2023-03-08 14:28:57
ᠳᠦ ᠭᠠᠩ:
ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢ᠂ ᠬᠢᠩᠭᠠᠨ ᠠᠢᠮᠠᠭ ᠤ᠋ᠨ ᠵᠠᠯᠠᠢᠳ ᠬᠤᠰᠢᠭᠤᠨ ᠤ᠋ ᠡᠦ ᠳ᠋ᠤᠤ ᠡᠾᠧ ᠽᠢ ᠮᠠᠯ ᠠᠵᠤ ᠠᠤᠢ ᠲᠠᠷᠢᠶᠠᠯᠡᠨᠭ ᠤᠨ ᠲᠤᠰᠬᠠᠢ ᠬᠤᠷᠰᠢᠶ᠎ᠠ ᠵᠢᠨ ᠬᠡᠷᠡᠭ ᠡᠷᠬᠢᠯᠡᠭᠴᠢᠤᠨ ᠤᠨ ᠳᠠᠷᠤᠭ᠎ᠠ

ᠨᠢᠳᠤᠨᠤᠨ ᠮᠠᠨ ᠤ᠋ ᠲᠤᠰᠬᠠᠢ ᠬᠤᠷᠰᠢᠶ᠎ᠠ ᠲᠠᠷᠢᠮᠠᠯ ᠤ᠋ᠨ ᠪᠦᠲᠦᠴᠡ ᠵᠢᠨ ᠲᠤᠬᠢᠷᠠᠭᠤᠯᠤᠯᠲᠠ ᠵᠢᠨ ᠲᠤᠭᠤᠷᠢᠨ ᠳ᠋ᠤ ᠰᠢᠷ᠎ᠠ ᠪᠤᠷᠴᠠᠭ ᠦᠷᠭᠡᠳᠭᠡᠨ ᠲᠠᠷᠢᠬᠤ ᠲᠦᠯᠦᠪᠯᠡᠭᠡ ᠵᠢ ᠬᠡᠷᠡᠭᠵᠢᠭᠦᠯᠵᠤ᠂ ᠰᠢᠷ᠎ᠠ ᠪᠤᠷᠴᠠᠬ ᠲᠠᠷᠢᠬᠰᠠᠨ ᠲᠠᠯᠠᠪᠠᠢ ᠦᠩᠭᠡᠷᠡᠭᠰᠡᠨ ᠵᠢᠯ ᠤ᠋ᠳ ᠤ᠋ᠨ ᠬᠠᠮᠤᠭ ᠤ᠋ᠨ ᠶᠡᠬᠡ ᠬᠡᠮᠵᠢᠶᠡᠨ ᠳ᠋ᠤ ᠬᠦᠷᠴᠦ᠂ 3000 ᠮᠦ᠍ ᠵᠢ ᠲᠠᠪᠠᠪᠠ᠃ ᠡᠬᠦᠨ ᠤ᠋ ᠬᠠᠮᠳᠤ᠂ ᠪᠢᠳᠠ ᠪᠠᠰᠠ ᠰᠢᠷ᠎ᠠ ᠪᠤᠷᠴᠠᠬ ᠪᠠ ᠡᠷᠳᠡᠨᠢ ᠰᠢᠰᠢ ᠵᠢ ᠪᠦᠰᠡᠯᠢᠭ ᠬᠡᠯᠪᠡᠷᠢ ᠪᠡᠷ ᠠᠯᠠᠭᠯᠠᠨ ᠲᠠᠷᠢᠬᠤ ᠰᠢᠨ᠎ᠠ ᠮᠡᠷᠭᠡᠵᠢᠯ ᠢ᠋ ᠢᠳᠠᠪᠬᠢᠳᠠᠢ ᠲᠤᠷᠰᠢᠵᠦ᠂ ᠰᠢᠷ᠎ᠠ ᠪᠤᠷᠴᠠᠭ ᠪᠤᠯᠤᠨ ᠡᠷᠳᠡᠨᠢ ᠰᠢᠰᠢ ᠵᠢᠨ ᠤᠨᠠᠯᠳᠠ ᠵᠢᠨ ᠬᠤᠤᠰ ᠨᠡᠮᠡᠭᠳᠡᠯ ᠢ᠋ ᠪᠠᠲᠤᠯᠠᠬᠰᠠᠨ ᠮᠦᠷᠳᠡᠭᠡᠨ ᠮᠦ᠍ ᠲᠤᠮᠳᠠᠴᠢ ᠵᠢᠨ ᠤᠷᠤᠯᠭ᠎ᠠ ᠵᠢ 300 ᠲᠦᠭᠦᠷᠢᠭ ᠤᠷᠴᠢᠮ ᠨᠡᠮᠡᠭᠳᠡᠬᠦᠯᠵᠠᠢ ᠃
ᠡᠨᠡ ᠵᠢᠯ ᠵᠠᠯᠠᠢᠳ ᠬᠤᠰᠢᠭᠤ ᠲᠠᠷᠢᠶᠠᠯᠠᠩ ᠤ᠋ᠨ ᠠᠵᠤ ᠦᠢᠯᠡᠰ ᠤ᠋ᠨ ᠪᠦᠲᠦᠴᠡ ᠵᠢ ᠲᠤᠬᠢᠷᠠᠭᠤᠯᠤᠨ ᠰᠢᠯᠢᠳᠡᠭᠵᠢᠬᠦᠯᠬᠦᠪᠡᠷ ᠦᠷᠬᠦᠯᠵᠢᠯᠡᠨ ᠬᠦᠴᠦᠯᠡᠵᠦ᠂ 《ᠳᠠᠭᠠᠭᠤᠯᠤᠬᠴᠢ ᠠᠵᠤ ᠠᠬᠤᠢᠯᠠᠯ ᠬᠦᠳᠤᠯᠤᠨ ᠳᠠᠭᠠᠭᠤᠯᠬᠤ + ᠲᠠᠷᠢᠮᠠᠯ ᠤ᠋ᠨ ᠰᠠᠭᠤᠷᠢᠨ ᠵᠢᠱ᠌ᠢᠶ᠎ᠡ ᠦᠵᠡᠬᠦᠯᠬᠦ》 ᠬᠦᠭᠵᠢᠯᠳᠡ ᠵᠢᠨ ᠵᠠᠬᠪᠤᠷ ᠵᠢᠡᠷ ᠠᠵᠤ ᠦᠢᠯᠡᠰ ᠤ᠋ᠨ ᠬᠡᠯᠬᠢᠶ᠎ᠠ ᠵᠢ ᠲᠠᠰᠤᠷᠠᠯᠳᠠ ᠦᠬᠡᠢ ᠤᠷᠳᠤᠳᠬᠠᠵᠦ᠂ ᠰᠢᠷ᠎ᠠ ᠪᠤᠷᠴᠠᠬ ᠤ᠋ᠨ ᠠᠵᠤ ᠦᠢᠯᠡᠰ ᠢ᠋ ᠬᠦᠭᠵᠢᠬᠦᠯᠦᠨ ᠮᠠᠨᠳᠤᠭᠤᠯᠬᠤ ᠰᠢᠨ᠎ᠠ ᠵᠠᠮ ᠢ᠋ ᠬᠦᠨᠵᠡᠬᠡᠢ ᠡᠷᠢᠯᠬᠢᠯᠡᠨ᠎ᠠ᠃ ᠮᠠᠨ ᠳ᠋ᠤ ᠠᠪᠴᠦ ᠬᠡᠯᠡᠪᠡᠯ ᠲᠠᠷᠢᠮᠠᠯ ᠤ᠋ᠨ ᠬᠡᠪᠴᠢᠶ᠎ᠠ ᠵᠢ ᠦᠷᠭᠡᠳᠬᠡᠬᠦᠪᠡᠷ ᠦᠷᠬᠦᠯᠵᠢᠯᠡᠨ ᠴᠢᠷᠮᠠᠢᠬᠤ ᠬᠡᠷᠡᠭᠳᠡᠢ᠃ ᠡᠨᠡ ᠵᠢᠯ ᠪᠢᠳᠡᠨ ᠤ᠋ ᠲᠤᠰᠬᠠᠢ ᠬᠤᠷᠰᠢᠶ᠎ᠠ ᠰᠢᠷ᠎ᠠ ᠪᠤᠷᠴᠠᠬ ᠲᠠᠷᠢᠬᠤ ᠲᠠᠯᠠᠪᠠᠢ ᠵᠢ 4000 ᠮᠦ᠍ ᠪᠤᠯᠭᠠᠨ ᠦᠷᠭᠡᠳᠬᠡᠬᠦ ᠪᠡᠷ ᠵᠢᠱ᠌ᠢᠵᠤ ᠪᠠᠢᠨ᠎ᠠ᠂ ᠪᠢᠳᠡ ᠲᠠᠷᠢᠮᠠᠯ ᠤ᠋ᠨ ᠦᠢᠯᠡᠰ ᠤ᠋ᠨ ᠪᠦᠲᠦᠴᠡ ᠵᠢ ᠰᠢᠯᠢᠳᠡᠭᠵᠢᠬᠦᠯᠬᠦ ᠵᠢᠨ ᠬᠠᠮᠳᠤ ᠨᠡᠩ ᠤᠯᠠᠨ ᠲᠠᠷᠢᠶᠠᠯᠠᠬᠤ ᠡᠷᠦᠬᠡ ᠵᠢ ᠲᠠᠢᠴᠢᠯᠠᠨ ᠪᠠᠶᠠᠵᠢᠭᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃