2023-03-10 11:38:49
ᠱᠢᠤᠢ ᠷᠦᠢ ᠱᠢᠶᠠ ᠄
ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠢᠩᠬᠢᠮ ᠤ᠋ᠨ ᠳᠡᠳ᠋ ᠳᠠᠷᠤᠭ᠎ᠠ

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠂ ᠠᠵᠢᠯ ᠣᠯᠭᠣᠯᠲᠠ ᠵᠢ ᠲᠡᠷᠢᠭᠦᠨ ᠳ᠋ᠦ ᠲᠠᠯᠪᠢᠬᠤ ᠲᠥᠷᠥ ᠶ᠋ᠢᠨ ᠪᠣᠳᠣᠯᠭ᠎ᠠ ᠵᠢ ᠨᠠᠷᠢᠯᠢᠭ ᠪᠤᠳᠠᠳᠠᠢ ᠨᠠᠢᠳᠠᠪᠤᠷᠢᠵᠢᠭᠤᠯᠵᠤ᠂ ᠵᠠᠯᠠᠭᠤᠴᠤᠳ ᠢᠯᠠᠩᠭᠤᠶ᠎ᠠ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠨ ᠤᠶᠤᠳᠠᠳ ᠤ᠋ᠨ ᠠᠵᠢᠯ ᠣᠯᠭᠣᠯᠲᠠ ᠵᠢ ᠠᠬᠢᠭᠤᠯᠬᠤ ᠠᠵᠢᠯ ᠢ᠋ ᠨᠠᠩ ᠲᠣᠪᠣᠢᠮ᠎ᠠ ᠪᠠᠢᠷᠢᠨ ᠳ᠋ᠦ ᠲᠠᠯᠪᠢᠵᠤ᠂ ᠦᠨᠳᠤᠰᠤᠨ ᠠᠷᠠᠳ ᠤ᠋ᠨ ᠠᠮᠢᠳᠤᠷᠠᠯ ᠢ᠋ ᠦᠨᠡᠨ ᠬᠦ᠌ ᠰᠠᠢᠲᠤᠷ ᠪᠠᠲᠤᠯᠠᠬᠤ ᠬᠡᠷᠡᠭ᠌ᠲᠡᠶ ᠭᠡᠵᠦ ᠲᠤᠷᠠᠳᠴᠠᠢ᠃
ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠰᠠᠯᠠᠭ᠎ᠠ ᠮᠥᠴᠢᠷ ᠨᠢ ᠠᠵᠢᠯ ᠣᠯᠭᠣᠬᠤ ᠠᠵᠢᠯ ᠤ᠋ᠨ ᠭᠣᠣᠯ ᠬᠠᠷᠢᠭᠤᠴᠠᠬᠤ ᠰᠠᠯᠠᠭ᠎ᠠ ᠮᠥᠴᠢᠷ ᠪᠣᠯᠤᠭ᠍ᠰᠠᠨ ᠤ᠋ ᠬᠤᠪᠢ ᠳ᠋ᠦ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠨᠢᠭᠡᠳᠦᠯᠲᠡᠢ ᠠᠵᠢᠯ ᠣᠯᠭᠤᠯᠲᠠ ᠪᠠ ᠵᠠᠬ᠎ᠠ ᠳᠡᠯᠭᠡᠭᠦᠷ ᠤ᠋ᠨ ᠠᠵᠢᠯ ᠣᠯᠭᠤᠯᠲᠠ ᠵᠢᠨ 《ᠬᠤᠤᠰ ᠴᠢᠭ᠌ᠯᠡᠯ》 ᠢ᠋ᠶ᠋ᠡᠷ ᠬᠦᠴᠦᠯᠡᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠲᠦ᠍ ᠠᠵᠢᠯ ᠣᠯᠭᠣᠬᠤ ᠠᠷᠭ᠎ᠠ ᠵᠠᠮ ᠢ᠋ ᠦᠷᠬᠡᠳᠬᠡᠬᠦ ᠴᠢᠬᠤᠯᠠᠳᠠᠢ᠃ 《ᠭᠤᠷᠪᠠ ᠵᠢ ᠳᠡᠮᠵᠢᠵᠦ᠍ ᠨᠢᠭᠡ ᠵᠢ ᠲᠡᠳᠬᠦᠬᠦ᠌》 ᠂ ᠨᠡᠢᠭᠡᠮ ᠲᠣᠭᠣᠷᠢᠭ ᠤ᠋ᠨ ᠠᠷᠠᠳ ᠤ᠋ᠨ ᠠᠮᠢᠳᠤᠷᠠᠯ ᠵᠡᠷᠭᠡ ᠦᠨᠳᠦᠰᠦᠨ ᠱᠠᠲᠤᠨ ᠳ᠋ᠦ ᠦᠶ᠋ᠯᠡᠴᠢᠯᠡᠬᠦ᠌ ᠲᠥᠷᠥᠯ ᠵᠦᠶ᠋ᠯ ᠤ᠋ᠨ ᠲᠥᠯᠥᠪᠯᠡᠭᠡ ᠵᠢ ᠭᠦᠨᠵᠡᠭᠡᠶ ᠬᠡᠷᠡᠭ᠌ᠵᠢᠭᠦᠯᠵᠦ᠍᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠤᠶᠤᠳᠠᠨ ᠵᠡᠷᠭᠡ ᠵᠠᠯᠠᠭᠤᠴᠤᠳ ᠤ᠋ᠨ ᠠᠵᠢᠯ ᠤᠯᠭᠤᠯᠲᠠ ᠵᠢᠨ ᠤᠷ᠎ᠠ ᠴᠢᠳᠠᠪᠤᠷᠢ ᠵᠢᠨ ᠪᠣᠯᠪᠠᠰᠤᠷᠠᠯ ᠳ᠋ᠤ ᠣᠷᠤᠯᠴᠠᠬᠤ ᠶ᠋ᠢ ᠳᠡᠮᠵᠢᠵᠤ᠂ ᠠᠵᠢᠯ ᠤᠯᠬᠤ ᠴᠢᠳᠠᠪᠤᠷᠢ ᠵᠢ ᠨᠢ ᠲᠠᠬᠡᠭᠰᠢᠯᠡᠬᠦᠯᠦᠨᠠ᠃ ᠰᠤᠷᠭᠠᠭᠤᠯᠢ ᠡᠴᠡ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ ᠤ᠋ᠨ ᠠᠵᠢᠯ ᠣᠯᠭᠤᠯᠲᠠ ᠵᠢᠨ ᠦᠢᠯᠡᠴᠢᠯᠡᠭᠡ ᠶ᠋ᠢ ᠤᠨᠴᠠᠭᠠᠢᠯᠠᠨ ᠰᠠᠢᠲᠤᠷ ᠠᠳᠭᠤᠵᠤ᠂ ᠦᠨᠡᠨ ᠨᠡᠷ᠎ᠡ ᠶ᠋ᠢᠨ ᠳᠦᠷᠢᠮ ᠤ᠋ᠨ ᠮᠡᠳᠡᠭᠡ ᠵᠠᠩᠭᠢ ᠶ᠋ᠢᠨ ᠱᠢᠰᠲ᠋ᠧᠮ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠨᠴᠠᠭᠠᠢ ᠬᠦᠴᠢᠷᠳᠡᠯ ᠲᠠᠢ ᠳ᠋ᠤᠨᠢ ᠤᠨᠴᠠᠭᠠᠢ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠠᠪᠴᠤ᠌᠂ ᠡᠷᠲᠡᠬᠡᠨ ᠠᠵᠢᠯ ᠣᠯᠭᠣᠬᠤ ᠵᠢ ᠠᠬᠢᠭᠤᠯᠤᠨ᠎ᠠ᠃ ᠶᠡᠬᠡ ᠳᠤᠮᠳᠠ ᠬᠣᠲᠠ ᠬᠠᠮᠲᠤᠷᠠᠨ ᠠᠵᠢᠯᠴᠢᠨ ᠡᠯᠰᠡᠬᠦ᠌᠂ ᠨᠠᠮᠤᠷ ᠤ᠋ᠨ ᠠᠵᠢᠯᠴᠢᠨ ᠡᠯᠰᠡᠬᠦ᠌ ᠰᠠᠷ᠎ᠠ ᠵᠡᠷᠭᠡ ᠠᠵᠢᠯ ᠣᠯᠭᠣᠯᠲᠠ ᠶ᠋ᠢᠨ ᠦᠶ᠋ᠯᠡᠴᠢᠯᠡᠭᠡᠨ ᠤ᠋ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠍᠂ ᠭᠠᠵᠠᠷ ᠣᠷᠣᠨ ᠤ᠋ ᠪᠠᠢᠳᠠᠯ ᠳ᠋ᠤᠨᠢ ᠲᠣᠬᠢᠷᠠᠭᠤᠯᠤᠨ ᠱᠢᠭᠤᠳ ᠨᠡᠪᠲᠡᠷᠡᠭᠦᠯᠭᠡ ᠪᠡᠷ ᠠᠵᠢᠯ ᠤ᠋ᠨ ᠪᠠᠢᠷᠢᠳᠠᠨᠢᠯᠴᠠᠭᠤᠯᠬᠤ᠂ ᠰᠦᠯᠵᠢᠶᠡᠨ ᠳᠡᠭᠡᠷ᠎ᠡ ᠠᠵᠢᠯᠴᠢᠨ ᠡᠯᠰᠡᠬᠦ᠌ ᠵᠡᠷᠭᠡ ᠦᠶ᠋ᠯᠡᠴᠢᠯᠡᠭᠡᠨ ᠤ᠋ ᠠᠵᠢᠯᠯᠠᠭ᠎ᠠ ᠥᠷᠨᠢᠭᠦᠯᠵᠦ᠍᠂ ᠣᠯᠠᠨ ᠨᠡᠢᠲᠡ ᠶ᠋ᠢᠨ ᠠᠵᠢᠯ ᠣᠯᠭᠣᠯᠲᠠ ᠶ᠋ᠢᠨ ᠦᠶ᠋ᠯᠡᠴᠢᠯᠡᠭᠡ ᠵᠢ ᠬᠠᠨᠳᠤᠯᠭᠠᠳᠤ ᠴᠢᠨᠠᠷᠳᠠᠢ ᠪᠡᠷ ᠤᠨᠤᠴᠠᠳᠠᠢ ᠬᠠᠩᠭᠠᠬᠤ ᠴᠢᠬᠤᠯᠠᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃