2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-10 11:34:17

ᠵᠣᠬᠢᠶᠠᠭ᠍ᠴᠢ᠄ ᠸᠠᠩ ᠬᠤᠤ ᠂ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

ᠤᠤ᠌ ᠬᠤᠢ ᠷᠠᠨ ᠄

ᠪᠥᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ᠂ ᠬᠥᠯᠥᠨ ᠪᠤᠢᠷ ᠬᠤᠲᠠ ᠵᠢᠨ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠤᠱᠢᠭᠤᠨ ᠤ᠋ ᠨᠠᠮ ᠤ᠋ᠨ ᠬᠤᠷᠢᠶ᠎ᠠ ᠵᠢᠨ ᠳᠡᠳ᠋ ᠱᠦᠵᠢ᠂ ᠬᠤᠱᠢᠭᠤᠨ ᠳᠠᠷᠤᠭ᠎ᠠ


QQ截图20230310111227.png


ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠠᠷᠠᠳ ᠤ᠋ᠨ ᠠᠮᠢᠳᠤᠷᠠᠯ ᠢ᠋ ᠤᠯᠠᠨ ᠤᠳᠠᠭ᠎ᠠ ᠳᠤᠷᠠᠳᠪᠠ᠃ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠤᠱᠢᠭᠤ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠶᠠᠪᠤᠴᠠ ᠳ᠋ᠤ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠶ᠋ᠢ ᠢᠮᠠᠭ᠍ᠲᠠ ᠪᠠᠷᠢᠮᠲᠠᠯᠠᠵᠤ᠂ ᠤᠯᠠᠨ ᠲᠦᠮᠡᠨ ᠤ᠋ ᠱᠠᠭᠠᠷᠳᠠᠵᠤ ᠪᠠᠢᠭᠰᠠᠨ᠂ ᠬᠦᠰᠡᠵᠤ ᠪᠠᠢᠭᠰᠠᠨ᠂ ᠪᠠᠴᠢᠮᠳᠠᠵᠦ ᠪᠠᠢᠭᠰᠠᠨ 《ᠵᠠᠩᠬᠢᠯᠠᠭ᠎ᠠ ᠵᠢᠨ ᠪᠠᠭ᠎ᠠ ᠶᠠᠪᠤᠳᠠᠯ》 ᠳ᠋ᠤ ᠠᠩᠬᠠᠷᠤᠯ ᠵᠢᠡᠨ ᠲᠦᠪᠯᠡᠷᠡᠭᠦᠯᠵᠤ᠂ ᠠᠷᠠᠳ ᠤ᠋ᠨ ᠠᠮᠢᠳᠤᠷᠠᠯ ᠤ᠋ᠨ ᠳᠤᠲᠠᠭᠤᠳᠠᠯ ᠢ᠋ ᠴᠢᠷᠮᠠᠢᠨ ᠨᠦᠬᠦᠪᠦᠷᠢᠯᠡᠪᠡ᠃ ᠲᠤᠬᠠᠢ ᠵᠢᠨ ᠭᠠᠵᠠᠷ ᠤ᠋ᠨ ᠦᠶ᠎ᠡ ᠭᠡᠰᠢᠭᠦᠦ ᠵᠢᠨ ᠡᠪᠡᠳᠴᠢᠨ ᠢ᠋ ᠠᠪᠤᠷᠠᠨ ᠵᠠᠰᠠᠬᠤ ᠴᠢᠳᠠᠪᠤᠷᠢ ᠪᠠᠭᠤᠷᠠᠢ ᠪᠠᠢᠬᠤ ᠠᠰᠠᠭᠤᠳᠠᠯ ᠢ᠋ ᠱᠢᠢᠳᠪᠦᠷᠢᠯᠡᠬᠦ᠌ ᠵᠢᠨ ᠲᠥᠯᠥᠭᠡ᠂ ᠭᠤᠸᠠᠩᠳᠦ᠋ᠩ ᠮᠤᠵᠢ ᠵᠢᠨ ᠬᠢᠲᠠᠳ ᠡᠮᠨᠡᠯᠭᠡ ᠵᠢᠨ ᠬᠤᠷᠢᠶ᠎ᠠ ᠬᠢᠬᠡᠳ ᠬᠤᠱᠢᠭᠤᠨ ᠤ᠋ ᠠᠷᠠᠳ ᠤ᠋ᠨ ᠡᠮᠨᠡᠯᠭᠡ ᠵᠢᠨ ᠬᠤᠷᠢᠶ᠎ᠠ ᠵᠢᠨ ᠡᠮᠴᠢᠯᠡᠭᠡᠨ ᠤ᠋ ᠬᠠᠮᠲᠤᠷᠠᠯᠴᠠᠭ᠎ᠠ ᠶ᠋ᠢ ᠢᠳᠡᠪᠬᠢᠲᠡᠢ ᠵᠣᠬᠢᠴᠠᠭᠤᠯᠵᠤ ᠪᠠᠢᠭᠠᠳ ᠥᠷᠭᠡᠨ ᠣᠯᠠᠨ ᠮᠠᠯᠴᠢᠨ ᠲᠦᠮᠡᠨ ᠳ᠋ᠤ ᠡᠮ ᠡᠮᠨᠡᠯᠭᠡ ᠬᠦᠷᠭᠡᠨ᠂ ᠦᠶ᠎ᠡ ᠭᠡᠰᠢᠭᠦᠦ ᠵᠢᠨ ᠡᠪᠡᠳᠴᠢᠨ ᠢ᠋ ᠣᠨᠣᠱᠢᠯᠠᠨ ᠵᠠᠰᠠᠬᠤ ᠬᠦᠴᠢᠷ ᠠᠰᠠᠭᠤᠳᠠᠯ ᠢ᠋ ᠪᠦᠲᠦᠮᠵᠢᠲᠡᠶ ᠨᠠᠮᠳᠠᠭᠤᠯᠵᠤ᠂ ᠲᠤᠬᠠᠢ ᠵᠢᠨ ᠭᠠᠵᠠᠷ ᠤ᠋ᠨ ᠡᠮᠴᠢᠯᠡᠭᠡᠨ ᠤ᠋ ᠦᠢᠯᠡᠴᠢᠯᠡᠭᠡᠨ ᠤ᠋ ᠴᠢᠳᠠᠪᠤᠷᠢ ᠶ᠋ᠢ ᠳᠡᠭᠡᠭ᠌ᠰᠢᠯᠡᠭᠦᠯᠦᠭᠰᠡᠨ ᠪᠠᠢᠨ᠎ᠠ᠃

ᠳᠠᠷᠠᠭᠠᠴᠢ ᠵᠢᠨ ᠠᠯᠬᠤᠮ ᠳ᠋ᠤ᠂ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠤᠱᠢᠭᠤ ᠦᠷᠭᠦᠯᠵᠢᠯᠡᠨ ᠠᠷᠠᠳ ᠤ᠋ᠨ ᠠᠮᠢᠳᠤᠷᠠᠯ ᠤ᠋ᠨ ᠬᠦᠷᠢᠶᠡᠨ ᠤ᠋ ᠭᠤᠣᠯᠳᠠᠯᠭ᠎ᠠ ᠲᠠᠢ ᠭᠤᠭ᠍ᠴᠤᠭ᠎ᠠ ᠶ᠋ᠢ ᠴᠢᠩᠭ᠎ᠠ ᠠᠩᠬᠠᠷᠴᠤ᠌᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠢ᠋ ᠱᠢᠯᠢᠳᠡᠭ᠌ᠵᠢᠭᠦᠯᠬᠦ᠂ ᠰᠠᠭᠤᠭᠠᠯᠢ ᠠᠷᠠᠳ ᠤ᠋ᠨ ᠦᠢᠯᠡᠳᠪᠦᠷᠢᠯᠡᠯ ᠠᠮᠢᠳᠤᠷᠠᠯ ᠤ᠋ᠨ ᠠᠷᠭ᠎ᠠ ᠬᠡᠯᠪᠡᠷᠢ ᠶ᠋ᠢ ᠰᠠᠢᠵᠢᠷᠠᠭᠤᠯᠬᠤ᠂ ᠤᠯᠠᠨ ᠨᠡᠢᠲᠡ ᠵᠢᠨ ᠦᠢᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠍᠂ ᠠᠷᠠᠳ ᠤᠯᠠᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ ᠤ᠋ ᠲᠥᠷᠥᠭ᠌ᠳᠡᠯ ᠢ᠋ ᠲᠠᠰᠤᠷᠠᠯᠲᠠ ᠦᠭᠡᠢ ᠨᠡᠮᠡᠭ᠌ᠳᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面