2023-03-09 10:03:27

ᠱᠢᠩ ᠵᠢᠶᠧ ᠬᠣᠩ᠄
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠮᠣᠩᠭᠣᠯ ᠡᠮ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠢᠨᠵᠧᠨᠧᠷ
ᠪᠢ ᠡᠮ ᠡᠮᠨᠡᠯᠭᠡ᠎ᠶ᠋ᠢᠨ ᠤᠬᠠᠭᠠᠨ᠎ᠤ ᠰᠤᠷᠭᠠᠨ ᠬᠥᠮᠦᠵᠢᠯ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠤᠪᠢᠷᠠᠭᠤᠯᠤᠯᠲᠠ᠎ᠶ᠋ᠢ ᠨᠡᠩ ᠢᠯᠡᠭᠦᠦ ᠠᠩᠬᠠᠷᠴᠤ᠌ ᠪᠠᠢᠨ᠎ᠠ᠂ ᠢᠯᠠᠩᠭᠤᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢᠨ ᠤᠷᠢᠲᠠᠯ ᠳᠣᠣᠷ᠎ᠠ ᠬᠡᠷᠬᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠲᠤᠰᠭᠠᠢ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠪᠠᠷᠢᠮᠲᠠᠯᠠᠬᠤ ᠶᠠᠪᠤᠲᠠᠯ ᠪᠤᠯᠤᠨ᠎ᠠ᠃
ᠮᠢᠨᠦ᠍ ᠡᠷᠭᠢᠯᠡᠵᠦ᠍ ᠪᠠᠢᠭ᠎ᠠ ᠮᠣᠩᠭᠣᠯ ᠡᠮ ᠡᠮᠨᠡᠯᠭᠡ᠎ᠶ᠋ᠢᠨ ᠰᠤᠳᠤᠯᠤᠨ ᠨᠡᠭᠡᠭᠡᠬᠦ᠌ ᠠᠵᠢᠯ ᠨᠢ ᠡᠯ᠎ᠡ ᠱᠠᠲᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠯᠠᠭ᠎ᠠ ᠮᠥᠴᠢᠷ᠎ᠦᠨ ᠬᠦᠴᠦᠲᠡᠶ ᠳᠡᠮᠵᠢᠯᠭᠡ᠎ᠶ᠋ᠢ ᠣᠯᠵᠤ᠂ ᠠᠵᠤ ᠠᠬᠤᠢᠯᠠᠯ᠎ᠤᠨ ᠮᠣᠩᠭᠣᠯ ᠡᠮ᠎ᠦᠨ ᠦᠶ᠋ᠯᠡᠳᠬᠦᠨ᠎ᠢ ᠬᠣᠶᠠᠳᠠᠬᠢ ᠤᠳᠠᠭ᠎ᠠ ᠨᠡᠭᠡᠭᠡᠨ ᠬᠥᠭ᠌ᠵᠢᠭᠦᠯᠬᠦ᠌ ᠪᠠ ᠲᠣᠮᠣ ᠲᠥᠷᠥᠯ ᠵᠦᠶ᠋ᠯ ᠪᠣᠢᠵᠢᠭᠤᠯᠬᠤ᠎ᠳᠤ ᠬᠡᠷᠡᠭ᠌ᠯᠡᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠯᠡ ᠣᠷᠣᠭᠤᠯᠤᠯᠲᠠ᠎ᠶ᠋ᠢᠨ ᠬᠠᠷᠢᠴᠠᠯ ᠨᠢ ᠴᠦ᠍ ᠵᠢᠯ ᠳᠠᠷᠠᠭᠠᠯᠠᠨ ᠨᠡᠮᠡᠭ᠌ᠳᠡᠵᠦ᠍᠂ ᠴᠢᠳᠠᠪᠤᠷᠢᠲᠠᠨ᠎ᠢ ᠱᠢᠩᠭᠡᠭᠡᠨ ᠠᠪᠬᠤ ᠴᠢᠳᠠᠪᠤᠷᠢ᠎ᠶ᠋ᠢᠨ ᠲᠠᠯ᠎ᠠ᠎ᠪᠠᠷ ᠲᠠᠰᠤᠷᠠᠯᠲᠠ ᠥᠬᠡᠶ ᠨᠡᠮᠡᠭ᠌ᠳᠡᠵᠦ᠍ ᠪᠠᠢᠨ᠎ᠠ᠃ ᠮᠢᠨᠦ᠍ ᠦᠵᠡᠬᠦ᠌᠎ᠪᠡᠷ᠂ ᠡᠮ ᠡᠮᠨᠡᠯᠭᠡ᠎ᠶ᠋ᠢᠨ ᠤᠬᠠᠭᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠪᠡᠶᠡᠯᠡᠭᠦᠯᠬᠦ᠌ ᠪᠣᠯ ᠨᠢᠭᠡᠨ ᠪᠦᠬᠦ᠌ ᠬᠡᠯᠬᠢᠶᠡᠨ᠎ᠦ ᠶᠠᠪᠤᠴᠠ ᠮᠥᠨ᠂ ᠡᠭᠦᠨ᠎ᠳᠦ ᠤᠷᠳᠤ ᠬᠤᠭᠤᠴᠠᠭᠠᠨ᠎ᠤ ᠲᠣᠭ᠍ᠲᠠᠭᠤᠨ ᠪᠡᠯᠡ ᠣᠷᠣᠭᠤᠯᠤᠯᠲᠠ ᠪᠠ ᠬᠤᠭᠤᠴᠠᠭ᠎ᠠ ᠬᠡᠷᠡᠭ᠌ᠰᠡᠨ᠎ᠡ᠃ ᠢᠯᠠᠩᠭᠤᠶ᠎ᠠ ᠲᠦᠷᠦ᠍᠎ᠶ᠋ᠢᠨ ᠪᠤᠳᠤᠯᠭ᠎ᠠ ᠪᠠ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠳᠡᠮᠵᠢᠯᠭᠡ᠎ᠪᠡᠷ ᠳᠠᠮᠵᠢᠠ᠂ ᠰᠤᠳᠤᠯᠤᠨ ᠨᠡᠭᠡᠭᠡᠬᠦ᠌ ᠴᠢᠳᠠᠪᠤᠷᠢ᠎ᠲᠠᠶ ᠨᠢᠭᠡᠴᠢ᠎ᠶ᠋ᠢᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌ ᠴᠢᠬᠤᠯᠠ ᠲᠠᠢ᠃ ᠡᠭᠦᠨ᠎ᠦ ᠬᠠᠮᠲᠤ᠂ ᠡᠮ ᠡᠮᠨᠡᠯᠭᠡ᠎ᠶ᠋ᠢᠨ ᠤᠬᠠᠭᠠᠨ᠎ᠤ ᠬᠦᠷᠢᠶᠡᠨ᠎ᠳᠡᠬᠢ ᠲᠤᠰᠭᠠᠶ ᠴᠢᠳᠠᠪᠤᠷᠢᠲᠠᠨ᠎ᠢ ᠬᠥᠮᠦᠵᠢᠭᠦᠯᠬᠦ᠌ ᠠᠷᠭ᠎ᠠ ᠵᠠᠮ᠎ᠢ ᠥᠷᠭᠡᠳᠭᠡᠵᠦ᠍᠂ ᠨᠠᠩ ᠥᠨᠳᠥᠷ ᠲᠦᠪᠱᠢᠨ ᠪᠥᠬᠥᠶ ᠡᠮ ᠡᠮᠨᠡᠯᠭᠡ᠎ᠶ᠋ᠢᠨ ᠤᠬᠠᠭᠠᠨ᠎ᠤ ᠰᠤᠷᠭᠠᠨ ᠬᠥᠮᠦᠵᠢᠯ᠎ᠢ ᠪᠡᠶᠡᠯᠡᠭᠦᠯᠬᠦ᠌᠎ᠶ᠋ᠢ ᠠᠬᠢᠭᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃