2023-03-08 14:46:55
ᠦ᠋ ᠴᠧᠩ ᠄
ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠦᠶ᠋ᠯᠡᠳᠪᠦᠷᠢ ᠬᠤᠳᠠᠯᠳᠤᠭᠠᠨ ᠤ᠋ ᠬᠣᠯᠪᠣᠭ᠎ᠠ ᠵᠢᠨ ᠳᠡᠳ᠋ ᠲᠡᠷᠢᠭᠦᠯᠡᠭ᠌ᠴᠢ᠂ ᠭᠦᠸᠧ ᠴᠧᠩ ᠬᠤᠪᠢ ᠡᠵᠡᠮᠳᠡᠭ᠌ᠰᠡᠨ ᠪᠦᠯᠦᠭ᠌ᠯᠡᠯ ᠺᠤᠮᠫᠠᠨᠢ ᠵᠢᠨ ᠬᠡᠷᠡᠭ ᠮᠡᠳᠡᠭ᠌ᠴᠢᠳ ᠤ᠋ᠨ ᠳᠠᠷᠤᠭ᠎ᠠ

ᠣᠳᠣᠬᠠᠨ ᠳ᠋ᠤ ᠥᠪᠥᠷ ᠮᠣᠩᠭᠣᠯ ᠲᠥᠪ ᠤ᠋ᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠪᠥᠬᠥ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠠᠭ ᠤᠯᠠᠮᠵᠢᠯᠠᠯᠲᠤ ᠠᠵᠤ ᠦᠢᠯᠡᠰ ᠢ᠋ 《ᠲᠤᠢᠯᠪᠤᠷᠢᠲᠠᠢ ᠥᠭᠡᠷᠡᠴᠢᠯᠡᠬᠦ》᠂ ᠱᠢᠨ᠎ᠡ ᠪᠡᠷ ᠮᠠᠨᠳᠤᠭᠰᠠᠨ ᠠᠵᠤ ᠦᠢᠯᠡᠰ ᠢ᠋ 《ᠪᠤᠵᠠᠭᠠᠢᠷᠠᠭᠤᠯᠤᠨ ᠬᠦᠴᠤᠷᠭᠡᠬᠵᠢᠬᠦᠯᠬᠦ》᠂ ᠲᠤᠯᠭᠠᠭᠤᠷᠢ ᠠᠵᠤ ᠦᠢᠯᠡᠰ ᠢ᠋ 《ᠬᠡᠯᠬᠢᠶᠡᠵᠢᠬᠦᠯᠵᠤ ᠪᠦᠯᠦᠭᠵᠢᠬᠦᠯᠬᠦ》 ᠵᠢ ᠲᠦᠷᠭᠡᠳᠭᠡᠨ ᠠᠬᠢᠭᠤᠯᠵᠤ᠂ ᠪᠦᠲᠦᠴᠡ ᠶ᠋ᠢ ᠤᠯᠠᠮ ᠨᠢᠭᠡ ᠠᠯᠬᠤᠮ ᠳᠣᠭᠢᠷᠠᠭᠤᠯᠤᠨ ᠱᠢᠯᠢᠳᠡᠭ᠌ᠵᠢᠭᠦᠯᠵᠦ᠍ ᠂ ᠬᠥᠭ᠌ᠵᠢᠯᠲᠡ ᠵᠢᠨ ᠬᠥᠳᠡᠯᠭᠡᠬᠦ᠌ ᠬᠦᠴᠦᠨᠢ ᠴᠢᠩᠭᠠᠷᠠᠭᠤᠯᠵᠤ ᠪᠠᠢᠨ᠎ᠠ᠃
ᠡᠨᠡ ᠵᠢᠯ ᠪᠣᠯ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ ᠵᠢᠨ ᠵᠢᠯ ᠮᠥᠨ᠂ ᠲᠡᠦᠬᠡ ᠵᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠭᠦᠸᠧ ᠴᠧᠩ ᠬᠤᠪᠢ ᠡᠵᠡᠮᠳᠡᠭ᠌ᠰᠡᠨ ᠪᠦᠯᠦᠭ᠌ᠯᠡᠯ ᠺᠤᠮᠫᠠᠨᠢ ᠪᠦᠲᠦᠴᠡ ᠶ᠋ᠢ ᠲᠤᠬᠢᠷᠠᠭᠤᠯᠤᠨ ᠱᠢᠯᠢᠳᠡᠭ᠌ᠵᠢᠭᠦᠯᠬᠦ᠌ ᠲᠤᠯᠭᠠᠮ ᠰᠡᠳᠭᠢᠯᠭᠡ ᠪᠤᠯᠤᠨ ᠬᠠᠷᠢᠭᠤᠴᠠᠯᠭᠠᠳᠤ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠭᠠᠵᠤ᠂ ᠤᠯᠤᠰ ᠤ᠋ᠨ ᠤᠷᠢᠶᠠᠯᠠᠭ᠎ᠠ ᠶ᠋ᠢ ᠢᠳᠡᠪᠬᠢᠲᠡᠢ ᠴᠤᠤᠷᠢᠶᠠᠲᠤᠨ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠶᠤᠨᠴᠢ ᠦᠢᠯᠡᠳᠭᠡᠯ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠡᠷᠭᠡ ᠱᠢᠨ᠎ᠡ ᠪᠡᠷ ᠮᠠᠨᠳᠤᠵᠤ ᠪᠠᠢᠭ᠎ᠠ ᠠᠵᠤ ᠦᠢᠯᠡᠰ ᠢ᠋ ᠶᠡᠬᠡ ᠪᠡᠷ ᠬᠥᠭ᠌ᠵᠢᠭᠦᠯᠵᠦ᠍᠂ ᠦᠷᠭᠦᠯᠵᠢᠯᠡᠬᠦ᠌ ᠬᠥᠭ᠌ᠵᠢᠯᠲᠡ ᠵᠢᠨ ᠪᠦᠲᠦᠴᠡ ᠶ᠋ᠢ ᠲᠡᠭᠦᠯᠳᠡᠷᠵᠢᠭᠦᠯᠤᠨ᠂ ᠠᠵᠤ ᠦᠢᠯᠡᠰ ᠤ᠋ᠨ ᠬᠡᠯᠬᠢᠶ᠎ᠡ ᠶ᠋ᠢ ᠤᠷᠲᠤᠳᠭᠠᠵᠤ᠂ ᠦᠷᠳᠡᠭ ᠤ᠋ᠨ ᠬᠡᠯᠬᠢᠶ᠎ᠡ ᠶ᠋ᠢ ᠳᠡᠭᠡᠭ᠌ᠰᠢᠯᠡᠭᠦᠯᠤᠨ᠂ ᠡᠬᠢ ᠪᠠᠶᠠᠯᠢᠭ ᠤ᠋ᠨ ᠠᠱᠢᠭ᠍ᠯᠠᠯᠲᠠ ᠵᠢᠨ ᠨᠤᠷᠮ᠎ᠠ ᠶ᠋ᠢ ᠳᠡᠭᠡᠭ᠌ᠰᠢᠯᠡᠭᠦᠯᠵᠦ᠍᠂ 《ᠬᠣᠶᠠᠷ ᠬᠠᠯᠬᠠᠪᠴᠢ 》᠂ 《ᠬᠣᠶᠠᠷ ᠰᠠᠭᠤᠷᠢᠨ》᠂ 《ᠴᠢᠬᠤᠯᠠ ᠪᠡᠬᠢᠯᠡᠯᠲᠡ》 ᠵᠢᠨ ᠪᠦᠳᠦᠭᠡᠨ ᠪᠠᠢᠭᠤᠯᠤᠯᠲᠠ ᠶ᠋ᠢ ᠠᠬᠢᠭᠤᠯᠬᠤ ᠳ᠋ᠤ ᠬᠦᠴᠦᠨ ᠴᠢᠳᠠᠯ ᠵᠢᠡᠨ ᠡᠷᠭᠦᠨ᠎ᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃