2023-03-10 11:43:33
ᠯᠢ ᠰᠢ ᠄
ᠪᠦᠬᠦ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠢᠩᠬᠢᠮ ᠤ᠋ᠨ ᠳᠡᠳ᠋ ᠳᠠᠷᠤᠭ᠎ᠠ

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ 《ᠤᠯᠤᠰ ᠤ᠋ᠨ ᠳᠣᠲᠣᠭᠠᠳᠤ ᠶ᠋ᠢᠨ ᠬᠡᠷᠡᠭ᠌ᠴᠡᠭᠡ ᠵᠢ ᠬᠦᠴᠦᠯᠡᠨ ᠥᠷᠭᠡᠳᠭᠡᠨ᠎ᠡ》 ᠂ 《ᠨᠠᠩ ᠣᠯᠠᠨ ᠠᠷᠠᠳ ᠤ᠋ᠨ ᠬᠥᠷᠥᠩᠭᠡ ᠶ᠋ᠢᠨ ᠤᠯᠤᠰ ᠤ᠋ᠨ ᠴᠢᠬᠤᠯᠠ ᠶᠡᠬᠡ ᠢᠨᠵᠧᠨᠧᠷᠢᠩ ᠪᠠ ᠳᠤᠲᠠᠭᠤᠳᠠᠯ ᠢ᠋ ᠨᠥᠬᠥᠪᠥᠷᠢᠯᠡᠬᠦ᠌ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠦ ᠣᠷᠣᠯᠴᠠᠬᠤ ᠵᠢ ᠵᠣᠷᠢᠭ᠍ᠵᠢᠭᠤᠯᠤᠨᠠ》 ᠭᠡᠵᠦ᠍ ᠳᠤᠷᠠᠳᠴᠠᠶ᠃ ᠡᠨᠡ ᠨᠢ ᠮᠠᠨ ᠤ᠋ ᠣᠷᠣᠨ ᠤ᠋ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠵᠠᠮ ᠬᠠᠷᠢᠯᠴᠠᠭᠠᠨ ᠤ᠋ ᠰᠠᠭᠤᠷᠢ ᠲᠥᠬᠥᠭᠡᠷᠦᠮᠵᠢ ᠶ᠋ᠢᠨ ᠪᠥᠲᠥᠭᠡᠨ ᠪᠠᠢᠭᠤᠯᠤᠯᠲᠠ ᠶ᠋ᠢᠨ ᠪᠠᠯᠠ ᠮᠥᠩᠭᠥ᠌ ᠳᠤᠲᠠᠭ᠍ᠳᠠᠵᠤ ᠪᠠᠢᠬᠤ᠂ ᠪᠡᠯᠡ ᠬᠤᠷᠠᠮᠳᠤᠭᠤᠯᠬᠤ ᠠᠷᠭ᠎ᠠ ᠵᠠᠮ ᠲᠠᠩ ᠴᠤᠯᠭᠤᠶ ᠪᠠᠢᠬᠤ᠂ ᠡᠳ᠋ ᠤ᠋ᠨ ᠵᠠᠰᠠᠭ ᠤ᠋ᠨ ᠴᠢᠨᠠᠷᠲᠠᠶ ᠪᠠᠯᠠ ᠮᠥᠩᠭᠥ᠌ ᠬᠢᠵᠠᠭᠠᠷ ᠲᠠᠢ ᠪᠠᠢᠬᠤ ᠵᠡᠷᠭᠡ ᠠᠰᠠᠭᠤᠳᠠᠯ ᠢ᠋ ᠱᠢᠶ᠋ᠳᠪᠦᠷᠢᠯᠡᠬᠦ᠌ ᠳ᠋ᠦ ᠵᠢᠯᠣᠭᠣᠳᠭᠤ ᠠᠴᠢ ᠬᠣᠯᠪᠣᠭ᠍ᠳᠠᠯ ᠲᠠᠢ ᠶᠤᠮ᠃
ᠵᠠᠮ ᠬᠠᠷᠢᠯᠴᠠᠭ᠎ᠠ ᠲᠡᠭᠡᠭᠡᠪᠦᠷᠢ ᠪᠣᠯ ᠳᠣᠲᠣᠭᠠᠳᠤ ᠬᠡᠷᠡᠭ᠌ᠴᠡᠭᠡ ᠵᠢ ᠥᠷᠭᠡᠳᠭᠡᠬᠦ᠌᠂ ᠨᠡᠮᠡᠭ᠌ᠳᠡᠯ ᠢ᠋ ᠲᠣᠭ᠍ᠲᠠᠪᠤᠷᠢᠵᠢᠭᠤᠯᠬᠤ ᠴᠢᠬᠤᠯᠠ ᠬᠦᠷᠢᠶ᠎ᠡ ᠴᠠᠷᠠᠭ᠎ᠠ ᠪᠣᠯᠤᠨ᠎ᠠ᠃ ᠣᠨᠴᠠ ᠵᠥᠪᠱᠢᠶᠡᠷᠡᠭ᠌ᠰᠡᠨ ᠡᠵᠡᠩᠨᠡᠯᠲᠡ ᠶ᠋ᠢᠨ ᠠᠷᠭ᠎ᠠ ᠬᠡᠯᠪᠡᠷᠢ ᠪᠡᠷ ᠠᠷᠠᠳ ᠤ᠋ᠨ ᠬᠥᠷᠥᠩᠭᠡ ᠶ᠋ᠢᠨ ᠮᠠᠨ ᠤ᠋ ᠣᠷᠣᠨ ᠤ᠋ ᠵᠠᠮ ᠬᠠᠷᠢᠯᠴᠠᠭᠠᠨ ᠤ᠋ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠳ᠋ᠦ ᠣᠷᠣᠯᠴᠠᠬᠤ ᠵᠢ ᠵᠣᠷᠢᠭ᠍ᠵᠢᠭᠤᠯᠤᠨᠠ; ᠵᠠᠰᠠᠭ ᠤ᠋ᠨ ᠣᠷᠳᠣᠨ ᠡᠴᠡ ᠲᠦᠷᠦᠯ ᠵᠦᠢᠯ ᠲᠣᠭ᠍ᠲᠠᠭᠠᠬᠤ᠂ ᠬᠢᠨᠠᠨ ᠵᠥᠪᠱᠢᠶᠡᠷᠡᠬᠦ᠌᠂ ᠭᠠᠵᠠᠷ ᠬᠡᠷᠡᠭ᠌ᠯᠡᠬᠦ᠌ ᠵᠡᠷᠭᠡ ᠴᠢᠬᠤᠯᠠ ᠡᠯᠧᠮᠧᠨ᠋ᠲ ᠤ᠋ᠨ ᠪᠠᠲᠤᠯᠠᠭ᠎ᠠ ᠶ᠋ᠢᠨ ᠲᠠᠯ᠎ᠠ ᠪᠡᠷ ᠳᠡᠮᠵᠢᠯᠭᠡ ᠦᠵᠡᠭᠦᠯᠦᠨ᠎ᠡ ; ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢᠨ ᠬᠡᠪᠴᠢᠶ᠎ᠡ᠂ ᠪᠠᠷᠢᠮᠵᠢᠶ᠎ᠠ᠂ ᠪᠡᠯᠡ ᠣᠷᠣᠭᠤᠯᠤᠯᠳᠠ ᠪᠠ ᠰᠦᠢᠳᠭᠡᠯ ᠬᠤᠷᠢᠶᠠᠬᠤ ᠣᠨ ᠤ᠋ ᠬᠢᠵᠠᠭᠠᠷ ᠢ᠋ ᠵᠦᠢ ᠵᠣᠬᠢᠰᠲᠠᠶ ᠲᠣᠭ᠍ᠲᠠᠭᠠᠵᠤ᠂ ᠲᠥᠷᠥᠯ ᠵᠦᠢᠯ ᠤ᠋ᠨ ᠬᠦᠴᠦᠨ ᠴᠢᠳᠠᠪᠤᠷᠢ ᠵᠢ ᠳᠡᠭᠡᠭ᠌ᠰᠢᠯᠡᠭᠦᠯᠬᠦ᠌ ᠵᠢ ᠰᠠᠨᠠᠭᠤᠯᠵᠤ ᠪᠠᠢᠨ᠎ᠠ᠃ ᠬᠠᠮᠲᠤ ᠶ᠋ᠢᠨ ᠴᠢᠷᠮᠠᠢᠯᠭ᠎ᠠ ᠪᠡᠷ ᠳᠡᠮᠵᠢᠨ ᠠᠷᠠᠳ ᠤ᠋ᠨ ᠬᠥᠷᠥᠩᠭᠡᠶᠢᠨ ᠪᠠᠯᠠ ᠣᠷᠣᠭᠤᠯᠤᠯᠲᠠ ᠳ᠋ᠦ ᠰᠠᠢᠨ ᠰᠠᠢᠬᠠᠨ ᠣᠷᠴᠢᠨ ᠨᠥᠬᠥᠴᠡᠯ ᠢ᠋ ᠪᠣᠶ ᠪᠣᠯᠭᠠᠵᠤ᠂ ᠲᠥᠷᠥᠯ ᠵᠦᠶ᠋ᠯ ᠢ᠋ ᠲᠦᠷᠭᠡᠬᠡᠨ ᠨᠠᠢᠳᠠᠪᠤᠷᠢᠵᠢᠭᠤᠯᠤᠨ ᠪᠥᠲᠥᠭᠡᠨ ᠪᠠᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠵᠢ ᠬᠦᠰᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃