2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-09 10:55:43

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3


QQ截图20230309103316.png


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠥᠩᠭᠡᠷᠡᠭ᠌ᠰᠡᠨ ᠲᠠᠪᠤᠨ ᠵᠢᠯ᠎ᠦᠨ ᠭᠣᠣᠯ ᠠᠵᠢᠯ᠎ᠢ ᠡᠷᠭᠢᠴᠡᠭᠦᠯᠬᠦ᠌᠎ᠳᠡᠭᠡᠨ᠂ ᠠᠷᠠᠳ ᠤᠯᠠᠨ᠎ᠤ ᠤᠶᠤᠨ᠎ᠤ᠋ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠪᠠ ᠭᠡᠵᠦ᠍ ᠳᠤᠷᠠᠳᠤᠨ ᠭᠠᠷᠭᠠᠪᠠ᠃ ᠡᠨᠡ ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ ᠠᠯᠲᠠᠨᠳᠠᠯᠠᠢ᠎ᠶ᠋ᠢ ᠶᠡᠬᠡᠳᠡ ᠪᠠᠶᠠᠷᠯᠠᠭᠤᠯᠪᠠ᠃ ᠲᠡᠭᠦᠨ᠎ᠦ ᠡᠨᠡ ᠤᠳᠠᠭ᠎ᠠ᠎ᠶ᠋ᠢᠨ ᠬᠤᠷᠠᠯ᠎ᠳᠤ ᠲᠡᠪᠰᠢᠬᠦᠯᠦᠭᠰᠡᠨ ᠦᠨᠳᠦᠰᠦᠨ ᠱᠠᠲᠤᠨ᠎ᠤ ᠰᠣᠶᠣᠯ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠥᠷᠨᠢᠩᠭᠦᠶ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠲᠤᠬᠠᠶ ᠰᠠᠨᠠᠯ ᠳᠤᠷᠠᠳᠤᠯᠭ᠎ᠠ ᠨᠢ ᠶᠠᠭ ᠡᠭᠦᠨ᠎ᠲᠡᠶ ᠬᠣᠯᠪᠣᠭ᠎ᠠ᠎ᠲᠠᠶ ᠪᠢᠯᠡ᠃

40 ᠱᠢᠬᠠᠮ ᠵᠢᠯ᠎ᠤᠨ ᠤᠳᠭ᠎ᠠ ᠤᠷᠠᠯᠢᠭ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠠᠯᠳᠠᠨᠳᠠᠯᠠᠢ ᠦᠨᠳᠦᠰᠦᠨ ᠱᠠᠲᠤᠨ᠎ᠤ ᠡᠮᠦᠨ᠎ᠡ ᠹᠷᠣᠨᠲ ᠲᠤ᠌ ᠤᠳᠠᠭᠠᠨ ᠵᠢᠯ ᠭᠠᠪᠰᠢᠭᠠᠢᠯᠠᠵᠤ᠂ ᠮᠠᠰᠢ ᠤᠯᠠᠨ ᠤᠷᠠᠨ ᠪᠦᠲᠦᠭᠡᠯ᠎ᠢ ᠨᠠᠢᠷᠠᠭᠤᠯᠤᠨ ᠵᠣᠬᠢᠶᠠᠵᠤ ᠳᠤᠭᠯᠠᠬᠤ ᠵᠢᠨ ᠬᠠᠮᠳᠤ᠂ ᠪᠤᠰᠤᠳ ᠰᠠᠯᠠᠭ᠎ᠠ ᠮᠥᠴᠢᠷ ᠨᠢᠭᠡᠴᠢ᠎ᠲᠡᠶ ᠬᠠᠮᠲᠤᠷᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠥᠷᠨᠢᠭᠦᠯᠦᠭᠰᠡᠭᠡᠷ ᠢᠷᠡᠵᠡᠢ᠃ 《ᠮᠠᠯᠵᠢᠬᠤ ᠲᠠᠷᠢᠶᠠᠯᠠᠬᠤ ᠣᠷᠣᠨ᠎ᠤ ᠪᠣᠳᠠᠰ᠎ᠤᠨ ᠠᠮᠢᠳᠤᠷᠠᠯ᠎ᠤᠨ ᠨᠥᠬᠥᠴᠡᠯ᠎ᠦᠨ ᠲᠠᠰᠤᠷᠠᠯᠲᠠ ᠥᠬᠡᠶ ᠰᠠᠢᠵᠢᠷᠠᠬᠤ᠎ᠶ᠋ᠢ ᠳᠠᠭᠠᠯᠳᠤᠨ᠂ ᠣᠯᠠᠨ ᠲᠦᠮᠡᠨ᠎ᠦ ᠣᠶᠤᠨ ᠤ᠋ ᠰᠣᠶᠣᠯ᠎ᠤᠨ ᠬᠡᠷᠡᠭ᠌ᠴᠡᠭᠡ ᠡᠳᠦᠷ ᠢᠷᠡᠬᠦᠶ᠎ᠡ ᠨᠡᠮᠡᠭ᠌ᠳᠡᠵᠦ᠍᠂ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ ᠪᠠ ᠦᠶ᠋ᠯᠡᠴᠢᠯᠡᠭᠡ᠎ᠳᠦ ᠨᠠᠩ ᠥᠨᠳᠥᠷ ᠱᠠᠭᠠᠷᠳᠠᠯᠭ᠎ᠠ ᠲᠠᠯᠪᠢᠬᠤ ᠪᠤᠯᠵᠠᠢ᠃ ᠤᠯᠠᠭᠠᠨᠮᠥ᠋ᠴᠢᠷ᠎ᠢᠶᠡᠷ ᠵᠢᠱ᠌ᠢᠶᠡᠯᠡᠬᠦ ᠳ᠋ᠤ᠂ ᠲᠣᠭ᠍ᠯᠠᠯᠲᠠ᠎ᠶ᠋ᠢᠨ ᠬᠡᠯᠪᠡᠷᠢ ᠪᠠ ᠠᠭᠤᠯᠭ᠎ᠠ᠎ᠶ᠋ᠢᠨ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ᠎ᠶ᠋ᠢ ᠡᠭᠦᠳᠬᠦ᠌ ᠬᠡᠷᠡᠭᠳᠡᠢ ᠮᠥᠷᠲᠡᠭᠡᠨ ᠤᠯᠠᠭᠠᠨᠮᠦᠢ᠍ᠴᠢᠷ᠎ᠤᠨ ᠭᠡᠱᠢᠭᠦᠳ᠎ᠪᠠᠰᠠ ᠨᠢᠭᠡ᠎ᠳᠦ ᠮᠡᠷᠭᠡᠱᠢᠵᠦ᠍ ᠣᠯᠠᠨ᠎ᠳᠦ ᠴᠠᠭᠠᠷᠠᠭᠰᠠᠨ᠂ ᠰᠢᠯᠭᠠᠷᠠᠭᠰᠠᠨ ᠠᠪᠢᠶᠠᠰ ᠴᠢᠳᠠᠪᠤᠷᠢ᠎ᠲᠠᠶ ᠪᠠᠢᠵᠤ᠂ ᠡᠯ᠎ᠡ ᠲᠥᠷᠥᠯ᠎ᠦᠨ ᠲᠠᠪᠴᠠᠩ᠎ᠢ ᠶᠡᠷᠦᠩᠬᠡᠢᠯᠡᠨ ᠠᠰᠢᠬᠯᠠᠵᠤ ᠴᠢᠳᠠᠬᠤ ᠪᠦᠬᠡᠳ ᠠᠳᠠᠯᠢ ᠪᠤᠰᠤ ᠵᠢᠨ ᠬᠥᠮᠦᠰ᠎ᠲᠦ ᠬᠠᠨᠳᠤᠭᠤᠯᠤᠨ ᠠᠳᠠᠯᠢ ᠪᠤᠰᠤ ᠵᠢᠨ ᠲᠣᠭ᠍ᠯᠠᠯᠲᠠ ᠭᠠᠷᠭᠠᠵᠤ᠂ ᠣᠯᠠᠨ ᠲᠦᠮᠡᠨ᠎ᠦ ᠣᠯᠠᠨ ᠡᠱᠢᠲᠦ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ ᠬᠡᠷᠡᠭ᠌ᠲᠡᠶ》ᠬᠡᠵᠦ ᠠᠯᠲᠠᠨᠳᠠᠯᠠᠢ ᠬᠡᠯᠡᠨ᠎ᠡ᠃

ᠠᠯᠳᠠᠨᠳᠠᠯᠠᠢ ᠵᠢᠨ ᠦᠵᠡᠬᠦ ᠪᠡᠷ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠨᠢ ᠵᠦᠪᠬᠡᠨ ᠰᠠᠢᠨ ᠠᠮᠢᠳᠤᠷᠠᠯ᠎ᠢ ᠡᠳ᠋ᠯᠡᠬᠦᠯᠵᠦ ᠰᠠᠢᠨ ᠬᠡᠷ ᠲᠤ᠌ ᠰᠠᠭᠤᠯᠭᠠᠬᠤ ᠯᠡ ᠶᠠᠪᠤᠳᠠᠯ ᠪᠢᠰᠢ᠂ ᠪᠠᠰᠠ ᠬᠥᠳᠡᠭᠡ ᠲᠣᠰᠭᠣᠨ᠎ᠤ ᠰᠣᠶᠣᠯ᠎ᠢ ᠬᠥᠭ᠌ᠵᠢᠭᠦᠯᠦᠨ ᠮᠠᠨᠳᠤᠭᠤᠯᠵᠤ᠂ ᠰᠣᠶᠣᠯ᠎ᠤᠨ ᠤᠷᠢᠬᠠᠨ ᠰᠠᠯᠬᠢ᠎ᠶ᠋ᠢ ᠦᠨᠳᠦᠰᠦᠨ ᠱᠠᠲᠤᠨ᠎ᠳᠤ ᠬᠦᠷᠭᠡᠵᠦ᠍᠂ ᠬᠥᠮᠦᠨ ᠠᠷᠠᠳ᠎ᠤᠨ ᠰᠡᠳᠭᠢᠯ᠎ᠢ ᠤᠮᠳᠠᠯᠠᠬᠤ ᠬᠡᠷᠡᠭᠳᠡᠢ᠃ ᠭᠡᠪᠡᠴᠦ ᠵᠠᠷᠢᠮ ᠭᠠᠵᠠᠷ ᠣᠷᠣᠨ᠎ᠳᠤ ᠮᠥᠨ ᠬᠦ᠌ ᠬᠥᠳᠡᠭᠡ ᠲᠣᠰᠭᠣᠨ᠎ᠤ ᠰᠣᠶᠣᠯ᠎ᠤᠨ ᠴᠢᠳᠠᠪᠤᠷᠢᠲᠠᠨ ᠳᠤᠲᠠᠭ᠍ᠳᠠᠵᠤ᠂ ᠰᠣᠶᠣᠯ᠎ᠤᠨ ᠠᠵᠢᠯᠯᠠᠭ᠎ᠠ᠎ᠶ᠋ᠢᠨ ᠵᠠᠷᠤᠳᠠᠯ ᠮᠦᠩᠬᠦ ᠬᠦᠷᠦᠯᠴᠡᠬᠦ᠌ ᠦᠭᠡᠢ ᠪᠠᠢᠬᠤ ᠵᠡᠷᠭᠡ ᠠᠰᠠᠭᠤᠳᠠᠯ ᠣᠷᠣᠱᠢᠵᠤ ᠪᠤᠢ᠃

ᠲᠡᠷᠡ᠂ ᠬᠥᠳᠡᠭᠡ ᠲᠣᠰᠭᠣᠨ᠎ᠤ ᠰᠣᠶᠣᠯ᠎ᠢ ᠬᠠᠮᠠᠭᠠᠯᠠᠬᠤ᠂ ᠤᠯᠠᠮᠵᠢᠯᠠᠨ ᠬᠥᠭ᠌ᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠬᠥᠳᠡᠭᠡ ᠲᠣᠰᠭᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠦ ᠦᠯᠡᠳᠡᠭ᠌ᠳᠡᠯ᠂ ᠰᠣᠶᠣᠯ᠎ᠤᠨ ᠲᠠᠯᠠᠪᠤᠷ ᠭᠠᠵᠠᠷ ᠪᠣᠯᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢ ᠴᠢᠩᠭᠠᠳᠭᠠᠵᠤ᠂ ᠱᠢᠯᠢᠳᠡᠭ ᠤᠯᠠᠮᠵᠢᠯᠠᠯᠲᠤ ᠰᠣᠶᠣᠯ ᠪᠣᠯᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠥᠳᠡᠭᠡ ᠲᠣᠰᠭᠣᠨ᠎ᠤ ᠰᠣᠶᠣᠯ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠡᠷᠡᠭ᠌ᠲᠡᠢ᠃ ᠡᠭᠦᠨ᠎ᠦ ᠬᠠᠮᠲᠤ᠂ ᠦᠨᠳᠦᠰᠦᠨ ᠱᠠᠲᠤᠨ᠎ᠤ ᠰᠣᠶᠣᠯ᠎ᠤᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠨ᠂ ᠤᠯᠤᠰ ᠲᠥᠷᠥ᠎ᠶ᠋ᠢᠨ ᠬᠡᠪ ᠪᠤᠯᠪᠠᠰᠤᠷᠠᠯ᠎ᠢᠶᠠᠷ ᠥᠨᠳᠥᠷ᠂ ᠲᠤᠰᠭᠠᠶ ᠮᠡᠷᠭᠡᠵᠢᠯ᠎ᠦᠨ ᠣᠨᠴᠠ ᠴᠢᠳᠠᠪᠤᠷᠢ᠎ᠲᠠᠶ ᠠᠵᠢᠯᠲᠠᠨ᠎ᠢ ᠰᠣᠩᠭᠣᠨ ᠲᠣᠬᠢᠷᠠᠭᠤᠯᠵᠤ᠂ ᠦᠨᠳᠦᠰᠦᠨ ᠱᠠᠲᠤᠨ᠎ᠤ ᠰᠣᠶᠣᠯ᠎ᠤᠨ ᠠᠵᠢᠯᠲᠠᠨ᠎ᠤ ᠡᠩᠨᠡᠭᠡ᠎ᠶ᠋ᠢ ᠲᠡᠭᠦᠯᠳᠡᠷᠵᠢᠭᠦᠯᠦᠨ᠂ ᠬᠥᠳᠡᠭᠡ ᠲᠣᠰᠭᠣᠨ᠎ᠤ ᠰᠣᠶᠣᠯ᠎ᠤᠨ ᠲᠤᠰᠭᠠᠶ ᠵᠢᠯᠣᠭᠣᠳᠣᠭ᠍ᠴᠢ ᠵᠢ ᠢᠵᠢ ᠪᠦᠷᠢᠳᠦᠬᠦᠯᠵᠦ᠂ ᠣᠯᠠᠨ ᠲᠦᠮᠡᠨᠴᠢ ᠤᠳᠭ᠎ᠠ ᠤᠷᠠᠯᠢᠭ᠎ᠤᠨ ᠭᠣᠣᠯᠯᠠᠭ᠍ᠴᠢ ᠬᠦᠴᠦᠨ᠎ᠢ ᠲᠠᠪᠳᠠᠨ ᠪᠣᠯᠪᠠᠰᠤᠷᠠᠭᠤᠯᠵᠤ᠂ ᠥᠷᠭᠡᠨ ᠣᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠰᠣᠶᠣᠯ᠎ᠤᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠵᠢ ᠵᠤᠷᠢᠬᠵᠢᠭᠤᠯᠬᠤ ᠬᠡᠷᠡᠭ᠌ᠲᠡᠶ ᠬᠡᠵᠦ ᠰᠠᠨᠠᠭᠤᠯᠪᠠ᠃

ᠲᠡᠷᠡ ᠪᠠᠰᠠ ᠬᠥᠳᠡᠭᠡ ᠲᠣᠰᠭᠣᠨ᠎ᠤ ᠰᠣᠶᠣᠯ᠎ᠤᠨ ᠠᠵᠢᠯᠯᠠᠭ᠎ᠠ᠎ᠶ᠋ᠢᠨ ᠵᠠᠷᠤᠳᠠᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠬᠥᠳᠡᠭᠡ ᠲᠣᠰᠭᠣᠨ᠎ᠤ ᠤᠨᠴᠠᠯᠢᠬ᠍ᠳᠤ ᠰᠣᠶᠣᠯ᠎ᠤᠨ ᠠᠵᠤ ᠦᠢᠯᠡᠰ᠎ᠢ ᠳᠡᠮᠵᠢᠨ ᠬᠥᠭ᠌ᠵᠢᠭᠦᠯᠵᠦ᠍᠂ ᠦᠨᠳᠦᠰᠦᠨ ᠱᠠᠲᠤᠨ᠎ᠤ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠲᠥᠪ ᠪᠣᠯᠤᠨ ᠪᠡᠶ᠎ᠡ ᠴᠢᠭᠢᠷᠠᠭ᠍ᠵᠢᠭᠤᠯᠬᠤ ᠲᠠᠯᠠᠪᠤᠷ ᠭᠠᠵᠠᠷ᠎ᠤᠨ ᠴᠢᠳᠠᠪᠬᠢ᠎ᠶ᠋ᠢ ᠲᠡᠭᠦᠯᠳᠡᠷᠵᠢᠭᠦᠯᠵᠦ᠍᠂ ᠡᠯ᠎ᠡ ᠲᠦᠷᠦᠯ᠎ᠦᠨ ᠰᠣᠶᠣᠯ ᠪᠡᠶ᠎ᠡ᠎ᠶ᠋ᠢᠨ ᠲᠠᠮᠢᠷ᠎ᠤᠨ ᠲᠤᠨᠤᠭ ᠲᠥᠬᠥᠭᠡᠷᠦᠮᠵᠢ᠂ ᠲᠠᠯᠠᠪᠤᠷ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠤᠶᠤᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ ᠪᠣᠯᠤᠨ ᠵᠤᠯ ᠵᠢᠷᠭᠠᠯᠲᠤ ᠲᠦᠷᠦᠭ᠌ᠳᠡᠯ᠎ᠢ ᠨᠡᠮᠡᠭ᠌ᠳᠡᠭᠦᠯᠪᠡᠯ ᠵᠤᠬᠢᠨ᠎ᠠ ᠬᠡᠵᠦ ᠰᠠᠨᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面