2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-08 14:42:41

ᠵᠣᠬᠢᠶᠠᠭ᠍ᠴᠢ᠄ ᠪᠠᠶ ᠳ᠋ᠠᠨ ᠣᠩᠱᠢᠭ᠍ᠰᠠᠨ ᠣᠳᠠᠭ᠎ᠠ᠄ 3

ᠢᠦᠶ ᠷᠧᠨ ᠵᠢᠶᠧ ᠄

ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ 《9·3》 ᠡᠷᠳᠡᠮ ᠱᠢᠨᠵᠢᠯᠡᠭᠡᠨ ᠤ᠋ ᠨᠡᠢᠭᠡᠮᠯᠢᠭ ᠤ᠋ᠨ ᠥᠪᠥᠷ ᠮᠣᠩᠭᠣᠯ ᠤ᠋ᠨ ᠬᠣᠷᠢᠶ᠎ᠠ ᠵᠢᠨ ᠡᠷᠬᠢᠯᠡᠭ᠌ᠴᠢ ᠭᠡᠱᠢᠭᠦᠨ ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠠᠯᠠ ᠣᠷᠣᠭᠤᠯᠤᠯᠲᠠ (ᠪᠦᠯᠦᠭ᠌ᠯᠡᠯ ) ᠵᠢᠨ ᠬᠢᠵᠠᠭᠠᠷᠲᠤ ᠺᠣᠮᠫᠠᠨᠢ ᠵᠢᠨ ᠶᠡᠷᠦᠩᠬᠡᠶ ᠳᠠᠭᠠᠭᠠᠮᠠᠯ


QQ截图20230308104729.png


ᠣᠳᠣᠬᠠᠨ ᠳ᠋ᠤ ᠥᠪᠥᠷ ᠮᠣᠩᠭᠣᠯ ᠶᠠᠭ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠵᠠᠩᠭᠢᠯᠠᠭ᠎ᠠ ᠵᠢᠨ ᠬᠤᠭᠤᠴᠠᠭᠠᠨ ᠳ᠋ᠤ ᠣᠷᠣᠱᠢᠵᠤ ᠪᠠᠢᠨ᠎ᠠ᠃ ᠲᠠᠷᠠᠭᠠᠴᠢ ᠪᠡᠷ ᠪᠢᠳᠡ ᠰᠠᠨᠠᠭᠠᠴᠢᠯᠠᠭ᠎ᠠ ᠡᠴᠡ ᠪᠠᠨ ᠪᠦᠲᠦᠴᠡ ᠶ᠋ᠢ ᠲᠣᠬᠢᠷᠠᠭᠤᠯᠤᠨ ᠱᠢᠯᠢᠳᠡᠭ᠌ᠵᠢᠭᠦᠯᠬᠦ᠌᠂ ᠬᠥᠭ᠌ᠵᠢᠯᠲᠡ ᠵᠢᠨ ᠬᠥᠳᠡᠯᠭᠡᠬᠦ᠌ ᠬᠦᠴᠦᠨ ᠢ᠋ ᠴᠢᠩᠭᠠᠷᠠᠭᠤᠯᠬᠤ ᠶ᠋ᠢ ᠱᠢᠨ᠎ᠡ ᠬᠥᠭ᠌ᠵᠢᠯᠲᠡ ᠵᠢᠨ ᠪᠠᠢᠷᠢᠱᠢᠯ ᠢ᠋ ᠪᠠᠢᠭᠤᠯᠬᠤ ᠳᠤᠮᠳᠠ ᠲᠥᠯᠥᠪᠵᠢᠭᠦᠯᠦᠨ ᠠᠬᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢᠨ ᠲᠣᠭᠣᠷᠢᠨ ᠳ᠋ᠤ᠂ ᠲᠣᠭ᠍ᠲᠠᠭᠤᠨ ᠤ᠋ ᠳᠤᠮᠳᠠ ᠲᠦᠷᠭᠡᠨ ᠤᠷᠤᠭ᠍ᠰᠢᠯᠠᠬᠤ᠂ ᠲᠣᠭ᠍ᠲᠠᠭᠤᠨ ᠤ᠋ ᠳᠤᠮᠳᠠ ᠰᠠᠢᠳᠤᠷ ᠤᠷᠤᠭᠰᠢᠯᠠᠬᠤ ᠵᠢ ᠪᠠᠷᠢᠮᠲᠠᠯᠠᠨ᠂ ᠳᠡᠭᠡᠳᠦ ᠲᠦᠪᠱᠢᠨᠵᠢᠭ᠌ᠰᠡᠨ᠂ ᠪᠣᠬᠢᠷᠲᠤᠯ ᠥᠬᠡᠢᠵᠢᠭᠰᠡᠨ᠂ ᠣᠶᠤᠨᠴᠢᠯᠠᠭ᠍ᠰᠠᠨ ᠴᠢᠭ᠌ᠯᠡᠯ ᠵᠢᠡᠷ ᠬᠦᠴᠦᠯᠡᠵᠤ᠂ ᠠᠵᠤ ᠦᠶ᠋ᠯᠡᠰ ᠤ᠋ᠨ ᠪᠦᠲᠦᠴᠡ ᠪᠠ ᠡᠨᠧᠷᠭᠢ ᠵᠢᠨ ᠪᠦᠲᠦᠴᠡ ᠵᠢᠨ ᠲᠣᠬᠢᠷᠠᠭᠤᠯᠤᠯᠲᠠ᠎ᠶ᠋ᠢ ᠲᠦᠷᠭᠡᠳᠭᠡᠨ᠂ ᠪᠣᠬᠢᠷᠲᠤᠯ ᠥᠬᠡᠶ ᠠᠷᠪᠢᠴᠢ ᠡᠷᠴᠢᠮᠯᠢᠭ ᠬᠥᠭ᠌ᠵᠢᠯᠲᠡ ᠶ᠋ᠢ ᠪᠥᠬᠥ᠌ ᠲᠠᠯ᠎ᠠ ᠪᠠᠷ ᠠᠬᠢᠭᠤᠯᠤᠨ᠎ᠠ᠃

ᠭᠣᠣᠯᠳᠠᠯᠭ᠎ᠠ ᠲᠠᠶ ᠠᠵᠤ ᠦᠢᠯᠡᠰ ᠤ᠋ᠨ ᠪᠦᠯᠦᠭ᠌ᠯᠡᠯ ᠪᠣᠯᠤᠨ ᠠᠵᠤ ᠦᠢᠯᠡᠰ ᠤ᠋ᠨ ᠬᠡᠯᠬᠢᠶ᠎ᠡ ᠵᠢᠨ ᠲᠤᠭᠤᠷᠢᠨ ᠳ᠋ᠤ ᠨᠢᠭᠡ ᠪᠦᠯᠦᠭ ᠭᠣᠣᠯᠳᠠᠯᠭ᠎ᠠ ᠲᠠᠶ ᠲᠥᠷᠥᠯ ᠵᠦᠢᠯ ᠪᠣᠯᠤᠨ ᠳᠠᠭᠠᠭᠤᠯᠤᠭ᠍ᠴᠢ ᠠᠵᠤ ᠠᠬᠤᠢᠯᠠᠯ ᠢ᠋ ᠬᠡᠯᠬᠢᠶᠡᠵᠢᠬᠦᠯᠦᠭᠰᠠᠨ ᠪᠦᠯᠦᠭᠵᠢᠬᠦᠯᠦᠭᠰᠡᠨ ᠬᠡᠯᠪᠡᠷᠢ ᠪᠡᠷ ᠣᠷᠣᠭᠤᠯᠤᠨ ᠠᠪᠴᠢᠷᠠᠵᠤ ᠪᠠᠢᠷᠢᠱᠢᠭᠤᠯᠤᠨ᠂ ᠠᠵᠤ ᠦᠢᠯᠡᠰ ᠤ᠋ᠨ ᠬᠠᠷᠢᠯᠴᠠᠨ ᠨᠡᠪᠴᠢᠵᠦ᠍ ᠠᠭᠤᠰᠤᠯᠴᠠᠨ ᠬᠥᠭ᠌ᠵᠢᠬᠦ᠌ ᠶ᠋ᠢ ᠦᠷᠭᠦᠯᠵᠢᠯᠡᠨ ᠲᠦᠷᠭᠡᠳᠭᠡᠵᠦ᠍᠂ ᠪᠦᠬᠦ᠌ ᠠᠵᠤ ᠦᠢᠯᠡᠰ ᠤ᠋ᠨ ᠬᠡᠯᠬᠢᠶ᠎ᠡ ᠪᠦᠬᠦᠢ ᠣᠳᠣ ᠦᠶ᠎ᠡ ᠵᠢᠨ ᠠᠵᠤ ᠦᠢᠯᠡᠰ ᠤ᠋ᠨ ᠱᠢᠰᠲᠧᠮ ᠢ᠋ ᠪᠠᠢᠭᠤᠯᠤᠨ᠎ᠠ᠃

《ᠬᠤᠤᠰ ᠨᠡᠭᠦᠷᠡᠰᠦᠲᠥ᠋ᠷᠥᠭ᠌ᠴᠢ》 ᠵᠡᠷᠭᠡ ᠬᠦᠷᠢᠶᠡᠨ ᠳ᠋ᠡᠬᠢ ᠵᠠᠩᠭᠢᠯᠠᠭ᠎ᠠ ᠵᠢᠨ ᠮᠡᠷᠭᠡᠵᠢᠯ ᠤ᠋ᠨ ᠪᠣᠭᠣᠮᠲᠠ ᠱᠢᠪᠲᠤᠯᠤᠯᠳᠠ ᠪᠠ ᠦᠷ᠎ᠡ ᠪᠦᠲᠦᠭᠡᠯ ᠢ᠋ ᠤᠨᠳᠤᠤᠱᠢᠭᠤᠯᠤᠨ ᠬᠡᠷᠡᠭ᠌ᠯᠡᠬᠦ᠌ ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ᠋ ᠨᠢᠭᠡ ᠴᠣᠭ᠍ᠴᠠᠵᠢᠭᠤᠯᠬᠤ ᠲᠠᠪᠴᠠᠩ ᠢ᠋ ᠪᠠᠢᠭᠤᠯᠤᠨ᠂ ᠠᠵᠤ ᠦᠶ᠋ᠯᠡᠰ ᠤ᠋ᠨ ᠬᠥᠭ᠌ᠵᠢᠯᠲᠡ ᠵᠢᠨ ᠱᠢᠨ᠎ᠡ ᠥᠨᠳᠥᠷᠯᠢᠭ᠂ ᠴᠢᠳᠠᠪᠤᠷᠢᠲᠠᠨ ᠤ᠋ ᠲᠥᠪᠯᠡᠷᠡᠯ ᠤ᠋ᠨ 《ᠣᠶᠤᠨ ᠤ᠋ ᠥᠨᠳᠥᠷᠯᠢᠭ》 ᠢ᠋ ᠪᠠᠢᠭᠤᠯᠵᠤ᠂ ᠱᠢᠨ᠎ᠡ ᠬᠥᠳᠡᠯᠭᠡᠬᠦ᠌ ᠡᠨᠧᠷᠭᠢ᠂ ᠱᠢᠨ᠎ᠡ ᠳᠠᠪᠠᠭᠤᠯᠢᠭ ᠢ᠋ ᠪᠣᠢᠵᠢᠭᠤᠯᠤᠨ ᠬᠥᠭ᠌ᠵᠢᠭᠦᠯᠵᠦ᠍ ᠂ ᠴᠢᠨᠠᠷ ᠰᠠᠢᠲᠠᠶ ᠬᠥᠭ᠌ᠵᠢᠯᠲᠡ ᠵᠢᠨ 《ᠪᠣᠯᠣᠳ ᠪᠡᠶ᠎ᠠ》 ᠵᠢ ᠴᠤᠭᠴᠠᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面