2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-10 10:08:57

ᠵᠣᠬᠢᠶᠠᠭ᠍ᠴᠢ᠄ ᠴᠧᠨ ᠴᠦᠨ ᠶᠠᠨ ᠢᠦᠢ ᠲᠤᠤ ᠣᠩᠱᠢᠭ᠍ᠰᠠᠨ ᠣᠳᠠᠭ᠎ᠠ᠄ 3


QQ截图20230310100755.png

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠍᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠭᠡᠵᠤ ᠳᠤᠷᠠᠳᠤᠭᠰᠠᠨ ᠪᠠᠢᠨ᠎ᠠ᠃ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢ᠂ ᠤᠯᠠᠭᠠᠨᠬᠠᠳᠠ ᠬᠣᠲᠠ ᠵᠢᠨ ᠡᠮᠨᠡᠯᠭᠡ ᠵᠢᠨ ᠬᠣᠷᠢᠶ᠎ᠠ ᠵᠢᠨ ᠴᠢᠰᠤᠨ ᠤ᠋ ᠳᠣᠲᠣᠷ ᠰᠠᠯᠠᠭᠠᠨ ᠤ᠋ ᠡᠷᠬᠢᠯᠡᠭᠴᠢ ᠰᠦᠨ ᠶᠢᠩ ᠤ᠋ᠨ ᠦᠵᠡᠬᠦ ᠪᠡᠷ᠂ ᠡᠮᠴᠢᠯᠡᠭᠡᠨ ᠳ᠋ᠦ᠍ ᠬᠡᠷᠡᠭᠯᠡᠬᠦ ᠴᠢᠰᠤᠨ ᠤ᠋ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠴᠢᠰᠤᠨ ᠤ᠋ ᠨᠥᠭᠡᠴᠡᠯᠡᠯ ᠪᠠ ᠪᠠᠴᠢᠮ ᠪᠠᠢᠳᠠᠯ ᠢ᠋ ᠠᠷᠭᠠᠴᠠᠭᠠᠬᠤ ᠴᠢᠳᠠᠪᠤᠷᠢ ᠵᠢ ᠳᠡᠭᠡᠭᠰᠢᠯᠡᠭᠦᠯᠬᠦ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠴᠢᠳᠠᠪᠤᠷᠢ ᠵᠢ ᠳᠡᠭᠡᠭᠰᠢᠯᠡᠭᠦᠯᠬᠦ ᠵᠢᠨ ᠪᠠᠢᠪᠠᠰᠤ ᠵᠣᠬᠢᠬᠤ ᠡᠬᠦᠷᠬᠡ ᠬᠠᠷᠢᠭᠤᠴᠠᠯᠭ᠎ᠠ ᠪᠤᠯᠤᠨ᠎ᠠ᠃

ᠰᠦᠨ ᠶᠢᠩ᠂ ᠣᠳᠣᠬᠠᠨ ᠳ᠋ᠤ᠌ ᠴᠢᠰᠤᠨ ᠤ᠋ ᠡᠬᠢ ᠪᠠᠶᠠᠯᠢᠭ ᠳᠤᠲᠠᠭᠳᠠᠵᠤ ᠪᠠᠢᠭ᠎ᠠ ᠨᠢ ᠪᠦᠬᠦ ᠤᠯᠤᠰ ᠤ᠋ᠨ ᠬᠡᠪᠴᠢᠶᠡᠨ ᠳ᠋ᠦ᠍ ᠨᠡᠯᠢᠶᠡᠳ ᠦᠷᠭᠦᠯᠵᠢᠯᠡᠭᠰᠡᠨ ᠴᠢᠨᠠᠷᠲᠠᠢ᠂ ᠪᠠᠢᠩᠭᠤᠵᠢᠭᠰᠠᠨ ᠦᠵᠡᠭᠳᠡᠯ ᠪᠤᠯᠵᠤ ᠪᠤᠢ᠃ ᠬᠡᠷᠪᠡ ᠴᠢᠰᠤ ᠬᠠᠨᠳᠢᠪᠯᠠᠬᠤ ᠬᠥᠮᠦᠨ ᠥᠬᠡᠢ ᠪᠣᠯᠪᠠᠯ᠂ ᠴᠢᠰᠤᠨ ᠬᠥᠮᠥᠷᠭᠡ ᠵᠢᠨ ᠬᠠᠳᠠᠭᠠᠯᠠᠭᠳᠠᠵᠤ ᠪᠠᠢᠭ᠎ᠠ ᠴᠢᠰᠤᠨ ᠤ᠋ ᠬᠡᠮᠵᠢᠶ᠎ᠡ ᠪᠠᠴᠢᠮ ᠪᠣᠯᠵᠤ᠂ ᠡᠮᠨᠡᠯᠭᠡ ᠵᠢᠨ ᠬᠣᠷᠢᠶᠠᠨ ᠤ᠋ ᠪᠣᠯᠵᠣᠭᠰᠠᠨ ᠴᠢᠰᠤ ᠴᠠᠭ ᠲᠤᠬᠠᠢ ᠳ᠋ᠤᠨᠢ ᠬᠦᠷᠴᠦ ᠴᠢᠳᠠᠬᠤ ᠥᠬᠡᠢ᠂ ᠡᠪᠡᠳᠴᠢᠲᠡᠨ ᠢ᠋ ᠠᠪᠤᠷᠠᠨ ᠵᠠᠰᠠᠬᠤ ᠳ᠋ᠤ᠌ ᠳᠠᠯᠳᠠ ᠠᠶᠤᠯ ᠲᠦᠭᠰᠢᠭᠦᠷᠢ ᠭᠠᠷᠬᠤ ᠪᠣᠯᠤᠨ᠎ᠠ᠃ ᠴᠢᠰᠤᠨ ᠤ᠋ ᠰᠠᠯᠠᠭᠠᠨ ᠤ᠋ ᠡᠮᠴᠢ ᠪᠣᠯᠤᠭᠰᠠᠨ ᠤ᠋ ᠬᠤᠪᠢ ᠳ᠋ᠤ᠌᠂ ᠰᠦᠨ ᠶᠢᠩ ᠴᠢᠰᠤᠨ ᠡᠪᠡᠳᠴᠢᠲᠡᠨ ᠢ᠋ ᠡᠮᠨᠡᠨ ᠵᠠᠰᠠᠬᠤ ᠳ᠋ᠤ᠌ ᠬᠡᠴᠢᠨᠡᠨ ᠴᠢᠬᠤᠯᠠ ᠠᠴᠢ ᠬᠣᠯᠪᠣᠭᠳᠠᠯ ᠲᠠᠢ ᠭᠡᠳᠡᠭ ᠢ᠋ ᠬᠦᠨ ᠤᠢᠯᠠᠭᠠᠨ᠎ᠠ᠃ 《ᠮᠠᠨ ᠤ᠋ ᠤᠯᠤᠰ ᠤ᠋ᠨ ᠦᠨ᠎ᠡ ᠲᠥᠯᠥᠪᠦᠷᠢ ᠦᠭᠡᠢ ᠪᠡᠷ ᠴᠢᠰᠤ ᠬᠠᠨᠳᠢᠪᠯᠠᠬᠤ ᠶᠡᠷᠦᠩᠬᠡᠢ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ ᠪᠠᠢᠭ᠎ᠠ ᠪᠣᠯᠪᠠᠴᠤ ᠧᠦ᠋ᠷᠣᠫᠠ ᠠᠮᠧᠷᠢᠺᠠ ᠵᠢᠨ ᠤᠯᠤᠰ ᠤ᠋ᠳ ᠤ᠋ᠨ ᠴᠢᠰᠤ ᠬᠠᠨᠳᠢᠪᠯᠠᠬᠤ ᠨᠣᠷᠮ᠎ᠠ ᠲᠠᠢ ᠬᠠᠷᠢᠴᠠᠭᠤᠯᠪᠠᠯ ᠮᠥᠨ ᠬᠦ᠌ ᠨᠡᠯᠢᠶᠡᠳ ᠳᠣᠣᠷ᠎ᠠ ᠪᠠᠢᠵᠤ᠂ ᠮᠠᠨ ᠤ᠋ ᠤᠯᠤᠰ ᠤ᠋ᠨ ᠶᠡᠷᠦᠩᠬᠡᠢ ᠬᠥᠮᠦᠨ ᠠᠮᠠ ᠵᠢᠨ ᠰᠠᠭᠤᠷᠢ ᠲᠣᠭ᠎ᠠ ᠲᠠᠢ ᠬᠠᠷᠢᠴᠠᠭᠤᠯᠪᠠᠯ ᠴᠢᠰᠤ ᠬᠠᠨᠳᠢᠪᠯᠠᠬᠤ ᠶᠡᠷᠦᠩᠬᠡᠢ ᠬᠡᠮᠵᠢᠶ᠎ᠡ ᠬᠦᠨᠳᠦ ᠨᠣᠴᠢᠲᠠᠢ ᠳᠤᠲᠠᠭᠳᠠᠵᠤ᠂ ᠮᠠᠨ ᠤ᠋ ᠤᠯᠤᠰ ᠤ᠋ᠨ ᠴᠢᠰᠤᠨ ᠤ᠋ ᠬᠠᠩᠭᠠᠯᠭ᠎ᠠ ᠬᠡᠷᠡᠭᠴᠡᠭᠡ ᠵᠢᠨ ᠬᠠᠷᠢᠴᠠᠭ᠎ᠠ ᠤᠷᠲᠤ ᠬᠤᠭᠤᠴᠠᠭ᠎ᠠ ᠪᠠᠷ ᠪᠠᠴᠢᠮ ᠪᠠᠢᠳᠠᠯ ᠳ᠋ᠤ᠌ ᠣᠷᠣᠰᠢᠵᠤ ᠪᠠᠢᠨ᠎ᠠ》 ᠭᠡᠵᠡᠢ᠃

ᠣᠳᠣᠬᠠᠨ ᠳ᠋ᠤ᠌ ᠮᠠᠨ ᠤ᠋ ᠤᠯᠤᠰ ᠤ᠋ᠨ ᠬᠠᠮᠳᠤ ᠨᠢᠬᠡᠴᠡ ᠪᠠᠷ ᠴᠢᠰᠤ ᠬᠠᠨᠳᠢᠪᠯᠠᠬᠤ ᠳ᠋ᠤ᠌ ᠮᠥᠨ ᠯᠡ ᠰᠤᠷᠤᠭᠴᠢ ᠪᠠ ᠴᠡᠷᠢᠭ ᠵᠢᠡᠷ ᠭᠣᠣᠯᠯᠠᠵᠤ ᠪᠤᠢ᠃ ᠰᠦᠨ ᠶᠢᠩ᠂ ᠠᠯᠪᠠᠨ ᠵᠢᠷᠤᠮ ᠤ᠋ᠨ ᠴᠢᠰᠤ ᠬᠠᠨᠳᠢᠪᠯᠠᠬᠤ ᠲᠥᠷᠥ ᠵᠢᠨ ᠪᠣᠳᠣᠯᠭ᠎ᠠ ᠵᠢᠨ ᠤᠷᠮᠠᠰᠢᠭᠤᠯᠤᠯ ᠢ᠋ ᠴᠢᠩᠭᠠᠳᠭᠠᠵᠤ᠂ ᠣᠯᠠᠨ ᠲᠦᠮᠡᠨ ᠤ᠋ ᠴᠢᠰᠤ ᠬᠠᠨᠳᠢᠪᠯᠠᠬᠤ ᠬᠦᠰᠡᠯ ᠢ᠋ ᠳᠡᠭᠡᠭᠰᠢᠯᠡᠭᠦᠯᠬᠦ ᠬᠡᠷᠡᠭᠲᠡᠢ᠃ ᠤᠯᠤᠰ ᠡᠴᠡ ᠵᠣᠬᠢᠴᠠᠩᠭᠤᠢ ᠲᠥᠷᠥ ᠵᠢᠨ ᠪᠣᠳᠣᠯᠭ᠎ᠠ ᠵᠢ ᠲᠣᠭᠲᠠᠭᠠᠵᠤ᠂ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ᠂ ᠨᠡᠢᠭᠡᠮ ᠤ᠋ᠨ ᠬᠦᠮᠦᠰ ᠢ᠋ ᠬᠥᠲᠥᠯᠦᠨ ᠵᠢᠯᠣᠭᠣᠳᠴᠤ ᠪᠠᠢᠭᠠᠳ ᠦᠨ᠎ᠡ ᠲᠥᠯᠥᠪᠦᠷᠢ ᠦᠭᠡᠢ ᠪᠡᠷ ᠴᠢᠰᠤ ᠬᠠᠨᠳᠢᠪᠯᠠᠬᠤ ᠠᠵᠢᠯᠯᠠᠭ᠎ᠠ ᠳ᠋ᠤ᠌ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠴᠢᠰᠤ ᠬᠠᠨᠳᠢᠪᠯᠠᠬᠴᠢ ᠵᠢᠨ ᠬᠠᠤᠯᠢ ᠶᠣᠰᠣᠨ ᠤ᠋ ᠡᠷᠬᠡ ᠠᠰᠢᠭ ᠤ᠋ᠨ ᠪᠠᠲᠤᠯᠠᠭ᠎ᠠ ᠵᠢ ᠴᠢᠩᠭᠠᠳᠭᠠᠬᠤ ᠬᠡᠷᠡᠭᠲᠡᠢ᠂ ᠵᠢᠱ᠌ᠢᠶᠠᠯᠠᠪᠠᠯ ᠴᠢᠰᠤ ᠬᠠᠨᠳᠢᠪᠯᠠᠬᠤ ᠠᠮᠠᠷᠠᠯᠲᠠ ᠵᠢᠨ ᠳᠦᠷᠢᠮ ᠢ᠋ ᠲᠣᠭᠲᠠᠭᠠᠬᠤ᠂ ᠵᠠᠮ ᠬᠠᠷᠢᠯᠴᠠᠭᠠᠨ ᠤ᠋ ᠵᠠᠷᠤᠳᠠᠯ ᠢ᠋ ᠬᠠᠰᠤᠵᠤ ᠬᠡᠯᠲᠦᠷᠢᠭᠦᠯᠬᠦ᠂ ᠰᠦᠢᠳᠭᠡᠯ ᠬᠤᠷᠢᠶᠠᠬᠤ ᠦᠭᠡᠢ ᠪᠡᠷ ᠪᠡᠶ᠎ᠡ ᠵᠢᠨ ᠡᠷᠡᠭᠦᠯ ᠮᠡᠨᠳᠤ ᠵᠢᠨ ᠪᠠᠢᠴᠠᠭᠠᠯᠲᠠ ᠬᠢᠬᠦ ᠵᠡᠷᠭᠡ ᠠᠷᠠᠳ ᠲᠦ᠍ ᠳᠤᠳᠤᠨᠤᠰᠤᠭ ᠤᠷᠮᠠᠰᠢᠭᠤᠯᠤᠨ ᠵᠣᠷᠢᠭᠵᠢᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠴᠢᠬᠤᠯᠠᠳᠠᠢ᠃ ᠡᠭᠦᠨ ᠤ᠋ ᠬᠠᠮᠲᠤ᠂ ᠦᠨ᠎ᠡ ᠲᠥᠯᠥᠪᠦᠷᠢ ᠦᠭᠡᠢ ᠪᠡᠷ ᠴᠢᠰᠤ ᠬᠠᠨᠳᠢᠪᠯᠠᠬᠤ ᠮᠡᠳᠡᠯᠭᠡ ᠵᠢᠴᠢ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠲᠦᠭᠡᠮᠡᠯᠵᠢᠭᠦᠯᠬᠦ ᠵᠢ ᠴᠢᠬᠤᠯᠠᠴᠢᠯᠠᠵᠤ᠂ ᠣᠯᠠᠨ ᠲᠦᠮᠡᠨ ᠤ᠋ ᠡᠨᠳᠡᠬᠦᠦ ᠲᠠᠨᠢᠯᠲᠠ ᠵᠢ ᠵᠠᠯᠠᠷᠠᠭᠤᠯᠵᠤ᠂ ᠣᠯᠠᠨ ᠲᠦᠮᠡᠨ ᠤ᠋ ᠪᠡᠶ᠎ᠡ ᠪᠡᠨ ᠳᠠᠭᠠᠭᠠᠵᠤ ᠴᠢᠰᠤ ᠬᠠᠨᠳᠢᠪᠯᠠᠬᠤ ᠢᠳᠡᠪᠬᠢᠵᠢᠯ ᠢ᠋ ᠳᠡᠭᠡᠭᠰᠢᠯᠡᠭᠦᠯᠬᠦ ᠬᠡᠷᠡᠭᠳᠠᠢ ᠭᠡᠵᠤ ᠰᠠᠨᠠᠭᠤᠯᠤᠭᠰᠠᠨ ᠪᠠᠢᠨ᠎ᠠ᠃

ᠰᠦᠨ ᠶᠢᠩ᠂ ᠪᠦᠬᠦ ᠤᠯᠤᠰ ᠤ᠋ᠨ ᠴᠢᠰᠤᠨ ᠤ᠋ ᠡᠬᠢ ᠪᠠᠶᠠᠯᠢᠭ ᠤ᠋ᠨ ᠮᠡᠳᠡᠭᠡ ᠵᠠᠩᠭᠢᠵᠢᠯᠲᠠ ᠵᠢᠨ ᠬᠠᠮᠲᠤ ᠪᠠᠷ ᠡᠳ᠋ᠯᠡᠬᠦ ᠲᠣᠭᠲᠠᠴᠠ ᠵᠢ ᠪᠠᠢᠭᠤᠯᠤᠨ ᠪᠦᠷᠢᠨᠰᠢᠬᠦᠯᠵᠦ᠂ ᠠᠳᠠᠯᠢ ᠪᠤᠰᠤ ᠭᠠᠵᠠᠷ ᠣᠷᠣᠨ ᠤ᠋ ᠬᠣᠭᠣᠷᠣᠨᠳᠣᠬᠢ ᠴᠢᠰᠤᠨ ᠤ᠋ ᠬᠥᠮᠥᠷᠭᠡ ᠵᠢᠨ ᠬᠠᠳᠠᠭᠠᠯᠠᠭᠳᠠᠵᠤ ᠪᠠᠢᠭ᠎ᠠ ᠴᠢᠰᠤ ᠵᠢ ᠴᠠᠭ ᠲᠤᠬᠠᠢ ᠳ᠋ᠤᠨᠢ ᠪᠠᠢᠴᠠᠭᠠᠨ ᠯᠠᠪᠯᠠᠬᠤ ᠪᠠ ᠲᠣᠬᠢᠷᠠᠭᠤᠯᠬᠤ ᠵᠢ ᠠᠬᠢᠭᠤᠯᠤᠨ᠂ ᠣᠷᠣᠨ ᠪᠦᠰᠡ ᠵᠢᠨ ᠬᠣᠭᠣᠷᠣᠨᠳᠣᠬᠢ ᠴᠢᠰᠤᠨ ᠤ᠋ ᠡᠬᠢ ᠪᠠᠶᠠᠯᠢᠭ ᠤ᠋ᠨ ᠠᠰᠢᠭᠯᠠᠯᠲᠠ ᠵᠢ ᠪᠦᠲᠦᠮᠵᠢᠲᠡᠢ ᠲᠣᠬᠢᠷᠠᠭᠤᠯᠵᠤ ᠂ ᠴᠢᠰᠤᠨ ᠤ᠋ ᠡᠬᠢ ᠪᠠᠶᠠᠯᠢᠭ ᠤ᠋ᠨ ᠪᠦᠷᠢᠯᠭᠡᠬᠦ ᠵᠢ ᠪᠠᠭᠠᠰᠬᠠᠬᠤ ᠬᠡᠷᠡᠭᠲᠡᠢ᠃ ᠬᠤᠭᠤᠴᠠᠭ᠎ᠠ ᠰᠣᠩᠭᠣᠬᠤ ᠮᠡᠰᠡ ᠵᠠᠰᠠᠯ ᠤ᠋ᠨ ᠲᠥᠷᠥᠯ ᠤ᠋ᠨ ᠥᠪᠡᠷ ᠲᠡᠭᠡᠨ ᠴᠢᠰᠤ ᠶᠡᠭᠦᠯᠡᠬᠦ ᠵᠢ ᠲᠦᠭᠡᠮᠡᠯᠵᠢᠭᠦᠯᠬᠦ ᠵᠢ ᠠᠯᠪᠠᠨ ᠡᠴᠡ ᠡᠷᠬᠢᠯᠡᠭᠰᠡᠨ ᠡᠮᠨᠡᠯᠭᠡ ᠵᠢᠨ ᠬᠣᠷᠢᠶ᠎ᠠ ᠵᠢᠨ ᠰᠢᠯᠭᠠᠨ ᠦᠨᠡᠯᠡᠬᠦ ᠲᠣᠭᠲᠠᠴᠠ ᠳ᠋ᠤ᠌ ᠣᠷᠣᠭᠤᠯᠵᠤ᠂ ᠡᠮᠴᠢᠯᠡᠭᠡᠨ ᠳ᠋ᠦ᠍ ᠵᠣᠬᠢᠰᠲᠠᠢ ᠴᠢᠰᠤ ᠬᠡᠷᠡᠭᠯᠡᠬᠦ ᠬᠠᠮᠢᠶᠠᠷᠤᠯᠲᠠ ᠵᠢ ᠴᠢᠩᠭᠠᠳᠭᠠᠨ᠂ ᠡᠮᠴᠢᠯᠡᠭᠡᠨ ᠳ᠋ᠦ᠍ ᠬᠡᠷᠡᠭᠯᠡᠬᠦ ᠴᠢᠰᠤ ᠵᠢᠨ ᠡᠮᠴᠢᠯᠡᠭᠡᠨ ᠤ᠋ ᠳᠠᠭᠠᠳᠭᠠᠯ ᠤ᠋ᠨ ᠳᠠᠩᠰᠠ ᠲᠠᠢᠯᠬᠤ ᠬᠠᠷᠢᠴᠠᠯ ᠢ᠋ ᠳᠡᠭᠡᠭᠰᠢᠯᠡᠭᠦᠯᠵᠦ᠂ ᠳᠠᠩᠰᠠ ᠲᠠᠢᠯᠬᠤ ᠶᠠᠪᠤᠴᠠ ᠵᠢ ᠰᠢᠯᠢᠳᠡᠭᠵᠢᠭᠦᠯᠪᠡᠯ᠂ ᠮᠠᠨ ᠤ᠋ ᠤᠯᠤᠰ ᠤ᠋ᠨ ᠴᠢᠰᠤ ᠬᠡᠷᠡᠭᠯᠡᠬᠦ ᠪᠠᠴᠢᠮ ᠪᠠᠢᠳᠠᠯ ᠢ᠋ ᠪᠦᠲᠦᠮᠵᠢᠲᠡᠢ ᠨᠠᠮᠳᠠᠭᠤᠯᠵᠤ ᠪᠣᠯᠬᠤ ᠮᠥᠷᠲᠡᠭᠡᠨ ᠪᠠᠰᠠ ᠡᠪᠡᠳᠴᠢᠲᠡᠨ ᠤ᠋ ᠡᠮ ᠡᠮᠨᠡᠯᠭᠡ ᠵᠢᠨ ᠵᠠᠷᠤᠳᠠᠯ ᠢ᠋ ᠪᠠᠭᠠᠰᠬᠠᠵᠤ᠂ ᠠᠷᠠᠳ ᠲᠦᠮᠡᠨ ᠤ᠋ ᠡᠷᠡᠭᠦᠯ ᠮᠡᠨᠳᠦ ᠵᠢ ᠨᠡᠩ ᠰᠠᠢᠨ ᠪᠠᠲᠤᠯᠠᠵᠤ ᠴᠢᠳᠠᠨ᠎ᠠ ᠭᠡᠵᠤ ᠰᠠᠨᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面