2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-08 11:33:16

ᠵᠣᠬᠢᠶᠠᠭ᠍ᠴᠢ᠄ ᠯᠢ ᠬᠠᠨ ᠢᠦᠢ ᠲᠤᠤ ᠣᠩᠱᠢᠭ᠍ᠰᠠᠨ ᠣᠳᠠᠭ᠎ᠠ᠄ 3


QQ截图20230308111217.png


《ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠪᠦᠬᠦᠢᠯᠠ ᠠᠭᠤᠯᠭ᠎ᠠ ᠳ᠋ᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠬᠥᠮᠦᠰ᠎ᠦᠨ ᠰᠡᠳᠭᠢᠯ᠎ᠢ ᠤᠷᠮᠠᠰᠢᠭᠤᠯᠵᠤ᠂ ᠢᠲᠡᠭᠡᠯ ᠵᠣᠷᠢᠭ᠎ᠢ ᠨᠢᠭ᠍ᠲᠠᠷᠠᠭᠤᠯᠵᠤ᠂ ᠪᠢᠳᠡᠨ᠎ᠳᠦ ᠳᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠰᠡᠳᠭᠢᠮᠵᠢ ᠪᠣᠯᠤᠨ ᠴᠢᠭ᠌ᠯᠡᠯ᠎ᠢ ᠲᠣᠳᠣᠷᠬᠠᠢᠯᠠᠨ ᠦᠭᠴᠦ᠂ ᠬᠥᠭ᠌ᠵᠢᠯᠲᠡ᠎ᠶ᠋ᠢᠨ ᠠᠷᠭ᠎ᠠ ᠵᠠᠮ ᠪᠣᠯᠤᠨ ᠭᠣᠣᠯᠳᠠᠯᠭ᠎ᠠ᠎ᠶ᠋ᠢ ᠲᠣᠳᠣᠷᠬᠠᠢᠯᠠᠵᠤ ᠦᠭᠴᠡᠢ᠃ ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠬᠢᠯᠡᠯᠲᠡ᠎ᠶ᠋ᠢᠨ ᠵᠢᠯ ᠮᠥᠨ᠂ ᠡᠬᠢᠯᠡᠯᠲᠡ ᠨᠢ ᠪᠦᠬᠦ᠌ ᠲᠠᠯ᠎ᠠ᠎ᠶ᠋ᠢ ᠲᠣᠭ᠍ᠲᠠᠭᠠᠵᠤ᠂ ᠡᠬᠢᠯᠡᠯᠲᠡ ᠨᠢ ᠬᠣᠢᠰᠢᠳᠠ ᠵᠢᠨ ᠬᠦᠭᠵᠢᠯᠳᠠ ᠵᠢᠨ ᠪᠠᠢᠳᠠᠯ᠎ᠢ ᠳᠣᠭ᠍ᠲᠠᠭᠠᠨ᠎ᠠ》᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠾᠧ ᠬᠠᠶ ᠳ᠋ᠦᠩ ᠬᠠᠷᠠᠯᠲᠠ ᠪᠠᠲᠤ ᠴᠢᠩᠭ᠎ᠠ᠂ ᠢᠲᠡᠭᠡᠯ ᠳᠦᠭᠦᠷᠡᠩ ᠪᠠᠢᠯ᠎ᠠ᠃

ᠣᠷᠣᠨ᠎ᠤ ᠲᠥᠪ ᠬᠣᠲᠠ᠎ᠶ᠋ᠢᠨ ᠲᠦᠷᠭᠡᠨ ᠬᠥᠭ᠌ᠵᠢᠯᠲᠡ᠎ᠶ᠋ᠢ ᠴᠢᠷᠮᠠᠢᠨ ᠪᠡᠶᠡᠯᠡᠭᠦᠯᠬᠦ ᠳ᠋ᠤ᠌ ᠾᠧ ᠬᠠᠶ ᠳ᠋ᠦᠩ᠎ᠤᠨ ᠦᠵᠡᠬᠦ ᠪᠡᠷ᠂ ᠬᠥᠬᠡᠬᠣᠲᠠ᠎ᠶ᠋ᠢᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠲᠤᠷ ᠪᠡᠶᠡᠯᠡᠭᠦᠯᠵᠦ᠍ ᠂ 4 ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠠᠳᠭᠤᠨ᠎ᠠ᠃

ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠠᠯ᠎ᠠ᠎ᠪᠠᠷ᠂ ᠣᠷᠣᠨ᠎ᠤ ᠲᠥᠪ ᠬᠤᠲᠠ᠎ᠵᠢᠨ ᠪᠣᠳᠠᠲᠤ ᠪᠠᠢᠳᠠᠯ ᠪᠠ ᠣᠳᠣᠬᠢ ᠪᠠᠢᠳᠠᠯ᠎ᠲᠠᠶ ᠤᠶᠠᠯᠳᠤᠭᠤᠯᠤᠨ᠂ ᠶᠡᠷᠦᠩᠬᠡᠶ ᠬᠡᠮᠵᠢᠶ᠎ᠡ᠎ᠶ᠋ᠢ ᠥᠷᠭᠡᠳᠭᠡᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠵᠡᠷᠭᠡ᠎ᠳᠦᠨᠢ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ ᠳᠤᠲᠠᠭ᠍ᠳᠠᠯ᠎ᠲᠠᠶ ᠲᠠᠯ᠎ᠠ᠎ᠪᠠᠨ ᠲᠡᠪᠴᠢᠬᠦ᠌᠎ᠶ᠋ᠢ ᠪᠠᠷᠢᠮᠲᠠᠯᠠᠨ᠂ ᠱᠢᠯᠢᠳᠡᠭ ᠦᠷ᠎ᠡ ᠠᠱᠢᠭ᠎ᠢ ᠨᠡᠮᠡᠭ᠌ᠳᠡᠭᠦᠯᠵᠦ᠍᠂ ᠰᠦ ᠰᠠᠭᠠᠯᠢ᠎ᠶ᠋ᠢᠨ ᠦᠶ᠋ᠯᠡᠰ᠂ ᠡᠪᠡᠰᠦᠨ ᠎ᠤ ᠦᠷ᠎ᠡ᠎ᠶ᠋ᠢᠨ ᠦᠶ᠋ᠯᠡᠰ᠂ ᠲᠣᠮᠣ ᠳ᠋ᠠᠢᠲ᠋ᠠ᠂ ᠴᠠᠬᠢᠭᠤᠷ᠎ᠤᠨ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ ᠪᠠ ᠰᠠᠨᠰᠠᠷ᠎ᠤᠨ ᠠᠶᠠᠯᠠᠯ᠎ᠤᠨ ᠠᠵᠤ ᠦᠶ᠋ᠯᠡᠰ᠎ᠵᠡᠷᠭᠡ 6 ᠶᠡᠬᠡ ᠠᠵᠤ ᠦᠶ᠋ᠯᠡᠰ᠎ᠦᠨ ᠪᠦᠯᠦᠭ᠌ᠵᠢᠯ᠎ᠢ ᠲᠣᠪᠣᠢᠮ᠎ᠠ ᠰᠠᠢᠲᠤᠷ ᠠᠳᠭᠤᠵᠤ᠂ ᠰᠦ᠎ᠶ᠋ᠢᠨ ᠦᠢᠯᠡᠰ᠎ᠢ ᠪᠤᠵᠠᠭᠠᠢᠷᠠᠭᠤᠯᠬᠤ ᠮᠥᠷᠲᠡᠭᠡᠨ ᠬᠦᠴᠦᠷᠬᠡᠭ᠌ᠵᠢᠭᠦᠯᠤᠨ᠎ᠠ; ᠡᠪᠡᠰᠦᠨ᠎ᠤ ᠦᠷ᠎ᠡ᠎ᠶ᠋ᠢᠨ ᠦᠢᠯᠡᠰ᠎ᠤᠨ ᠲᠠᠯ᠎ᠠ ᠪᠡᠷ 《ᠠᠮᠢ ᠠᠬᠤᠶ᠎ᠶ᠋ᠢᠨ ᠡᠪᠡᠰᠦ》 ᠶ᠋ᠢ ᠬᠦᠴᠦᠷᠬᠡᠭ᠌ᠵᠢᠭᠦᠯᠬᠦ᠌᠎ᠪᠡᠷ ᠪᠠᠷᠠᠬᠤ ᠦᠭᠡᠶ ᠪᠠᠰᠠ 《ᠠᠵᠤ ᠦᠢᠯᠡᠰ᠎ᠦᠨ ᠡᠪᠡᠰᠦ》ᠶ᠋ᠢ ᠪᠤᠵᠠᠭᠠᠢᠷᠠᠭᠤᠯᠤᠨ᠎ᠠ; ᠲᠤᠮᠤ ᠳ᠋ᠠᠢᠲ᠋ᠠ᠎ᠶ᠋ᠢᠨ ᠠᠵᠤ ᠦᠢᠯᠡᠰ᠎ᠤᠨ ᠲᠠᠯ᠎ᠠ ᠪᠡᠷ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠎ᠪᠠᠷ ᠪᠠᠷᠠᠬᠤ ᠦᠭᠡᠢ ᠪᠠᠰᠠ 《ᠠᠮᠢ ᠠᠬᠤᠢ᠎ᠶ᠋ᠢᠨ ᠬᠦᠷᠢᠶ᠎ᠡ》ᠵᠢ ᠬᠦᠴᠦᠷᠬᠡᠭ᠌ᠵᠢᠭᠦᠯᠤᠨ᠎ᠠ; ᠴᠠᠬᠢᠭᠤᠷ᠎ᠤᠨ ᠮᠠᠲ᠋ᠧᠷᠢᠶᠠᠯ᠎ᠤᠨ ᠠᠵᠤ ᠦᠶ᠋ᠯᠡᠰ᠎ᠤᠨ ᠲᠠᠯ᠎ᠠ ᠪᠡᠷ 《ᠬᠡᠯᠬᠢᠶ᠎ᠡ᠎ᠶ᠋ᠢ ᠤᠷᠲᠤᠳᠭᠠᠬᠤ》 ᠪᠡᠷ ᠪᠠᠷᠠᠬᠤ ᠦᠭᠡᠶ ᠪᠠᠰᠠ ᠪᠠᠰᠠ 《ᠳᠡᠭᠡᠳᠦ ᠲᠠᠰ᠎ᠤᠨ ᠪᠣᠯᠭᠠᠨ᠎ᠠ》; ᠠᠮᠢᠳᠤ ᠪᠣᠳᠠᠰ᠎ᠤᠨ ᠡᠮ ᠡᠮᠨᠡᠯᠭᠡ᠂ ᠢᠯᠠᠩᠭᠤᠶ᠎ᠠ ᠠᠮᠢᠲᠠᠨ᠎ᠤ ᠸᠠᠺᠼᠢᠨ ᠨᠢ ᠵᠠᠬ᠎ᠠ ᠳᠡᠯᠭᠡᠭᠦᠷ᠎ᠢ ᠡᠵᠡᠯᠡᠬᠦ᠌ ᠬᠡᠷᠡᠭ᠌ᠲᠡᠶ ᠮᠥᠷᠲᠡᠭᠡᠨ ᠪᠠᠰᠠ ᠥᠨᠳᠥᠷᠯᠢᠭ᠎ᠢ ᠡᠵᠡᠯᠡᠨ᠎ᠠ; ᠰᠠᠨᠰᠠᠷ᠎ᠤᠨ ᠠᠶᠠᠯᠠᠯ᠎ᠤᠨ ᠠᠵᠤ ᠦᠢᠯᠡᠰ᠎ᠤᠨ ᠲᠠᠯ᠎ᠠ ᠪᠡᠷ 《ᠶᠠᠪᠤᠳᠠᠯ᠎ᠢ ᠰᠡᠳᠦᠵᠤ ᠡᠬᠢᠯᠡᠬᠦᠯᠬᠦ》 ᠵᠢᠨ ᠬᠠᠮᠲᠤ ᠪᠠᠰᠠ 《ᠳᠠᠢ᠌ᠴᠢᠯᠠᠯᠳᠠ ᠵᠢ ᠪᠦᠷᠢᠯᠳᠦᠭᠦᠯᠤᠨ᠎ᠠ》 ᠃

ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠂ ᠥᠪᠡᠷᠮᠢᠴᠡ ᠣᠨᠴᠠᠯᠢᠭ᠎ᠲᠠᠶ 《ᠦᠵᠡᠰᠭᠦᠯᠡᠩᠲᠦ ᠰᠠᠢᠬᠠᠨ ᠬᠥᠬᠡᠬᠣᠲᠠ᠂ ᠲᠠᠯ᠎ᠠ ᠨᠤᠲᠤᠭ᠎ᠤᠨ ᠲᠣᠮᠣ ᠬᠣᠲᠠ》 ᠶ᠋ᠢ ᠪᠦᠳᠦᠬᠡᠨ ᠪᠠᠢᠭᠤᠯᠬᠤ᠎ᠪᠠᠷ ᠬᠠᠷᠠᠯᠲᠠ ᠪᠠᠢᠷᠢ ᠲᠣᠭ᠍ᠲᠠᠭᠠᠯᠲᠠ ᠪᠣᠯᠭᠠᠵᠤ᠂ ᠱᠠᠩᠬᠠᠶ᠂ ᠱᠧᠨᠵᠧᠨ᠂ ᠬᠠᠩᠵᠧᠦ ᠵᠡᠷᠭᠡ ᠲᠡᠷᠢᠭᠦᠨ᠎ᠦ ᠬᠣᠲᠠ᠎ᠲᠠᠶ ᠬᠠᠷᠢᠴᠠᠭᠤᠯᠵᠤ᠂ ᠲᠥᠪᠯᠡᠷᠡᠭᠦᠯᠦᠨ ᠡᠷᠴᠢᠮᠵᠢᠭᠦᠯᠦᠨ ᠪᠥᠲᠥᠭᠡᠨ ᠪᠠᠢᠭᠤᠯᠵᠤ᠂ 《ᠨᠢᠭᠡ ᠭᠤᠤᠯ ᠨᠢᠭᠡ ᠳᠡᠳ᠋》 ᠂ 《ᠨᠢᠭᠡ ᠲᠥᠪ ᠬᠣᠶᠠᠷ ᠵᠢᠭᠦᠷ》 ᠤ᠋ᠨ ᠬᠣᠲᠠ᠎ᠶ᠋ᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠰᠠᠢᠲᠤᠷ ᠪᠠᠢᠷᠢᠯᠠᠭᠤᠯᠤᠨ᠎ᠠ᠃ ᠠᠷᠠᠳ ᠲᠦᠮᠡᠨ᠎ᠳᠦ ᠦᠢᠯᠡᠴᠢᠯᠡᠨ ᠪᠦᠳᠦᠭᠡᠨ ᠪᠠᠢᠭᠤᠯᠤᠯᠲᠠ ᠬᠢᠵᠦ᠍᠂ ᠠᠮᠢ ᠠᠬᠤᠢ ᠣᠷᠴᠢᠨ ᠲᠣᠭᠣᠷᠢᠨ᠎ᠢ ᠰᠠᠢᠲᠤᠷ ᠥᠭᠡᠷᠡᠴᠢᠯᠡᠵᠦ᠂ ᠠᠮᠢᠳᠤᠷᠠᠯ᠎ᠤᠨ ᠣᠷᠴᠢᠨ ᠨᠦᠬᠦᠴᠡᠯ᠎ᠢ ᠰᠠᠢᠲᠤᠷ ᠰᠠᠢᠵᠢᠷᠠᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠰᠠᠢᠲᠤᠷ ᠡᠬᠦᠳᠤᠨ᠎ᠠ᠃ ᠬᠣᠲᠠ᠎ᠶ᠋ᠢ ᠨᠠᠷᠢᠨ ᠨᠢᠭᠲᠠ ᠬᠠᠮᠢᠶᠠᠷᠴᠤ᠌᠂ 《ᠣᠶᠤᠨᠴᠢ ᠬᠠᠮᠢᠶᠠᠷᠤᠯᠲᠠ + ᠪᠥᠬᠥ᠌ ᠠᠷᠠᠳ᠎ᠵᠢᠡᠷ᠎ᠵᠢᠡᠨ ᠣᠷᠣᠯᠴᠠᠬᠤ》ᠶ᠋ᠢ ᠪᠠᠷᠢᠮᠲᠠᠯᠠᠵᠤ᠂《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ᠂ ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌᠂ ᠨᠢᠭᠡ ᠨᠣᠮᠧᠷ᠎ᠢᠶᠡᠷ ᠭᠥᠯᠢᠶᠡᠨ ᠠᠪᠴᠤ᠌ ᠭᠦᠶ᠋ᠴᠡᠳᠭᠡᠬᠦ᠌》 ᠡᠨᠡ ᠬᠦ᠌ 《ᠭᠤᠷᠪᠠᠨ ᠨᠢᠭᠡ》 ᠶ᠋ᠢ ᠭᠤᠤᠯᠳᠠᠯᠭ᠎ᠠ᠎ᠲᠠᠶ ᠰᠠᠢᠲᠤᠷ ᠠᠳᠭᠤᠨ᠎ᠠ᠃

ᠠᠷᠠᠳ᠎ᠤᠨ ᠠᠮᠢᠳᠤᠷᠠᠯ᠎ᠢ ᠪᠠᠲᠤᠯᠠᠬᠤ ᠲᠠᠯ᠎ᠠ᠎ᠪᠠᠷ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠠᠮᠤᠷ ᠠᠮᠤᠭᠤᠯᠠᠩ ᠲᠥᠪ ᠬᠣᠲᠠ᠎ᠶ᠋ᠢᠨ ᠪᠥᠲᠥᠭᠡᠨ ᠪᠠᠢᠭᠤᠯᠤᠯᠲᠠ ᠵᠡᠷᠭᠡ 4 ᠲᠠᠯ᠎ᠠ᠎ᠶ᠋ᠢ ᠭᠤᠤᠯᠳᠠᠯᠭ᠎ᠠ᠎ᠲᠠᠶ ᠰᠠᠢᠲᠤᠷ ᠠᠳᠭᠤᠨ᠎ᠠ᠃ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠠᠯ᠎ᠠ᠎ᠪᠠᠷ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠳᠠᠬᠢᠨ ᠴᠣᠭ᠍ᠴᠠᠯᠠᠵᠤ᠂ ᠳᠦᠷᠢᠮ᠂ ᠬᠠᠮᠢᠶᠠᠷᠤᠯᠲᠠ᠂ ᠡᠳ᠋᠎ᠦᠨ ᠵᠠᠰᠠᠭ ᠤ᠋ᠨ ᠲᠥᠰᠦᠪ᠎ᠦᠨ ᠣᠷᠣᠭᠤᠯᠤᠯᠲᠠ᠎ᠶ᠋ᠢᠨ ᠲᠣᠭ᠍ᠲᠠᠴᠠ᠂ ᠣᠯᠠᠨ ᠲᠦᠮᠡᠨ᠎ᠦ ᠪᠠᠴᠢᠮᠳᠠᠵᠤ ᠬᠦᠴᠢᠷᠳᠠᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠡᠴᠡ ᠭᠠᠷᠳᠠᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面