2023-03-08 14:36:44
ᠴᠧᠨ ᠠᠶ ᠱᠢᠤᠸᠠᠢ ᠄
ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢ ᠂ ᠥᠪᠥᠷ ᠮᠣᠩᠭᠣᠯ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠶ᠋ᠢᠨ ᠠᠵᠤ ᠠᠬᠤᠢ ᠶ᠋ᠢᠨ ᠳᠡᠭᠡᠳᠦ ᠰᠤᠷᠭᠠᠭᠤᠯᠢ ᠶ᠋ᠢᠨ ᠳᠡᠳ᠋ ᠵᠠᠬᠢᠷᠤᠯ

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ 《ᠠᠮᠤ ᠪᠤᠳᠠᠭᠠᠨ ᠤ᠋ ᠦᠶ᠋ᠯᠡᠳᠪᠦᠷᠢᠯᠡᠯ ᠢ᠋ ᠲᠣᠭ᠍ᠲᠠᠪᠤᠷᠢᠵᠢᠭᠤᠯᠵᠤ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ》 ᠭᠡᠵᠦ᠍ ᠳᠤᠷᠠᠳᠴᠠᠶ᠃ ᠮᠠᠯ ᠠᠵᠤ ᠠᠬᠤᠶ ᠲᠠᠷᠢᠶᠠᠯᠠᠩ ᠪᠣᠯ ᠤᠯᠤᠰ ᠠᠷᠠᠳ ᠤ᠋ᠨ ᠠᠵᠤ ᠠᠬᠤᠶ ᠶ᠋ᠢᠨ ᠰᠠᠭᠤᠷᠢ ᠠᠵᠤ ᠦᠢᠯᠡᠰ ᠪᠣᠯᠬᠤ ᠪᠥᠭᠡᠳ ᠥᠷᠭᠡᠨ ᠣᠯᠠᠨ ᠮᠠᠯᠴᠢᠨ ᠲᠠᠷᠢᠶᠠᠴᠢᠨ ᠤ᠋ ᠣᠷᠣᠯᠭ᠎ᠠ ᠪᠠᠨ ᠨᠡᠮᠡᠭ᠌ᠳᠡᠭᠦᠯᠵᠦ᠍ ᠪᠠᠶᠠᠵᠢᠬᠤ ᠵᠢᠨ ᠭᠣᠣᠯ ᠠᠷᠭ᠎ᠠ ᠵᠠᠮ ᠮᠦᠨ᠃ ᠮᠠᠯ ᠠᠵᠤ ᠠᠬᠤᠢ ᠲᠠᠷᠢᠶᠠᠯᠠᠩ ᠢ᠋ ᠴᠢᠨᠠᠷ ᠰᠠᠢᠲᠠᠢ ᠬᠦᠭᠵᠢᠬᠦᠯᠬᠦ ᠨᠢ ᠮᠦᠨ ᠴᠦ᠍ ᠬᠥᠳᠡᠭᠡ ᠲᠣᠰᠭᠣᠨ ᠤ᠋ ᠠᠵᠤ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠵᠢᠨ ᠭᠤᠤᠯ ᠰᠡᠳᠦᠪ ᠪᠣᠯᠤᠨ᠎ᠠ ᠃
ᠮᠢᠨᠦ᠍ ᠦᠵᠡᠬᠦ᠌ ᠪᠡᠷ᠂ ᠥᠪᠥᠷ ᠮᠣᠩᠭᠣᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮᠡᠲᠠᠷᠢᠶᠠᠯᠡᠡᠭ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠥᠲᠥᠭᠡᠨ ᠪᠠᠢᠭᠤᠯᠬᠤ ᠲᠠᠯ᠎ᠠ ᠪᠠᠷ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠲᠣᠨᠣᠭ ᠲᠥᠬᠥᠭᠡᠷᠦᠮᠵᠢ ᠶ᠋ᠢᠨ ᠲᠤᠯᠭᠠᠭᠤᠷᠢᠯᠠᠯ ᠢ᠋ ᠬᠦᠴᠦᠯᠡᠨ ᠴᠢᠩᠭᠠᠳᠭᠠᠵᠤ᠂ ᠤᠯᠠᠮᠵᠢᠯᠠᠯᠲᠤ ᠮᠠᠯ ᠠᠵᠤ ᠠᠬᠤᠶ ᠲᠠᠷᠢᠶᠠᠯᠠᠩ ᠢ᠋ ᠬᠡᠪᠴᠢᠶᠡᠵᠢᠭ᠌ᠰᠡᠨ᠂ ᠠᠵᠤ ᠦᠢᠯᠡᠰᠵᠢᠭ᠌ᠰᠡᠨ᠂ ᠲᠥᠷᠥᠯ ᠲᠡᠮᠳᠡᠭ᠌ᠵᠢᠭ᠌ᠰᠡᠨ ᠣᠲᠣ ᠦᠶ᠎ᠡ ᠶ᠋ᠢᠨ ᠮᠠᠯ ᠠᠵᠤ ᠠᠬᠤᠶ ᠲᠠᠷᠢᠶᠠᠯᠠᠩ ᠲᠠᠢᠰᠢ ᠬᠡᠯᠪᠡᠷᠢ ᠪᠡᠨ ᠬᠤᠪᠢᠷᠠᠭᠤᠯᠤᠨ ᠬᠥᠭ᠌ᠵᠢᠭᠦᠯᠬᠦ᠌ ᠵᠢ ᠪᠡᠶᠡᠯᠡᠭᠦᠯᠬᠦ᠌ ᠴᠢᠬᠤᠯᠠᠳᠠᠢ᠃ ᠨᠢᠭᠡ ᠳ᠋ᠦ ᠣᠳᠣ ᠦᠶ᠎ᠡ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠮᠠᠯ ᠠᠵᠤ ᠠᠬᠤᠶ ᠲᠠᠷᠢᠶᠠᠯᠠᠩ ᠤ᠋ᠨ ᠮᠠᠱᠢᠨᠴᠢᠯᠠᠯᠲᠠ ᠶ᠋ᠢᠨ ᠲᠦᠪᠰᠢᠨ ᠢ᠋ ᠳᠡᠭᠡᠭ᠌ᠰᠢᠯᠡᠭᠦᠯᠵᠦ᠍᠂ ᠮᠠᠯ ᠠᠵᠤ ᠠᠬᠤᠶ ᠲᠠᠷᠢᠶᠠᠯᠠᠩ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ ᠤ᠋ᠨ ᠬᠡᠪᠴᠢᠶᠡᠵᠢᠨ ᠬᠥᠭ᠌ᠵᠢᠬᠦ᠌ ᠵᠢ ᠪᠡᠶᠡᠯᠡᠭᠦᠯᠦᠨ᠎ᠡ; ᠬᠣᠶᠠᠷ ᠲᠦ᠍ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰᠵᠢᠯᠲᠡ ᠶ᠋ᠢᠨ ᠭᠤᠤᠯ ᠴᠣᠭ᠍ᠴᠠ ᠵᠢ ᠪᠣᠢᠵᠢᠭᠤᠯᠬᠤᠪᠠᠷᠬᠤᠷᠰᠢᠶᠠᠵᠢᠯ ᠤ᠋ᠨ ᠵᠠᠭ᠍ᠪᠤᠷ ᠲᠦ᠍ ᠱᠢᠨ᠎ᠡ ᠵᠢ ᠡᠭᠦᠳᠴᠦ᠍᠂ ᠳᠠᠭᠠᠭᠤᠯᠤᠭ᠍ᠴᠢ ᠠᠵᠤ ᠠᠬᠤᠢᠯᠠᠯ ᠤ᠋ᠨ ᠳᠠᠢᠴᠢᠯᠠᠬᠤ ᠦᠶ᠋ᠯᠡᠳᠦᠯ ᠢ᠋ ᠪᠠᠳᠠᠷᠠᠭᠤᠯᠤᠨ᠂ ᠮᠠᠯ ᠠᠵᠤ ᠠᠬᠤᠶ ᠲᠠᠷᠢᠶᠠᠯᠠᠩ ᠤ᠋ᠨ ᠠᠵᠤ ᠦᠶ᠋ᠯᠡᠰ ᠤ᠋ᠨ ᠬᠡᠯᠬᠢᠶ᠎ᠡ ᠵᠢ ᠲᠡᠭᠦᠯᠳᠡᠷᠵᠢᠭᠦᠯᠵᠦ᠍᠂ ᠮᠠᠯ ᠠᠵᠤ ᠠᠬᠤᠶ ᠲᠠᠷᠢᠶᠠᠯᠠᠩ ᠤ᠋ᠨ ᠠᠵᠤ ᠦᠢᠯᠡᠰᠵᠢᠭᠰᠡᠨ ᠬᠥᠭ᠌ᠵᠢᠯᠲᠡ ᠵᠢ ᠪᠡᠶᠡᠯᠡᠭᠦᠯᠦᠨ᠎ᠡ; ᠭᠤᠷᠪᠠ ᠳ᠋ᠤ ᠭᠠᠵᠠᠷ ᠣᠷᠣᠨ ᠤ᠋ ᠬᠥᠭ᠌ᠵᠢᠯᠲᠡ ᠶ᠋ᠢᠨ ᠪᠣᠳᠠᠲᠤ ᠪᠠᠢᠳᠠᠯ ᠳ᠋ᠠᠭᠠᠨ ᠰᠠᠭᠤᠷᠢᠯᠠᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠤ ᠪᠦᠳᠦᠬᠡᠭᠳᠡᠬᠦᠨ ᠢ᠋ ᠨᠡᠭᠡᠭᠡᠨ ᠬᠥᠭ᠌ᠵᠢᠭᠦᠯᠵᠦ᠍᠂ ᠪᠤᠳᠠᠰ ᠤ᠋ᠨ ᠰᠦᠯᠵᠢᠶ᠎ᠡ ᠪᠠ ᠢᠨᠲ᠋ᠧᠷ ᠰᠦᠯᠵᠢᠶ᠎ᠡ ᠵᠡᠷᠭᠡ ᠲᠣᠭᠠᠴᠠᠯᠠᠭ᠍ᠰᠠᠨ ᠲᠠᠪᠴᠠᠩ ᠢ᠋ ᠠᠱᠢᠭ᠍ᠯᠠᠨ ᠤᠯᠠᠮᠵᠢᠯᠠᠯᠲᠤ ᠮᠠᠯ ᠠᠵᠤ ᠠᠬᠤᠶ ᠲᠠᠷᠢᠶᠠᠯᠠᠩ ᠳ᠋ᠤ ᠱᠢᠨ᠎ᠡ ᠠᠮᠢᠵᠢᠷᠠᠯ ᠤ᠋ᠨ ᠬᠦᠴᠦᠨ ᠣᠯᠭᠣᠵᠤ᠂ ᠮᠠᠯ ᠠᠵᠤ ᠠᠬᠤᠶ ᠲᠠᠷᠢᠶᠠᠯᠠᠩ ᠤ᠋ᠨ ᠲᠥᠷᠥᠯ ᠲᠡᠮᠳᠡᠭ᠌ ᠢ᠋ ᠪᠣᠶ ᠪᠤᠯᠭᠠᠬᠤ ᠴᠢᠬᠤᠯᠠᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃