2023-03-11 15:11:44
《 ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠳᠤᠭᠳᠠᠭᠤᠨ ᠪᠠᠢᠯᠭᠠᠵᠤ᠂ ᠲᠣᠰᠣᠯᠢᠭ ᠲᠠᠷᠢᠮᠠᠯ᠎ᠤᠨ ᠦᠢᠯᠡᠳᠪᠦᠷᠢᠯᠡᠯ᠎ᠢ ᠰᠠᠢᠲᠤᠷ ᠠᠳᠭᠤᠵᠤ᠂ ᠱᠢᠨ᠎ᠡ ᠨᠢᠭᠡ ᠡᠭᠡᠯᠵᠢ᠎ᠶ᠋ᠢᠨ ᠮᠢᠩᠭᠠᠨ ᠳ᠋ᠦᠩᠱᠢᠭᠤᠷ ᠵᠢᠩ ᠤᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ ᠭᠡᠵᠦ᠍ ᠳᠤᠷᠠᠳᠤᠨ ᠭᠠᠷᠭᠠᠵᠠᠢ᠃ ᠬᠥᠯᠥᠨ ᠪᠤᠢ᠌ᠷ ᠬᠤᠳᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠢ ᠰᠠᠬᠢᠨ ᠬᠠᠮᠠᠭᠠᠯᠠᠬᠤ ᠪᠣᠯ ᠪᠢᠳᠡᠨ᠎ᠦ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠦᠨ 》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶ᠎ᠠ ᠶᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠵᠢᠢ ᠶᠦᠩ ᠴᠢᠶᠠᠨ ᠬᠡᠯᠡᠪᠡ᠃

ᠵᠢᠢ ᠶᠦᠩ ᠴᠢᠶᠠᠨ ᠤ᠋ ᠲᠠᠨᠢᠯᠴᠠᠭᠤᠯᠤᠭᠰᠠᠨ ᠵᠢᠡᠷ ᠂ ᠬᠥᠯᠥᠨ ᠪᠣᠢᠷ ᠬᠣᠲᠠ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠮᠠᠰᠢ ᠴᠢᠬᠤᠯᠠᠴᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠬᠠᠮᠳᠤ ᠨᠡᠢᠳᠡ ᠵᠢᠨ ᠪᠤᠯᠭᠠᠬᠤ᠂ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠤᠨ ᠬᠠᠮᠲᠤ᠎ᠶ᠋ᠢᠨ ᠣᠷᠣᠯᠭ᠎ᠠ᠎ᠶ᠋ᠢ ᠰᠡᠭᠦᠯᠴᠢ᠎ᠶ᠋ᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ᠎ᠳᠤ ᠬᠡᠷᠡᠭ᠌ᠯᠡᠬᠦ᠌ ᠵᠡᠷᠭᠡ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠠᠢᠩᠭᠤ ᠵᠢᠨ ᠥᠨᠳᠥᠷ ᠪᠠᠷᠢᠮᠵᠢᠶ᠎ᠠ᠎ᠶ᠋ᠢ ᠪᠠᠲᠤᠯᠠᠪᠠ᠃ 《ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢ ᠵᠢᠨ ᠴᠢᠳᠠᠪᠤᠷᠢ ᠵᠢ ᠪᠠᠲᠤᠯᠠᠵᠤ ᠮᠡᠷᠭᠡᠵᠢᠯ᠎ᠢᠶᠡᠷ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌ 》 ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍ ᠂ ᠲᠣᠰᠣ ᠶᠡᠬᠡᠲᠡᠶ ᠤᠭᠤᠷᠠᠭ ᠶᠡᠬᠡᠲᠡᠶ ᠱᠢᠷ᠎ᠠ ᠪᠤᠷᠴᠠᠭ ᠂ ᠲᠤᠰᠭᠠᠶ ᠬᠡᠷᠡᠭᠯᠡᠭᠡᠨ᠎ᠤ ᠡᠷᠳᠡᠨᠢ ᠱᠢᠰᠢ ᠵᠡᠷᠭᠡ ᠥᠨᠳᠥᠷ ᠤᠨᠠᠯᠲᠠ᠎ᠲᠠᠶ ᠡᠭᠦᠯᠳᠡᠷ᠎ᠢ ᠶᠡᠬᠡ ᠪᠡᠷ ᠳᠡᠯᠭᠡᠷᠡᠭᠦᠯᠵᠦ᠍ ᠂ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ᠎ᠶ᠋ᠢ ᠨᠡᠮᠡᠭ᠌ᠳᠡᠭᠦᠯᠬᠦ᠌ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠥᠨᠳᠥᠷ ᠤᠨᠠᠯᠲᠠ᠎ᠲᠠᠶ ᠲᠠᠷᠢᠬᠤ ᠮᠡᠷᠭᠡᠵᠢᠯ᠎ᠢ ᠳᠡᠯᠭᠡᠷᠡᠭᠦᠯᠵᠦ ᠪᠤᠢ᠃ ᠲᠠᠷᠢᠶᠠᠴᠢᠳ᠎ᠤᠨ ᠠᠮᠤ ᠪᠤᠳᠠᠭ᠎ᠠ ᠲᠠᠷᠢᠬ᠍ᠰᠠᠨ ᠠᠱᠢᠭ ᠣᠯᠵᠠᠪᠤᠷᠢ᠎ᠶ᠋ᠢ ᠪᠠᠲᠤᠯᠠᠬᠤ ᠲᠣᠭ᠍ᠲᠠᠴᠠ᠎ᠶ᠋ᠢ ᠠᠮᠢᠳᠤᠯᠢᠭ᠎ᠢᠶᠠᠷ ᠰᠠᠢᠲᠤᠷ ᠬᠡᠷᠡᠭ᠌ᠯᠡᠵᠦ᠍᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠭᠦᠢᠴᠡᠳ ᠲᠠᠢ᠌ᠴᠢᠯᠠᠵᠤ᠂ ᠲᠠᠷᠢᠬᠤ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠤᠨᠠᠯᠲᠠ᠎ᠶ᠋ᠢ ᠨᠡᠮᠡᠭ᠌ᠳᠡᠭᠦᠯᠵᠦ᠍᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ 2022 ᠣᠨ᠎ᠳᠤ ᠂ ᠬᠥᠯᠥᠨ ᠪᠣᠢᠷ ᠬᠣᠲᠠ᠎ᠶ᠋ᠢᠨ ᠠᠮᠤ ᠪᠤᠳᠠᠭ᠎ᠠ ᠳᠠᠷᠢᠬᠤ ᠲᠠᠯᠠᠪᠠᠶ 2459 ᠲᠦᠮᠡᠨ ᠮᠤ᠌᠎ᠳᠦ ᠬᠦᠷᠴᠦ᠍ ᠂ ᠠᠮᠤ ᠪᠤᠳᠠᠭᠠᠨ᠎ᠤ ᠤᠨᠠᠯᠲᠠ 130 . 3 ᠳ᠋ᠦᠩᠱᠢᠭᠤᠷ ᠵᠢᠩ᠎ᠳᠦ ᠬᠦᠷᠴᠦ᠍ ᠂ ᠮᠠᠨ᠎ᠤ ᠣᠷᠣᠨ᠎ᠳᠤ 4 ᠳ᠋ᠤᠭᠡᠷ᠎ᠲᠦ ᠵᠢᠭ᠍ᠰᠠᠭᠠᠭ᠍ᠳᠠᠵᠤ ᠂ ᠪᠥᠬᠥ᠌ ᠣᠷᠣᠨ᠎ᠤ 16.7 % ᠶ᠋ᠢ ᠡᠵᠡᠯᠡᠵᠦ᠍ ᠂ ᠪᠥᠬᠥ᠌ ᠤᠯᠤᠰ᠎ᠤᠨ 0. 95 % ᠶ᠋ᠢ ᠡᠵᠡᠯᠡᠪᠡ᠃
ᠣᠢᠷ᠎ᠠ᠎ᠶ᠋ᠢᠨ ᠵᠢᠯ᠎ᠡᠴᠡ ᠨᠠᠭᠠᠰᠢ ᠂ ᠬᠥᠯᠥᠨ ᠪᠣᠢᠷ ᠬᠣᠲᠠ《 ᠱᠢᠷ᠎ᠠ ᠪᠤᠷᠴᠠᠭ᠎ᠤᠨ ᠨᠤᠲᠤᠭ》 ᠂ 《 ᠠᠮᠤ ᠪᠤᠳᠠᠭᠠᠨ᠎ᠤ ᠭᠠᠷᠤᠯᠲᠠ᠎ᠶ᠋ᠢᠨ ᠲᠣᠮᠣ ᠬᠣᠲᠠ》 ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍ ᠂ ᠲᠠᠷᠢᠶᠠᠨ ᠭᠠᠵᠠᠷ᠎ᠤᠨ ᠬᠠᠮᠠᠭᠠᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠵᠡᠭᠦᠨ ᠬᠣᠢᠲᠤ᠎ᠶ᠋ᠢᠨ ᠬᠠᠷ᠎ᠠ ᠬᠥᠷᠥᠰᠥ᠎ᠶ᠋ᠢ ᠬᠠᠮᠠᠭᠠᠯᠠᠬᠤ ᠴᠢᠨᠠᠷᠲᠠᠶ ᠠᠱᠢᠭ᠍ᠯᠠᠬᠤ ᠢᠨᠵᠧᠨᠧᠷᠢᠩ᠎ᠢ ᠶᠡᠬᠡᠪᠡᠷ ᠠᠬᠢᠭᠤᠯᠵᠤ ᠂ ᠠᠮᠤ ᠪᠤᠳᠠᠭᠠᠨ᠎ᠤ ᠠᠮᠤᠷ ᠲᠦᠪᠱᠢᠨ᠎ᠦ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍ ᠂ ᠲᠠᠷᠢᠶᠠᠨ ᠭᠠᠵᠠᠷ᠎ᠢ 《 ᠲᠠᠷᠢᠶᠠᠯᠠᠩ᠎ᠤᠨ ᠪᠤᠰᠤ ᠪᠣᠯᠭᠠᠬᠤ 》 ᠂ 《 ᠠᠮᠤ ᠪᠤᠳᠠᠭᠠᠨ᠎ᠤ ᠪᠤᠰᠤ ᠪᠣᠯᠭᠠᠬᠤ 》 ᠶ᠋ᠢ ᠡᠷᠡᠰ ᠰᠡᠷᠭᠡᠢᠯᠡᠵᠦ᠍ ᠂ ᠠᠮᠤ ᠪᠤᠳᠠᠭᠠᠨ᠎ᠤ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠪᠠᠲᠤᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
《ᠲᠠᠷᠠᠭᠠᠴᠢ᠎ᠶ᠋ᠢᠨ ᠠᠯᠬᠤᠮ᠎ᠳᠤ ᠂ ᠬᠥᠯᠥᠨ ᠪᠣᠢᠷ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ 〈 ᠬᠦᠳᠡᠬᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ〉 ᠤ᠋ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠳᠡ ᠪᠡᠷ ᠤᠳᠤᠷᠢᠳᠤᠮᠵᠢ ᠪᠣᠯᠭᠠᠵᠤ ᠂ 〈ᠲᠣᠭ᠎ᠠ ᠬᠡᠮᠵᠢᠶ᠎ᠡ ᠶ᠋ᠢ ᠥᠷᠭᠡᠳᠭᠡᠬᠦ᠌᠂ ᠭᠠᠷᠤᠯᠲᠠ᠎ᠶ᠋ᠢ ᠨᠡᠮᠡᠭ᠌ᠳᠡᠭᠦᠯᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ 〉᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠲᠣᠭ᠎ᠠ ᠬᠡᠮᠵᠢᠶ᠎ᠡ᠎ᠶ᠋ᠢ ᠨᠡᠮᠡᠭ᠌ᠳᠡᠭᠦᠯᠦᠨ ᠶᠠᠰᠤ ᠴᠢᠨᠠᠷ᠎ᠢ ᠲᠡᠭᠡᠭᠰᠢᠯᠡᠬᠦᠯᠬᠦ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍ ᠂ ᠤᠯᠤᠰ᠎ᠤᠨ ᠴᠢᠬᠤᠯᠠ ᠪᠦᠬᠦᠢ ᠮᠠᠯ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢᠨ ᠬᠢᠷᠢ ᠲᠦᠪᠱᠢᠨ ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠤᠨᠴᠠᠯᠢᠬ᠍ᠳᠤ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠬᠦᠴᠦᠷᠬᠡᠭ ᠬᠣᠲᠠ᠎ᠶ᠋ᠢ ᠲᠦᠷᠭᠡᠳᠭᠡᠨ ᠪᠠᠢᠭᠤᠯᠤᠨ᠎ᠠ》 ᠭᠡᠵᠦ᠍ ᠵᠢᠢ ᠶᠦᠩ ᠴᠢᠶᠠᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃