2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-09 10:39:14

ᠵᠣᠬᠢᠶᠠᠭ᠍ᠴᠢ᠄ ᠬᠤᠤ ᠵᠢᠶᠠ ᠯᠢ ᠣᠩᠱᠢᠭ᠍ᠰᠠᠨ ᠣᠳᠠᠭ᠎ᠠ᠄ 3


44.png



ᠵᠠᠩ ᠾᠧ ᠫᠢᠩ᠄

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠳᠡᠳ᠋ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠬᠡᠯᠲᠠᠰ ᠤ᠋ᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠷᠦ᠍᠎ᠶ᠋ᠢᠨ ᠪᠤᠳᠤᠯᠭ᠎ᠠ ᠨᠢ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠳᠦ ᠠᠩᠬᠠᠷᠤᠯ᠎ᠢᠶᠠᠨ ᠲᠥᠪᠯᠡᠷᠡᠭᠦᠯᠬᠦ᠌ ᠬᠡᠷᠡᠭ᠌ᠲᠡᠢ ᠬᠡᠵᠤ ᠲᠤᠷᠠᠳᠴᠠᠢ᠃ ᠡᠨᠡ ᠨᠢ ᠮᠢᠨᠦ᠍ ᠬᠣᠢᠱᠢᠳᠠ᠎ᠶ᠋ᠢᠨ ᠠᠵᠢᠯ᠎ᠳᠤ ᠢᠲᠡᠭᠡᠯ ᠵᠣᠷᠢᠭ ᠪᠠ ᠡᠷᠴᠢ ᠬᠦᠴᠦᠨ᠎ᠢ ᠬᠥᠪᠴᠢᠯᠡᠪᠠ᠃ ᠪᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠨ᠎ᠳᠦ 30 ᠭᠠᠷᠤᠶ ᠵᠢᠯ ᠠᠵᠢᠯᠯᠠᠵᠤ᠂ ᠬᠦᠲᠤᠯᠤᠨ ᠳᠠᠭᠠᠭᠤᠯᠤᠭ᠍ᠰᠠᠨ ᠰᠤᠳᠤᠯᠭᠠᠨ᠎ᠤ ᠪᠦᠯᠬᠦᠮ ᠭᠤᠤᠯᠳᠠᠭᠤ ᠰᠦᠨ ᠬᠦᠴᠢᠯ᠎ᠦᠨ ᠪᠠᠺᠲ᠋ᠧᠷᠢ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠶ᠋ᠢᠨ ᠪᠥᠲᠥᠭᠡᠨ ᠪᠠᠢᠭᠤᠯᠤᠯᠲᠠ᠂ ᠰᠦᠨ ᠬᠦᠴᠢᠯ᠎ᠦᠨ ᠪᠠᠺᠲ᠋ᠧᠷᠢ᠎ᠶ᠋ᠢᠨ ᠢᠳᠡᠭᠡᠨ᠎ᠦ ᠠᠵᠤ ᠦᠶ᠋ᠯᠡᠳᠪᠦᠷᠢ᠂ ᠠᠮᠢᠲᠠᠨ᠎ᠤ ᠡᠷᠡᠭᠦᠯ ᠮᠡᠨᠳᠦ᠍᠎ᠶ᠋ᠢᠨ ᠲᠡᠵᠢᠭᠡᠨ ᠦᠷᠡᠵᠢᠭᠦᠯᠬᠦ᠌ ᠲᠠᠯ᠎ᠠ᠎ᠶ᠋ᠢᠨ ᠨᠡᠭᠡᠭᠡᠨ ᠠᠱᠢᠭ᠍ᠯᠠᠯᠲᠠ ᠵᠡᠷᠭᠡ ᠠᠵᠢᠯ᠎ᠢ ᠬᠢᠪᠠ᠃

ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠬᠦᠴᠦᠯᠡᠨ ᠴᠢᠷᠮᠠᠢᠵᠤ᠂ ᠤᠯᠤᠰ᠎ᠤᠨ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ᠃ ᠲᠠᠷᠠᠭᠠᠴᠢ᠎ᠶ᠋ᠢᠨ ᠠᠯᠬᠤᠮ᠎ᠳᠤ᠂ ᠰᠦᠨ ᠬᠦᠴᠢᠯ᠎ᠦᠨ ᠪᠠᠺᠲ᠋ᠧᠷᠢ᠎ᠶ᠋ᠢᠨ ᠰᠠᠭᠤᠷᠢ᠎ᠶ᠋ᠢ ᠦᠷᠭᠦᠯᠵᠢᠯᠡᠨ ᠴᠤᠭ᠍ᠯᠠᠭᠤᠯᠵᠤ᠂ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠥᠷᠭᠡᠳᠭᠡᠨ᠂ ᠣᠳᠣᠬᠠᠨ᠎ᠤ 3.7 ᠲᠦᠮᠡᠨ ᠰᠠᠭᠤᠷᠢ᠎ᠠᠴᠠ 5 ᠲᠦᠮᠡᠨ ᠰᠠᠭᠤᠷᠢ᠎ᠳᠤ ᠬᠦᠷᠭᠡᠬᠦ᠌᠎ᠪᠡᠷ ᠴᠢᠷᠮᠠᠢᠵᠤ᠂ ᠪᠥᠬᠥ᠌ ᠳᠡᠯᠡᠬᠡᠶ᠎ᠶ᠋ᠢᠨ ᠬᠠᠮᠤᠭ᠎ᠤᠨ ᠶᠡᠬᠡ ᠰᠦᠨ ᠬᠦᠴᠢᠯ᠎ᠦᠨ ᠪᠠᠺᠲ᠋ᠧᠷᠢ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ ᠪᠣᠯᠭᠠᠬᠤ᠎ᠶ᠋ᠢᠨ ᠬᠠᠮᠲᠤ ᠴᠢᠨᠠᠷ ᠰᠠᠢᠲᠠᠶ ᠪᠠᠺᠲ᠋ᠧᠷᠢ᠎ᠶ᠋ᠢᠨ ᠰᠠᠭᠤᠷᠢ᠎ᠶ᠋ᠢ ᠱᠢᠯᠢᠨ ᠰᠣᠩᠭᠣᠵᠤ ᠢᠳᠡᠭᠡᠨ᠎ᠦ ᠠᠵᠤ ᠦᠶ᠋ᠯᠡᠳᠪᠦᠷᠢ ᠪᠠ ᠮᠠᠯ ᠠᠵᠤ ᠠᠬᠤᠶ ᠲᠡᠵᠢᠭᠡᠨ ᠦᠷᠡᠵᠢᠭᠦᠯᠬᠦ᠌ ᠵᠡᠷᠭᠡ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠲᠦ ᠦᠶ᠋ᠯᠡᠴᠢᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面