2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-10 11:28:50

ᠵᠣᠬᠢᠶᠠᠭ᠍ᠴᠢ᠄ ᠴᠧᠨ ᠴᠦᠨ ᠶᠠᠨ ᠂ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3

ᠰᠦᠬᠡ ᠄

ᠪᠥᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ᠂ ᠬᠢᠩᠭᠠᠨ ᠠᠢᠮᠠᠭ ᠤ᠋ᠨ ᠨᠠᠮ ᠤ᠋ᠨ ᠬᠤᠷᠢᠶ᠎ᠠ ᠵᠢᠨ ᠳᠡᠳ᠋ ᠱᠦᠵᠢ᠂ ᠠᠢᠮᠠᠭ ᠤ᠋ᠨ ᠳᠠᠷᠤᠭ᠎ᠠ


QQ截图20230310111214.png


ᠬᠢᠩᠭᠠᠨ ᠠᠢᠮᠠᠭ ᠢᠮᠠᠭ᠍ᠲᠠ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠶ᠋ᠢ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢᠨ ᠡᠯ᠎ᠡ ᠵᠦᠢᠯ ᠤ᠋ᠨ ᠠᠵᠢᠯ ᠢ᠋ ᠠᠳᠭᠤᠬᠤ ᠵᠤᠷᠢᠯᠳᠠ ᠪᠠ ᠲᠤᠰᠤᠯᠳᠠ ᠪᠠᠨ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠱᠢᠯᠢᠳᠡᠭ ᠰᠠᠢᠨ᠂ ᠠᠵᠢᠯ ᠣᠯᠵᠤ ᠦᠢᠯᠡᠰ ᠪᠣᠰᠭᠠᠬᠤ ᠳ᠋ᠤ ᠲᠦᠭᠦᠮ᠂ ᠦᠢᠯᠡᠳᠪᠦᠷᠢᠯᠡᠯ ᠠᠮᠢᠳᠤᠷᠠᠯ ᠡᠯᠪᠡᠭ ᠲᠠᠩᠰᠤᠭ ᠬᠥᠭ᠌ᠵᠢᠯᠲᠡ ᠵᠢᠨ ᠣᠷᠴᠢᠨ ᠨᠦᠬᠦᠴᠡᠯ ᠢ᠋ ᠪᠤᠢ ᠪᠤᠯᠭᠠᠬᠤ ᠪᠡᠷ ᠴᠢᠷᠮᠠᠢᠵᠤ᠂ ᠤᠯᠤᠰ ᠤ᠋ᠨ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢᠨ ᠵᠢᠱ᠌ᠢᠶ᠎ᠡ ᠦᠵᠡᠭᠦᠯᠬᠦ᠌ ᠠᠢᠮᠠᠭ ᠪᠣᠯᠣᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ》 ᠭᠡᠬᠦ᠌ ᠦᠢᠯᠡᠳᠦᠯᠭᠡ ᠵᠢᠨ ᠱᠢᠨ᠎ᠡ ᠶ᠋ᠢ ᠡᠭᠦᠳᠬᠦ᠌ ᠰᠠᠭᠤᠷᠢᠨ ᠢ᠋ ᠠᠮᠵᠢᠯᠲᠠ ᠲᠠᠢ ᠪᠠᠢᠭᠤᠯᠪᠠ᠃

ᠳᠠᠷᠠᠭᠠᠴᠢ ᠵᠢᠨ ᠠᠯᠬᠤᠮ ᠳ᠋ᠤ᠂ ᠬᠢᠩᠭᠠᠨ ᠠᠢᠮᠠᠭ ᠠᠷᠠᠳ ᠲᠦᠮᠡᠨ ᠵᠢᠡᠷ ᠭᠤᠣᠯ ᠪᠣᠯᠭᠠᠬᠤ ᠬᠥᠭ᠌ᠵᠢᠯᠲᠡ ᠵᠢᠨ ᠦᠵᠡᠯ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠦᠢᠯᠡᠳᠦᠯᠭᠡᠵᠢᠭᠦᠯᠵᠦ᠍᠂ ᠬᠤᠳᠠ ᠳ᠋ᠤ ᠠᠵᠢᠯ ᠲᠠᠢ ᠬᠥᠮᠥᠨ ᠦᠭᠡᠢ ᠭᠡᠷ ᠪᠦᠯᠢ ᠳ᠋ᠤ ᠭᠦᠢᠴᠡᠳ ᠠᠵᠢᠯ ᠣᠯᠭᠤᠬᠤ᠂ ᠠᠵᠢᠯ ᠣᠯᠬᠤ ᠬᠦᠰᠡᠯ ᠲᠠᠢ ᠲᠡᠭᠦᠰᠦᠭᠰᠡᠨ ᠤᠶᠤᠳᠠᠳ ᠲᠦ᠍ ᠪᠦᠬᠦ᠌ ᠲᠠᠯ᠎ᠠ ᠪᠠᠷ ᠠᠵᠢᠯ ᠣᠯᠭᠤᠬᠤ ᠵᠡᠷᠭᠡ 《ᠲᠦᠷᠪᠡᠨ ᠶᠡᠭᠡ ᠠᠵᠢᠯᠯᠠᠭ᠎ᠠ》 ᠥᠷᠨᠢᠭᠦᠯᠤᠨ᠂ ᠮᠠᠯᠵᠢᠬᠤ ᠲᠠᠷᠢᠶᠠᠯᠠᠬᠤ ᠣᠷᠣᠨ ᠳ᠋ᠤ ᠴᠢᠨᠠᠷ ᠰᠠᠢᠲᠠᠢ ᠬᠦᠷᠢᠶ᠎ᠡ ᠬᠠᠰᠢᠶᠠᠨ ᠤ᠋ ᠠᠵᠤ ᠠᠬᠤᠢ ᠶ᠋ᠢ ᠬᠥᠲᠥᠯᠥᠨ ᠵᠢᠯᠤᠭᠤᠳᠴᠤ᠌ ᠬᠥᠭ᠌ᠵᠢᠭᠦᠯᠬᠦ᠌ ᠵᠡᠷᠭᠡ 《ᠵᠢᠷᠭᠤᠭᠠᠨ ᠶᠡᠭᠡ ᠠᠷᠭ᠎ᠠ ᠬᠡᠮᠵᠢᠶ᠎ᠡ》 ᠶ᠋ᠢ ᠬᠡᠷᠡᠭ᠌ᠵᠢᠭᠦᠯᠵᠤ᠂ ᠠᠷᠠᠳ ᠤᠯᠠᠨ ᠤ᠋ ᠣᠷᠣᠯᠭ᠎ᠠ ᠵᠢᠨ ᠲᠦᠪᠱᠢᠨ ᠢ᠋ ᠴᠢᠷᠮᠠᠢᠨ ᠳᠡᠭᠡᠭ᠌ᠰᠢᠯᠡᠭᠦᠯᠦᠨ᠎ᠡ᠃ ᠵᠣᠷᠯᠣᠩ ᠤ᠋ᠨ ᠬᠤᠪᠢᠰᠭᠠᠯ᠂ ᠰᠠᠭᠠᠳ ᠦᠭᠡᠢ ᠨᠡᠪᠲᠡᠷᠡᠭᠦ ᠵᠠᠮ ᠬᠠᠷᠢᠯᠴᠠᠭ᠎ᠠ᠂ ᠠᠷᠠᠳ ᠤ᠋ᠨ ᠠᠮᠢᠳᠤᠷᠠᠯ ᠤ᠋ᠨ ᠬᠤᠳᠠ ᠵᠢᠨ ᠪᠠᠢᠭᠤᠯᠤᠯᠲᠠ ᠵᠡᠷᠭᠡ ᠲᠦᠷᠦᠯ ᠵᠤᠢᠯ ᠢ᠋ ᠶᠡᠬᠡ ᠪᠡᠷ ᠬᠡᠷᠡᠭᠵᠢᠭᠦᠯᠵᠤ᠂ ᠬᠥᠳᠡᠭᠡ ᠲᠣᠰᠭᠤᠨ ᠤ᠋ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠭᠤᠷᠪᠠᠨ ᠱᠠᠲᠤᠨ ᠤ᠋ ᠰᠦᠯᠵᠢᠶᠡᠨ ᠤ᠋ ᠱᠢᠰᠲ᠋ᠧᠮ ᠤ᠋ᠨ ᠪᠠᠢᠭᠤᠯᠤᠯᠲᠠ ᠶ᠋ᠢ ᠪᠦᠬᠦ᠌ ᠲᠠᠯ᠎ᠠ ᠪᠠᠷ ᠠᠬᠢᠭᠤᠯᠤᠨ᠂ ᠨᠡᠢᠭᠡᠮ ᠤ᠋ᠨ ᠠᠪᠤᠷᠠᠨ ᠲᠤᠰᠠᠯᠠᠬᠤ ᠪᠠᠲᠤᠯᠠᠭ᠎ᠠ ᠵᠢᠨ ᠪᠠᠷᠢᠮᠵᠢᠶ᠎ᠠ ᠶ᠋ᠢ ᠲᠣᠭ᠍ᠲᠠᠭᠤᠨ ᠵᠢᠡᠷ ᠳᠡᠭᠡᠭᠰᠢᠯᠡᠭᠦᠯᠵᠤ᠂ ᠠᠷᠠᠳ ᠤ᠋ᠨ ᠵᠣᠪᠠᠨᠢᠯ ᠢ᠋ ᠱᠢᠢᠳᠪᠦᠷᠢᠯᠡᠬᠦ᠂ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠬᠦ᠌ ᠪᠣᠳᠠᠲᠤ ᠶᠠᠪᠤᠳᠠᠯ ᠢ᠋ ᠦᠨᠡᠨ ᠬᠦ᠌ ᠪᠣᠳᠠᠲᠠᠢ ᠬᠢᠵᠦ᠍᠂ ᠰᠠᠢᠨ ᠶᠠᠪᠤᠳᠠᠯ ᠢ᠋ ᠦᠨᠡᠨ ᠬᠦ᠌ ᠰᠠᠢᠲᠤᠷ ᠬᠢᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面