᠎ᠤᠨ ᠺᠣᠮᠫᠠᠨᠢ ᠢᠳᠡᠪᠬᠢᠲᠡᠶ ᠣᠷᠣᠯᠴᠠᠬᠤ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠨᠤᠲᠤᠭ ᠪᠡᠯᠴᠢᠭᠡᠷ᠎ᠦᠨ ᠭᠠᠮᠱᠢᠭ᠎ᠤᠨ ᠳᠠᠭᠠᠳᠭᠠᠯ᠎ᠤᠨ ᠲᠣᠭ᠍ᠲᠠᠴᠠ᠎ᠶ᠋ᠢ ᠪᠠᠢᠭᠤᠯᠵᠤ᠂ ᠮᠠᠯᠴᠢᠳ᠎ᠤᠨ ᠦᠶ᠋ᠯᠡᠳᠪᠦᠷᠢᠯᠡᠯ ᠠᠮᠢᠳᠤᠷᠠᠯ᠎ᠤᠨ ᠰᠠᠭᠤᠷᠢ ᠪᠠᠲᠤᠯᠠᠭ᠎ᠠ᠎ᠶ᠋ᠢ ᠴᠢᠩᠭᠠᠳᠭᠠᠨ᠂ ᠨᠤᠲᠤᠭ ᠪᠡᠯᠴᠢᠭᠡᠷ᠎ᠦᠨ ᠪᠠᠢᠭᠠᠯᠢ᠎ᠶ᠋ᠢᠨ ᠭᠠᠮᠱᠢᠭ ᠵᠡᠷᠭᠡ ᠠᠶᠤᠯ ᠲᠦᠭ᠌ᠰᠢᠭᠦᠷᠢ᠎ᠶ᠋ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠮᠠᠯᠴᠢᠳ᠎ᠤᠨ ᠦᠶ᠋ᠯᠡᠳᠪᠦᠷᠢᠯᠡᠯ ᠠᠮᠢᠳᠤᠷᠠᠯ᠎ᠤᠨ ᠰᠠᠨᠠᠭᠠᠱᠢᠷᠠᠯ᠎ᠢ ᠱᠢᠶ᠋ᠳᠪᠦᠷᠢᠯᠡᠪᠡᠯ ᠵᠤᠬᠢᠨ᠎ᠠ》 ᠭᠡᠯ᠎ᠠ᠃

( ᠭᠡᠷᠡᠯ ᠵᠢᠷᠤᠭ᠎ᠢ ᠰᠤᠷᠪᠤᠯᠵᠢᠯᠠᠭ᠎ᠠ ᠬᠦᠯᠢᠶᠡᠭ᠌ᠴᠢ ᠬᠠᠩᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面