2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-11 15:23:14

ᠵᠣᠬᠢᠶᠠᠭ᠍ᠴᠢ᠄ ᠪᠠᠶ ᠳ᠋ᠠᠨ ᠣᠩᠱᠢᠭ᠍ᠰᠠᠨ ᠣᠳᠠᠭ᠎ᠠ᠄ 3

《 ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍ ᠂ 〈 ᠬᠣᠶᠠᠷ ᠰᠠᠭᠤᠷᠢᠨ 〉 ᠎ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠥᠯᠥᠭᠡ᠂ ᠣᠢᠷ᠎ᠠ᠎ᠶ᠋ᠢᠨ ᠵᠢᠯ᠎ᠦᠳ᠎ᠲᠦ ᠂ ᠮᠠᠨ᠎ᠤ ᠣᠷᠣᠨ ᠨᠡᠭᠦᠷᠡᠰᠦ᠎ᠪᠡᠷ ᠲᠣᠰᠣ ᠬᠡᠶ ᠦᠶ᠋ᠯᠡᠳᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠴᠢᠬᠤᠯᠠ ᠦᠷ᠎ᠡ ᠪᠦᠲᠦᠮᠵᠢ ᠣᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠪᠠᠲᠤᠯᠠᠬᠤ᠎ᠳᠤ ᠬᠤᠪᠢ ᠨᠡᠮᠡᠷᠢ ᠪᠠᠨ ᠦᠵᠡᠭᠦᠯᠵᠡᠶ᠃ ᠭᠡᠪᠡᠴᠦ᠍ ᠣᠳᠣᠬᠠᠨ᠎ᠳᠤ ᠨᠡᠭᠦᠷᠡᠰᠦ᠎ᠪᠡᠷ ᠲᠤᠰᠤ ᠭᠡᠢ᠎ᠦᠢᠯᠡᠳᠬᠦ ᠠᠵᠤ ᠦᠢᠯᠡᠰ᠎ᠦᠨ ᠬᠥᠭ᠌ᠵᠢᠯᠲᠡ᠎ᠳᠦ ᠪᠠᠴᠢᠮ ᠱᠢᠢᠳᠪᠦᠷᠢᠯᠡᠬᠦ᠌ ᠴᠢᠬᠤᠯᠠᠲᠠᠢ ᠬᠦᠴᠢᠷᠳᠡᠯ ᠲᠤᠯᠭᠠᠷᠠᠵᠤ ᠂ ᠤᠯᠤᠰ᠎ᠡᠴᠨ ᠳᠡᠮᠵᠢᠯᠭᠡ ᠦᠵᠡᠭᠦᠯᠬᠦ᠌᠎ᠶ᠋ᠢ ᠱᠠᠭᠠᠷᠳᠠᠵᠤ ᠪᠠᠢᠨ᠎ᠠ᠃》 ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠶ᠋ᠢᠨ ᠵᠠᠬᠢᠷᠤᠯ ᠵᠢᠨ ᠵᠤᠸᠠᠩ ᠮᠠᠨ᠎ᠤ ᠣᠷᠣᠨ᠎ᠤ ᠨᠡᠭᠦᠷᠡᠰᠦ᠎ᠪᠡᠷ ᠲᠣᠰᠣ ᠦᠶ᠋ᠯᠡᠳᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠳᠠᠢ ᠪᠠᠢᠳᠠᠯ ᠡᠴᠨ ᠡᠭᠦᠰᠴᠦ᠍ ᠂ ᠬᠠᠮᠢᠶ᠎ᠠ ᠪᠥᠬᠥᠶ ᠰᠠᠨᠠᠯ ᠳᠤᠷᠠᠳᠤᠯᠭ᠎ᠠ ᠳᠡᠪᠱᠢᠭᠦᠯᠦᠭᠰᠡᠨ ᠪᠠᠢᠨ᠎ᠠ᠃

ᠵᠢᠨ ᠵᠤᠸᠠᠩ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠨᠡᠭᠦᠷᠡᠰᠦ᠎ᠪᠡᠷ ᠲᠣᠰᠣ ᠬᠡᠶ ᠦᠶ᠋ᠯᠡᠳᠬᠦ᠌ ᠲᠥᠷᠥᠯ ᠵᠦᠶ᠋ᠯ᠎ᠨᠢ ᠤᠯᠤᠰ᠎ᠤᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠴᠢᠬᠤᠯᠠ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠡᠭᠦᠷᠭᠡ᠎ᠶ᠋ᠢ ᠡᠭᠦᠷᠭᠡᠯᠡᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ᠎ᠶ᠋ᠢᠨ ᠪᠠᠲᠤᠯᠠᠭ᠎ᠠ᠎ᠳᠤ ᠴᠢᠬᠤᠯᠠ ᠲᠤᠯᠭᠠᠭᠤᠷᠢᠯᠠᠬᠤ ᠦᠶ᠋ᠯᠡᠳᠦᠯ᠎ᠲᠡᠶ ᠶᠤᠮ᠃ ᠥᠪᠥᠷ ᠮᠣᠩᠭᠣᠯ ᠪᠣᠯ ᠪᠥᠬᠥ᠌ ᠤᠯᠤᠰ᠎ᠤᠨ ᠴᠣᠷ᠎ᠤᠨ ᠭᠠᠭ᠍ᠴᠠ ᠨᠢᠭᠡᠨᠲᠡ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠤᠭ᠍ᠰᠠᠨ ᠨᠡᠭᠦᠷᠡᠰᠦ᠎ᠪᠡᠷ ᠲᠣᠰᠣ ᠦᠶ᠋ᠯᠡᠳᠬᠦ᠌ ᠂ ᠨᠡᠭᠦᠷᠡᠰᠦ᠎ᠪᠡᠷ ᠬᠡᠶ ᠦᠶ᠋ᠯᠡᠳᠬᠦ᠌ ᠲᠥᠷᠥᠯ ᠵᠦᠶ᠋ᠯ᠎ᠲᠡᠶ ᠮᠤᠵᠢ ᠣᠷᠣᠨ ᠪᠠᠢᠵᠤ ᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ ᠤ᠋ᠨ ᠡᠷᠬᠡ᠎ᠲᠡᠶ ᠨᠡᠭᠦᠷᠡᠰᠦ ᠬᠡᠢᠵᠢᠭᠦᠯᠬᠦ᠌ ᠂ ᠨᠡᠭᠦᠷᠡᠰᠦ᠎ᠶ᠋ᠢ ᠱᠢᠭᠤᠳ ᠱᠢᠩᠭᠡᠨᠵᠢᠭᠦᠯᠬᠦ᠌ ᠂ ᠨᠡᠭᠦᠷᠡᠰᠦ᠎ᠶ᠋ᠢ ᠳᠠᠮ᠎ᠢᠶᠠᠷ ᠱᠢᠩᠭᠡᠨᠵᠢᠭᠦᠯᠬᠦ᠌ ᠵᠡᠷᠭᠡ ᠢᠵᠢ ᠪᠦᠷᠢᠨ ᠤᠷ᠎ᠠ ᠲᠠᠷᠬ᠎ᠠ ᠵᠢᠨ ᠮᠡᠷᠭᠡᠵᠢᠯ᠎ᠢ ᠪᠦᠷᠢᠯᠳᠦᠭᠦᠯᠵᠡᠶ ᠭᠡᠪᠡ᠃


QQ截图20230311152043.png


《 ᠪᠦᠬᠦ᠌ ᠪᠥᠮᠪᠥᠷᠴᠡᠭ᠎ᠦᠨ ᠡᠨᠧᠷᠭᠢ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢᠨ ᠪᠠᠢᠳᠠᠯ ᠳ᠋ᠤ ᠭᠦᠨᠵᠡᠭᠡᠢ ᠬᠤᠪᠢᠰᠤᠯᠲᠠ ᠭᠠᠷᠤᠭ᠍ᠰᠠᠨ᠎ᠡᠴᠨ ᠤᠯᠠᠨ ᠤᠯᠤᠰ᠎ᠤᠨ ᠡᠨᠧᠷᠭᠢ᠎ᠶ᠋ᠢᠨ ᠵᠠᠬ᠎ᠠ ᠳᠡᠯᠭᠡᠭᠦᠷ ᠶᠡᠬᠡ᠎ᠪᠡᠷ ᠬᠡᠯᠪᠡᠯᠵᠡᠵᠦ᠍᠂ ᠲᠤᠰᠤᠨ᠎ᠤ ᠦᠨ᠎ᠡ ᠲᠣᠭ᠍ᠲᠠᠭᠤᠨ ᠪᠠᠢᠬᠤ ᠎ᠳᠤ ᠬᠦᠴᠢᠷ ᠪᠤᠯᠵᠤ᠂ ᠨᠡᠭᠦᠷᠡᠰᠦ᠎ᠪᠡᠷ ᠲᠤᠰᠤ ᠬᠡᠢ ᠦᠢᠯᠡᠳᠬᠦ᠌ ᠲᠦᠷᠦᠯ ᠵᠦᠢᠯ ᠲᠣᠭ᠍ᠲᠠᠭᠤᠨ ᠦᠷ᠎ᠡ ᠠᠱᠢᠭ᠎ᠤᠨ ᠵᠢᠱ᠌ᠢᠯᠲᠡ᠎ᠶ᠋ᠢ ᠪᠦᠷᠢᠯᠳᠦᠭᠦᠯᠬᠦ᠌᠎ᠳᠦ ᠪᠡᠷᠭᠡ ᠪᠣᠯᠵᠠᠢ᠃ ᠡᠭᠦᠨ᠎ᠦ ᠳᠡᠭᠡᠷ᠎ᠡ ᠨᠡᠭᠦᠷᠡᠰᠦ᠎ᠪᠡᠷ ᠲᠣᠰᠣ ᠬᠡᠢ ᠦᠢᠯᠡᠳᠬᠦ᠌ ᠲᠥᠷᠥᠯ ᠵᠦᠢᠯ᠎ᠦᠨ ᠣᠷᠣᠭᠤᠯᠤᠯᠲᠠ᠎ᠶ᠋ᠢᠨ ᠪᠡᠯᠡ ᠮᠥᠩᠭᠥ᠌ ᠶᠡᠬᠡ ᠵᠢᠴᠢ ᠬᠠᠮᠢᠶ᠎ᠠ ᠪᠦᠬᠦᠢ ᠬᠦᠴᠦᠨ ᠵᠦᠢᠯ᠎ᠤᠨ ᠬᠢᠵᠠᠭᠠᠷᠯᠠᠯ ᠨᠢ ᠨᠡᠭᠦᠷᠡᠰᠦ᠎ᠪᠡᠷ ᠲᠣᠰᠣ ᠬᠡᠢ ᠦᠢᠯᠡᠳᠬᠦ᠌ ᠠᠵᠤ ᠠᠬᠤᠢᠯᠠᠯ᠎ᠤᠨ ᠪᠡᠯᠡ ᠣᠷᠣᠭᠤᠯᠬᠤ ᠢᠳᠡᠪᠬᠢᠵᠢᠯ᠎ᠢ ᠨᠥᠯᠥᠭᠡᠯᠡᠵᠦ ᠂ ᠬᠡᠰᠡᠭ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠠᠬᠢᠴᠠ ᠠᠳᠠᠯᠢ ᠪᠤᠰᠤ ᠬᠡᠮᠵᠢᠶ᠎ᠡ᠎ᠪᠡᠷ ᠤᠳᠠᠭᠠᠱᠢᠷᠠᠬᠤ ᠦᠵᠡᠭ᠌ᠳᠡᠯ ᠣᠷᠣᠱᠢᠵᠤ ᠪᠤᠢ》 ᠭᠡᠵᠦ᠍᠎ᠶ᠋ᠢᠨ ᠵᠤᠸᠠᠩ ᠬᠡᠯᠡᠪᠡ᠃

《 ᠥᠪᠥᠷ ᠮᠣᠩᠭᠣᠯ ᠪᠣᠯ ᠡᠨᠧᠷᠭᠢ᠎ᠶ᠋ᠢᠨ ᠦᠶ᠋ᠯᠡᠳᠪᠦᠷᠢᠯᠡᠯ ᠪᠠ ᠭᠠᠷᠭᠠᠯᠲᠠ᠎ᠶ᠋ᠢᠨ ᠲᠣᠮᠣ ᠣᠷᠣᠨ ᠪᠠᠢᠵᠤ᠂ ᠦᠶ᠋ᠯᠡᠳᠪᠦᠷᠢᠯᠡᠭ᠌ᠰᠡᠨ ᠡᠨᠧᠷᠭᠢ᠎ᠨᠢ ᠪᠥᠬᠥ᠌ ᠤᠯᠤᠰ᠎ᠤᠨ ᠨᠡᠯᠢᠶᠡᠳ ᠣᠯᠠᠨ ᠮᠤᠵᠢ ᠣᠷᠣᠨ ᠬᠣᠲᠠ᠎ᠳᠤ ᠠᠱᠢᠭ ᠬᠦᠷᠲᠡᠭᠡᠵᠦ᠍ ᠪᠣᠶ᠂ ᠭᠡᠪᠡᠴᠦ᠍ ᠡᠨᠧᠷᠭᠢ᠎ᠶ᠋ᠢᠨ ᠲᠥᠷᠥᠯ᠎ᠦᠨ ᠲᠥᠷᠥᠯ ᠵᠦᠶ᠋ᠯ᠎ᠦᠨ ᠶᠡᠷᠦᠩᠬᠡᠢᠯᠡᠭ᠌ᠰᠡᠨ ᠡᠨᠧᠷᠭᠢ᠎ᠶ᠋ᠢᠨ ᠬᠣᠷᠣᠭ᠍ᠳᠠᠯ᠎ᠨᠢ ᠨᠡᠢᠳᠡᠮ᠎ᠳᠡᠭᠡᠨ ᠨᠡᠯᠢᠶᠡᠳ ᠶᠡᠬᠡ ᠪᠠᠢᠨ᠎ᠠ》 ᠬᠡᠵᠦ ᠵᠢᠨ ᠵᠤᠸᠠᠩ ᠰᠠᠨᠠᠭᠤᠯᠭ᠎ᠠ ᠭᠠᠷᠭᠠᠪᠠ᠃ ᠲᠡᠷᠡ ᠂ ᠬᠣᠯᠪᠣᠭ᠍ᠳᠠᠯ ᠪᠥᠬᠥᠶ ᠶᠠᠮᠤᠨ ᠵᠥᠪᠯᠡᠯ᠎ᠡᠴᠡ ᠶᠡᠷᠦᠩᠬᠡᠢᠯᠡᠭ᠌ᠰᠡᠨ ᠡᠨᠧᠷᠭᠢ᠎ᠶ᠋ᠢᠨ ᠬᠣᠷᠣᠭ᠍ᠳᠠᠯ᠎ᠢᠶᠠᠷ ᠨᠡᠯᠢᠶᠡᠳ ᠶᠡᠬᠡ ᠡᠨᠧᠷᠭᠢ᠎ᠶ᠋ᠢᠨ ᠲᠥᠷᠥᠯ ᠵᠦᠶ᠋ᠯ (ᠨᠡᠭᠦᠷᠡᠰᠦ᠎ᠪᠡᠷ ᠲᠣᠰᠣ ᠬᠡᠶ ᠦᠶ᠋ᠯᠡᠳᠬᠦ᠌ ᠲᠥᠷᠥᠯ ᠵᠦᠶ᠋ᠯ ᠪᠠᠭ᠍ᠲᠠᠨ᠎ᠠ )᠎ᠳ᠋ᠤ ᠡᠨᠧᠷᠭᠢ᠎ᠶ᠋ᠢᠨ ᠬᠣᠷᠣᠭ᠍ᠳᠠᠯ᠎ᠢ ᠠᠰ᠎ᠲᠤᠨᠢ ᠵᠢᠭ᠍ᠰᠠᠭᠠᠬᠤ ᠵᠢ ᠬᠡᠷᠡᠭᠵᠢᠬᠦᠯᠵᠦ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠪᠠᠲᠤᠯᠠᠪᠠᠯ ᠵᠤᠬᠢᠨ᠎ᠠ ᠬᠡᠪᠡ᠃

ᠡᠭᠦᠨ᠎ᠡᠴᠡ ᠭᠠᠳᠠᠨ᠎ᠠ᠂ ᠨᠡᠭᠦᠷᠡᠰᠦ᠎ᠪᠡᠷ ᠲᠣᠰᠣ ᠦᠶ᠋ᠯᠡᠳᠬᠦ᠌ ᠠᠵᠢᠯ ᠲᠥᠷᠥᠯ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠵᠣᠷᠢᠭ᠍ᠵᠢᠭᠤᠯᠬᠤ᠎ᠶ᠋ᠢᠨ ᠲᠥᠯᠥᠭᠡ ᠂ ᠵᠢᠨ ᠵᠤᠸᠠᠩ ᠤᠯᠤᠰ᠎ᠡᠴᠨ ᠨᠡᠭᠦᠷᠡᠰᠦ᠎ᠪᠡᠷ ᠲᠣᠰᠣ ᠦᠶ᠋ᠯᠡᠳᠬᠦ᠌ ᠦᠶ᠋ᠯᠡᠳᠬᠦᠨ᠎ᠦ ᠲᠤᠰᠭᠠᠶ ᠬᠡᠷᠡᠭ᠌ᠯᠡᠭᠡᠨ᠎ᠦ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠨ ᠬᠡᠷᠡᠭᠵᠢᠬᠦᠯᠵᠦ ᠂ ᠨᠡᠭᠦᠷᠡᠰᠦ᠎ᠪᠡᠷ ᠲᠣᠰᠣ ᠦᠶ᠋ᠯᠡᠳᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠢᠳᠡᠪᠬᠢᠲᠡᠶ ᠳᠡᠮᠵᠢᠵᠦ᠍ ᠂ ᠠᠵᠤ ᠠᠬᠤᠢᠯᠠᠯ ᠎ᠤᠨ ᠢᠳᠡᠪᠬᠢᠵᠢᠯ᠎ᠢ ᠳᠠᠢᠴᠢᠯᠠᠵᠤ᠂ ᠤᠯᠤᠰ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ᠎ᠶ᠋ᠢᠨ ᠤᠷᠤᠭ᠍ᠰᠢᠲᠠᠶ ᠬᠡᠷᠡᠭ᠌ᠵᠢᠭᠦᠯᠦᠭ᠌ᠳᠡᠬᠦ᠌᠎ᠶ᠋ᠢ ᠠᠬᠢᠭᠤᠯᠪᠠᠯ ᠵᠤᠬᠢᠨ᠎ᠠ ᠭᠡᠵᠦ᠍ ᠰᠠᠨᠠᠭᠤᠯᠵᠠᠶ᠃

( ᠭᠡᠷᠡᠯ ᠵᠢᠷᠤᠭ᠎ᠢ ᠵᠢᠨ ᠵᠤᠸᠠᠡᠭ ᠬᠠᠩᠭᠠᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面