2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-10 10:13:57

ᠵᠣᠬᠢᠶᠠᠭ᠍ᠴᠢ᠄ ᠬᠤᠤ ᠵᠢᠶᠠ ᠯᠢ ᠣᠩᠱᠢᠭ᠍ᠰᠠᠨ ᠣᠳᠠᠭ᠎ᠠ᠄ 3


QQ截图20230310100836.png


《ᠦᠷᠡᠵᠢᠯ ᠤ᠋ᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠱᠢᠰᠲ᠋ᠧᠮ ᠢ᠋ ᠲᠡᠭᠦᠯᠳᠡᠷᠵᠢᠭᠦᠯᠬᠦ᠌》 ᠵᠢ ᠡᠨᠡ ᠵᠢᠯ ᠤ᠋ᠨ ᠵᠠᠰᠠᠭ ᠤ᠋ᠨ ᠣᠷᠳᠣᠨ᠎ᠤ ᠠᠵᠢᠯ ᠤ᠋ᠨ ᠢᠯᠡᠳᠭᠡᠯ᠎ᠳᠦ ᠪᠢᠴᠢᠵᠦ᠍ ᠣᠷᠣᠭᠤᠯᠵᠠᠢ᠃ ᠡᠨᠡ ᠨᠢ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠭᠦᠸᠧ ᠴᠧᠩ ᠬᠤᠪᠢ ᠡᠵᠡᠮᠳᠡᠭ᠌ᠰᠡᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠦ᠋ ᠴᠧᠩ᠎ᠳᠤ ᠬᠦᠨ ᠰᠠᠭᠤᠭᠳᠠᠯ ᠦᠭᠴᠡᠢ᠃ ᠡᠨᠡ ᠤᠳᠠᠭᠠᠨ᠎ᠤ ᠬᠤᠷᠠᠯ ᠳ᠋ᠦ ᠣᠷᠣᠯᠴᠠᠬᠤ ᠳ᠋ᠦ ᠲᠡᠭᠦᠨ ᠤ᠋ ᠠᠪᠴᠢᠷᠠᠭ᠍ᠰᠠᠨ ᠰᠠᠨᠠᠯ ᠳᠤᠷᠠᠳᠤᠯᠭ᠎ᠠ ᠨᠢ ᠶᠠᠭ ᠡᠭᠦᠨ᠎ᠲᠡᠶ ᠬᠣᠯᠪᠣᠭ᠎ᠠ ᠲᠠᠢ ᠶᠤᠮ᠃

ᠣᠢᠷ᠎ᠠ ᠵᠢᠨ ᠵᠢᠯ᠎ᠳᠦ᠂ ᠮᠠᠨ᠎ᠤ ᠤᠯᠤᠰ ᠤ᠋ᠨ ᠦᠷᠡᠵᠢᠯ ᠤ᠋ᠨ ᠨᠣᠷᠮ᠎ᠠ ᠪᠠᠭᠤᠷᠠᠬᠤ ᠬᠠᠨᠳᠤᠰᠢ ᠲᠠᠢ ᠪᠣᠯᠵᠣ᠂ ᠵᠥᠪᠬᠡᠨ 2022 ᠣᠨ ᠳ᠋ᠦ ᠲᠥᠷᠥᠭ᠌ᠰᠡᠨ ᠬᠥᠮᠦᠨ ᠠᠮᠠ ᠲᠦᠷᠦᠭᠦᠦ ᠵᠢᠯ ᠤ᠋ᠨ᠎ᠬᠢ᠎ᠡᠴᠡ 106 ᠲᠦᠮᠡ ᠪᠠᠭᠠᠰᠪᠠ᠃ ᠡᠭᠦᠨ᠎ᠡᠴᠡ ᠭᠠᠳᠠᠨ᠎ᠠ᠂ 2022 ᠣᠨ᠎ᠤ ᠡᠴᠦᠰ᠎ᠲᠦ᠂ ᠮᠠᠨ᠎ᠤ ᠤᠯᠤᠰ ᠤ᠋ᠨ ᠬᠥᠮᠦᠨ ᠠᠮᠠ ᠵᠢᠨ ᠲᠣᠭ᠎ᠠ ᠳᠡᠭᠡᠷ᠎ᠡ ᠵᠢᠯ ᠤ᠋ᠨ ᠬᠢ᠎ᠡᠴᠡ 85 ᠲᠦᠮᠡ ᠪᠠᠭᠠᠰᠴᠤ᠌᠂ 61 ᠵᠢᠯ ᠤ᠋ᠨ ᠲᠤᠷᠰᠢ ᠠᠩᠬ᠎ᠠ ᠤᠳᠠᠭ᠎ᠠ ᠰᠥᠭᠡᠷᠭᠦ᠌ ᠨᠡᠮᠡᠭ᠌ᠳᠡᠯ ᠢᠯᠡᠷᠡᠪᠡ᠃ 《ᠡᠳᠡᠭᠡᠷ ᠨᠢ ᠬᠥᠳᠡᠯᠮᠦᠷᠢ ᠬᠦᠴᠦᠨ ᠳᠤᠲᠠᠭ᠍ᠳᠠᠬᠤ᠂ ᠳᠣᠲᠣᠭᠠᠳᠤ ᠬᠡᠷᠡᠭ᠌ᠴᠡᠭᠡ ᠬᠦᠷᠦᠯᠴᠡᠬᠦ᠌ ᠥᠬᠡᠶ᠂ ᠬᠥᠮᠦᠨ ᠠᠮᠠ ᠵᠢᠨ ᠨᠠᠰᠤᠵᠢᠯ ᠬᠦᠨᠳᠦᠷᠡᠬᠦ᠌ ᠵᠡᠷᠭᠡ ᠠᠵᠤ ᠠᠬᠤᠶ ᠨᠡᠢᠭᠡᠮ ᠤ᠋ᠨ ᠠᠰᠠᠭᠤᠳᠠᠯ ᠡᠭᠦᠰᠭᠡᠵᠦ ᠮᠡᠳᠡᠨ᠎ᠡ᠂ ᠡᠭᠦᠨ ᠢ᠋ ᠬᠥᠩᠭᠡᠪᠴᠢᠯᠡᠵᠦ᠍ ᠪᠣᠯᠬᠤ ᠥᠬᠡᠶ》 ᠭᠡᠵᠦ ᠡᠤ ᠴᠸᠩ ᠰᠠᠨᠠᠭᠠᠰᠢᠷᠠᠨ ᠶᠠᠷᠢᠨ᠎ᠠ ᠃

ᠡᠤ ᠴᠸᠩ ᠤ᠋ᠨ ᠦᠵᠡᠬᠦ ᠪᠡᠷ᠂ ᠦᠷᠡᠵᠢᠯ ᠤ᠋ᠨ ᠨᠣᠷᠮ᠎ᠠ᠎ᠵᠢᠨ ᠪᠠᠭᠤᠷᠠᠯᠳᠠ ᠨᠢ ᠣᠯᠠᠨ ᠵᠦᠶ᠋ᠯ ᠤ᠋ᠨ ᠬᠦᠴᠦᠨ ᠵᠦᠶ᠋ᠯ ᠤ᠋ᠨ ᠶᠡᠷᠦᠩᠬᠡᠢᠯᠡᠭ᠌ᠰᠡᠨ ᠨᠥᠯᠥᠭᠡᠯᠡᠯ ᠤ᠋ᠨ ᠦᠷ᠎ᠡ ᠳ᠋ᠦᠩ ᠮᠥᠨ᠂ ᠡᠭᠦᠨ ᠤ᠋ ᠳᠣᠲᠣᠷ᠎ᠠ ᠦᠷᠡᠵᠢᠯ ᠤ᠋ᠨ ᠥᠪᠡᠷ ᠤ᠋ᠨ ᠥᠷᠲᠡᠭ ᠤ᠋ᠨ ᠳᠡᠭᠡᠭ᠌ᠰᠢᠯᠡᠯᠳᠠ ᠨᠢ ᠦᠷᠡᠵᠢᠯ ᠤ᠋ᠨ ᠬᠦᠰᠡᠯ ᠡᠷᠡᠮᠡᠯᠵᠡᠯ᠎ᠳᠦ ᠮᠠᠰᠢ ᠶᠡᠬᠡ ᠨᠥᠯᠥᠭᠡ ᠦᠵᠡᠭᠦᠯᠵᠤ ᠪᠤᠢ᠃ ᠵᠢᠱ᠌ᠢᠶᠡᠯᠡᠪᠡᠯ ᠴᠢᠨᠠᠷ ᠰᠠᠢᠲᠠᠶ ᠰᠤᠷᠭᠠᠨ ᠬᠥᠮᠦᠵᠢᠯ ᠤ᠋ᠨ ᠡᠬᠢ ᠪᠠᠶᠠᠯᠢᠭ ᠲᠡᠩᠴᠡᠭᠦᠷᠢ ᠥᠬᠡᠶ᠂ ᠬᠥᠩᠭᠡᠵᠢᠬᠦ᠌ ᠨᠠᠰᠤᠨ᠎ᠤ ᠡᠮᠡᠭ᠌ᠲᠡᠢᠴᠦᠳ ᠤ᠋ᠨ ᠠᠵᠢᠯ ᠣᠯᠭᠣᠯᠲᠠ ᠵᠢᠨ ᠪᠠᠲᠤᠯᠠᠭ᠎ᠠ ᠲᠡᠭᠦᠯᠳᠡᠷ ᠪᠤᠰᠤ ᠵᠡᠷᠭᠡ ᠪᠣᠯ ᠴᠥᠮ ᠦᠷᠡᠵᠢᠯ ᠤ᠋ᠨ ᠬᠦᠰᠡᠯ ᠡᠷᠡᠮᠡᠯᠵᠡᠯ ᠢ᠋ ᠪᠠᠭᠤᠷᠠᠭᠤᠯᠤᠭ᠍ᠰᠠᠨ᠎ᠤ ᠱᠢᠯᠲᠠᠭᠠᠨ ᠮᠥᠨ᠃ 《ᠣᠢᠷ᠎ᠠ ᠵᠢᠨ ᠵᠢᠯ᠎ᠳᠦ᠂ ᠤᠯᠤᠰ ᠪᠠ ᠬᠡᠰᠡᠭ ᠣᠷᠣᠨ ᠨᠤᠲᠤᠭ ᠤ᠋ᠨ ᠵᠠᠰᠠᠭ ᠤ᠋ᠨ ᠣᠷᠳᠣᠨ ᠦᠷᠡᠵᠢᠯ ᠤ᠋ᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠨᠡᠢᠲᠡᠯᠡᠭ᠌ᠰᠡᠨ ᠪᠣᠯᠪᠠᠴᠤ᠌ ᠶᠡᠷᠦᠩᠬᠡᠶ᠎ᠳᠦᠨᠢ ᠠᠪᠴᠤ᠌ ᠦᠵᠡᠪᠡᠯ ᠪᠠᠰᠠ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ ᠴᠢᠬᠤᠯᠠᠲᠠᠶ ᠪᠠᠢᠨ᠎ᠠ》 ᠭᠡᠵᠦ᠍ ᠦ᠋ ᠴᠧᠩ ᠬᠡᠯᠡᠪᠡ᠃

ᠲᠡᠷᠡ᠂ ᠭᠤᠤᠯᠳᠠᠭᠤ ᠦᠷᠡᠵᠢᠯ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠬᠤ ᠡᠴᠡ ᠭᠠᠷᠳᠠᠵᠤ᠂ ᠬᠣᠯᠪᠣᠭ᠍ᠳᠠᠯ ᠪᠥᠬᠥᠶ ᠲᠣᠭ᠍ᠲᠠᠴᠠ ᠪᠠ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠬᠡᠷᠡᠭ᠌ᠲᠡᠶ᠃ ᠡᠮᠴᠢᠯᠡᠭᠡᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠣᠭ᠍ᠲᠠᠭᠠᠨ ᠲᠡᠭᠦᠯᠳᠡᠷᠵᠢᠭᠦᠯᠵᠦ᠍᠂ ᠡᠮᠴᠢᠯᠡᠭᠡᠨ᠎ᠤ ᠥᠪᠡᠷ ᠤ᠋ᠨ ᠥᠷᠲᠡᠭ ᠢ᠋ ᠪᠠᠭᠤᠷᠠᠭᠤᠯᠵᠤ᠂ ᠡᠬᠡ ᠨᠢᠯᠬᠠᠰ ᠤ᠋ᠨ ᠡᠮᠨᠡᠯᠭᠡ ᠵᠢᠨ ᠬᠣᠷᠢᠶ᠎ᠠ ᠵᠡᠷᠭᠡ ᠎ᠳ᠋ᠦ ᠬᠠᠨᠳᠤᠭᠤᠯᠤᠭᠰᠠᠨ ᠪᠡᠯᠡ ᠣᠷᠣᠭᠤᠯᠤᠯᠲᠠ ᠵᠢ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠤ ᠡᠬᠡ ᠨᠢᠯᠬᠠᠰ ᠤ᠋ᠨ ᠡᠮᠴᠢᠯᠡᠭᠡ ᠡᠷᠡᠭᠦᠯ ᠮᠡᠨᠳᠦ᠍ ᠵᠢᠨ ᠪᠠᠲᠤᠯᠠᠭ᠎ᠠ ᠵᠢᠨ ᠢᠨᠵᠧᠨᠧᠷᠢᠩ ᠢ᠋ ᠭᠤᠤᠯᠳᠠᠯᠭ᠎ᠠ ᠲᠠᠢ ᠬᠡᠷᠡᠭ᠌ᠵᠢᠭᠦᠯᠵᠦ᠍᠂ ᠬᠦᠨᠳᠦ ᠲᠦᠭ᠌ᠰᠢᠭᠦᠷᠢ ᠲᠡᠶ ᠵᠢᠷᠮᠦᠰᠦᠨ ᠬᠦᠩᠭᠡᠵᠢᠭᠰᠡᠨ ᠡᠮᠡᠭ᠌ᠲᠡᠶ᠂ ᠨᠢᠷᠠᠢ ᠬᠡᠦᠬᠡᠳ ᠢ᠋ ᠠᠪᠤᠷᠠᠨ ᠵᠠᠰᠠᠬᠤ ᠲᠤᠤᠷ ᠢ᠋ ᠪᠠᠢᠭᠤᠯᠬᠤ ᠬᠡᠷᠡᠭ᠌ᠲᠡᠶ ; ᠬᠡᠦᠬᠡᠳ ᠤ᠋ᠨ ᠰᠤᠷᠭᠠᠨ ᠬᠥᠮᠦᠵᠢᠯ ᠢ᠋ ᠳᠡᠮᠵᠢᠬᠦ᠌ ᠲᠥᠷᠥ ᠵᠢᠨ ᠪᠣᠳᠣᠯᠭ᠎ᠠ ᠵᠢ ᠲᠣᠭ᠍ᠲᠠᠭᠠᠨ ᠲᠡᠭᠦᠯᠳᠡᠷᠵᠢᠭᠦᠯᠵᠦ᠍᠂ ᠰᠤᠷᠭᠠᠨ ᠬᠥᠮᠦᠵᠢᠯ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠤᠨ᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠬᠥᠭ᠌ᠵᠢᠬᠦ᠌ ᠪᠠ ᠬᠣᠲᠠ ᠬᠥᠳᠡᠭᠡ ᠵᠢ ᠨᠢᠭᠡ ᠴᠣᠭ᠍ᠴᠠᠵᠢᠭᠤᠯᠬᠤ ᠵᠢ ᠠᠬᠢᠭᠤᠯᠵᠤ᠂ 《ᠰᠤᠷᠭᠠᠭᠤᠯᠢ ᠰᠣᠩᠭᠣᠬᠤ ᠬᠠᠯᠠᠮᠱᠢᠯ》 ᠤ᠋ᠨ ᠬᠦᠴᠢᠷ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠬᠦ ᠴᠢᠬᠤᠯᠠᠳᠠᠢ; ᠬᠥᠩᠭᠡᠵᠢᠬᠦ᠌ ᠨᠠᠰᠤᠨ᠎ᠤ ᠡᠮᠡᠭ᠌ᠲᠡᠢᠴᠦᠳ ᠤ᠋ᠨ ᠠᠵᠢᠯ ᠣᠯᠭᠤᠯᠳᠠ ᠵᠢᠨ ᠪᠠᠲᠤᠯᠠᠭ᠎ᠠ ᠵᠢ ᠴᠢᠩᠭᠠᠳᠭᠠᠵᠤ᠂ ᠬᠥᠮᠦᠨ ᠬᠡᠷᠡᠭ᠌ᠯᠡᠬᠦ᠌ ᠨᠢᠭᠡᠴᠡ ᠵᠢᠨ ᠨᠢᠷᠠᠢ ᠨᠢᠯᠬ᠎ᠠ ᠬᠡᠦᠬᠡᠳ ᠢ᠋ ᠬᠠᠷᠠᠭᠠᠯᠵᠠᠬᠤ ᠳ᠋ᠦ ᠠᠱᠢᠭ᠍ᠲᠠᠶ ᠠᠮᠢᠳᠤᠯᠢᠭ ᠵᠢᠡᠷ ᠠᠮᠠᠷᠠᠬᠤ ᠪᠠ ᠬᠠᠷᠢᠮᠠᠬᠠᠶ ᠠᠵᠢᠯᠯᠠᠬᠤ ᠠᠷᠭ᠎ᠠ ᠬᠡᠯᠪᠡᠷᠢ᠎ᠵᠢ ᠬᠠᠤᠯᠢ ᠶᠣᠰᠣᠭᠠᠷ ᠵᠥᠪᠳᠡᠯᠴᠡᠨ ᠲᠣᠭ᠍ᠲᠠᠭᠠᠬᠤ ᠵᠢ ᠵᠣᠷᠢᠭ᠍ᠵᠢᠭᠤᠯᠬᠤ ᠬᠡᠷᠡᠭ᠌ᠲᠡᠶ ; ᠦᠷᠡᠵᠢᠯ ᠤ᠋ᠨ ᠳᠠᠭᠠᠳᠭᠠᠯ ᠤ᠋ᠨ ᠲᠦᠷᠢᠮ ᠢ᠋ ᠪᠦᠷᠢᠨᠱᠢᠬᠦᠯᠵᠦ᠍᠂ ᠦᠷᠡᠵᠢᠯ ᠤ᠋ᠨ ᠨᠡᠢᠭᠡᠮ ᠤ᠋ᠨ ᠳᠠᠭᠠᠳᠭᠠᠯ ᠳ᠋ᠦ ᠣᠷᠣᠯᠴᠠᠬᠤ ᠵᠢ ᠵᠣᠷᠢᠭ᠍ᠵᠢᠭᠤᠯᠤᠨ᠂ ᠨᠡᠢᠭᠡᠮ ᠤ᠋ᠨ ᠳᠠᠭᠠᠳᠭᠠᠯ ᠵᠢᠡᠷ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠶ ᠵᠢᠨ ᠬᠤᠯᠪᠤᠭᠳᠠᠯ ᠪᠥᠬᠥᠶ ᠡᠮᠴᠢᠯᠡᠭᠡᠨ ᠤ᠋ ᠵᠠᠷᠤᠳᠠᠯ ᠢ᠋ ᠬᠤᠪᠢᠶᠠᠨ ᠡᠭᠦᠷᠭᠡᠯᠡᠭᠦᠯᠬᠦ ᠴᠢᠬᠤᠯᠠᠳᠠᠢ ᠭᠡᠵᠦ ᠰᠠᠨᠠᠭᠤᠯᠪᠠ᠃

《ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠪᠥᠬᠥ᠌ ᠲᠠᠯ᠎ᠠ᠎ᠪᠠᠷ ᠬᠦᠴᠦᠯᠡᠬᠦ ᠪᠡᠷ ᠳᠠᠮᠵᠢᠭᠤᠯᠤᠨ᠂ ᠦᠷᠡᠵᠢᠯ ᠤ᠋ᠨ ᠣᠷᠴᠢᠨ ᠨᠥᠬᠥᠴᠡᠯ ᠢ᠋ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠂ ᠦᠷᠡᠵᠢᠯ ᠤ᠋ᠨ ᠨᠠᠰᠤᠨ᠎ᠤ ᠬᠦᠮᠦᠰ ᠤ᠋ᠨ ᠦᠷᠡᠵᠢᠯ ᠤ᠋ᠨ ᠬᠦᠰᠡᠯ ᠡᠷᠡᠮᠡᠯᠵᠡᠯ ᠢ᠋ ᠳᠡᠭᠡᠭ᠌ᠰᠢᠯᠡᠭᠦᠯᠵᠦ᠍᠂ ᠡᠭᠦᠨ ᠤ᠋ ᠤᠯᠠᠮ ᠡᠴᠡ ᠬᠥᠮᠦᠨ ᠠᠮᠠ ᠵᠢᠨ ᠲᠡᠩᠴᠡᠭᠦᠷᠢᠲᠡᠶ ᠬᠥᠭ᠌ᠵᠢᠯᠲᠡ ᠵᠢ ᠠᠬᠢᠭᠤᠯᠬᠤ ᠵᠢ ᠬᠦᠰᠡᠵᠦ᠍ ᠪᠠᠢᠨ᠎ᠠ 》 ᠭᠡᠵᠦ᠍ ᠦ᠋ ᠴᠧᠩ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面