2023-03-09 10:33:32

ᠯᠢ ᠪᠢᠨ᠄
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ
ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠢ ᠰᠠᠢᠲᠤᠷ ᠬᠢᠬᠦ᠌᠎ᠳᠦ ᠲᠦᠳᠡ ᠵᠠᠮ ᠭᠡᠵᠦ᠍ ᠪᠠᠢᠬᠤ ᠦᠭᠡᠢ᠂ ᠪᠣᠳᠠᠲᠠᠢ ᠠᠵᠢᠯᠯᠠᠬᠤ ᠨᠢ ᠴᠢᠬᠤᠯᠠ ᠶᠤᠮ᠃ ᠱᠢᠨ᠎ᠡ ᠠᠶᠠᠨ ᠵᠠᠮ᠎ᠳᠤ᠂ ᠪᠢᠳᠡ ᠬᠥᠭ᠌ᠵᠢᠯᠲᠡ᠎ᠶ᠋ᠢᠨ ᠱᠢᠮᠡᠯᠢᠭ ᠬᠥᠷᠥᠰᠥ᠍᠎ᠶ᠋ᠢ ᠵᠤᠵᠠᠭᠠᠳᠬᠠᠵᠤ᠂ ᠰᠡᠳᠭᠢᠯ ᠨᠢᠭᠡᠳᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ 《ᠠᠷᠪᠠᠨ ᠵᠢᠷᠭᠤᠭᠠᠨ ᠦᠰᠦᠭ》᠎ᠤ᠋ᠨ ᠤᠰᠤᠨ ᠠᠰᠢᠬᠯᠠᠯᠳᠠ ᠵᠢᠨ ᠠᠵᠢᠯ᠎ᠢ ᠠᠬᠢᠭᠤᠯᠬᠤ ᠰᠡᠳᠭᠢᠴᠡ᠎ᠶ᠋ᠢ ᠭᠦᠨᠵᠡᠭᠡᠶ ᠲᠤᠭᠤᠰᠢᠯᠠᠭᠤᠯᠤᠨ᠂ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠬᠦᠴᠦᠲᠡᠶ ᠠᠳᠭᠤᠵᠤ᠂ ᠦᠶᠡᠷ᠎ᠢ ᠰᠡᠷᠭᠡᠢᠯᠡᠬᠦ᠌ ᠵᠢᠴᠢ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠰᠢᠰᠲᠧᠮ᠎ᠢ ᠲᠡᠭᠦᠯᠳᠡᠷᠵᠢᠭᠦᠯᠦᠨ᠂ ᠪᠦᠬᠦ᠌ ᠵᠢᠯ᠎ᠳᠦ 200 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠨᠠᠢᠳᠠᠪᠤᠷᠢᠵᠢᠭᠤᠯᠬᠤ᠎ᠪᠠᠷ ᠴᠢᠷᠮᠠᠢᠵᠤ᠂ ᠳᠡᠭᠡᠷ᠎ᠡ ᠵᠢᠯ᠎ᠦᠨ ᠪᠡᠯᠡ ᠣᠷᠣᠭᠤᠯᠤᠯᠲᠠ᠎ᠶ᠋ᠢᠨ 1.5 ᠳᠠᠬᠢᠨ ᠣᠷᠴᠢᠮ᠎ᠳᠤ ᠬᠦᠷᠦᠭᠦᠯᠦᠨ᠎ᠡ᠃
ᠡᠭᠦᠨ᠎ᠦ ᠬᠠᠮᠲᠤ᠂ 《ᠤᠰᠤ ᠪᠠᠷ ᠬᠤᠳᠠ ᠵᠢ ᠲᠤᠭᠳᠠᠭᠠᠬᠤ᠂ ᠤᠰᠤ ᠪᠠᠷ ᠭᠠᠵᠠᠷ ᠢ ᠲᠤᠭᠳᠠᠭᠠᠬᠤ᠂ ᠤᠰᠤ ᠪᠠᠷ ᠬᠦᠮᠦᠨ ᠢ ᠲᠤᠭᠳᠠᠭᠠᠬᠤ᠂ ᠤᠰᠤ ᠪᠠᠷ ᠠᠵᠤ ᠦᠢᠯᠡᠰ᠎ᠢ ᠲᠤᠭᠳᠠᠭᠠᠬᠤ》 ᠵᠠᠷᠴᠢᠮ᠎ᠢ ᠨᠠᠢᠳᠠᠪᠤᠷᠢᠵᠢᠭᠤᠯᠵᠤ᠂ ᠤᠰᠤ ᠳᠠᠳᠠᠵᠦ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠵᠤ᠂ ᠭᠤᠤᠯᠳᠠᠯᠭ᠎ᠠ᠎ᠲᠠᠶ ᠭᠤᠤᠯ ᠨᠠᠭᠤᠷ᠎ᠤᠨ ᠦᠨᠳᠦᠰᠦᠨ ᠠᠮᠢ ᠠᠬᠤᠶ᠎ᠳᠤ ᠬᠡᠷᠡᠭ᠌ᠯᠡᠬᠦ᠌ ᠤᠰᠤ᠎ᠶ᠋ᠢ ᠪᠠᠲᠤᠯᠠᠵᠤ᠂ ᠬᠠᠲᠤᠨ ᠭᠤᠤᠯ᠎ᠤᠨ ᠤᠰᠤ ᠠᠪᠬᠤ ᠭᠦᠶ᠋ᠴᠡᠳᠭᠡᠯ ᠲᠣᠭ᠎ᠠ᠎ᠶ᠋ᠢᠨ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠌ ᠳᠣᠲᠣᠷ᠎ᠠ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠠᠬᠢᠭᠤᠯᠵᠤ᠂ ᠬᠠᠲᠤᠨ ᠭᠤᠤᠯ᠎ᠤᠨ ᠠᠢᠮᠠᠭ ᠬᠣᠲᠠ᠎ᠶ᠋ᠢᠨ ᠬᠣᠭᠣᠷᠣᠨᠳᠣᠬᠢ ᠤᠰᠤᠨ᠎ᠤ ᠡᠷᠬᠡ᠎ᠶ᠋ᠢ ᠱᠢᠯᠵᠢᠭᠦᠯᠦᠨ ᠥᠭ᠌ᠬᠦ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠡᠬᠢᠯᠡᠭᠦᠯᠵᠦ᠍᠂ ᠤᠰᠤ ᠠᠷᠪᠢᠯᠠᠬᠤ ᠤᠰᠤ ᠡᠵᠡᠮᠳᠡᠬᠦ᠌ ᠱᠢᠪᠲᠤᠯᠤᠯᠲᠠ᠎ᠶ᠋ᠢᠨ ᠳᠠᠢᠯᠠᠯᠳᠤᠭᠠᠨ᠎ᠢ ᠰᠠᠢᠲᠤᠷ ᠬᠢᠵᠦ᠍᠂ ᠤᠰᠤ ᠠᠷᠪᠢᠯᠠᠬᠤ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠬᠠᠳᠠᠭᠠᠯᠠᠭ᠍ᠳᠠᠵᠤ ᠪᠠᠢᠭ᠎ᠠ ᠤᠰᠤᠨ᠎ᠤ ᠡᠬᠢ ᠪᠠᠶᠠᠯᠢᠭ᠎ᠢ ᠠᠮᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠬᠦ᠌᠎ᠳᠦ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ ᠬᠠᠩᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃