2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-11 15:51:12

ᠵᠣᠬᠢᠶᠠᠭ᠍ᠴᠢ᠄ ᠯᠢ ᠬᠠᠨ ᠢᠦᠢ ᠲᠤᠤ ᠣᠩᠱᠢᠭ᠍ᠰᠠᠨ ᠣᠳᠠᠭ᠎ᠠ᠄ 3

ᠭᠦᠸᠧ ᠳ᠋ᠡ ᠶᠦᠩ᠄

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠬᠣᠷᠱᠢᠶ᠎ᠠ᠎ᠶ᠋ᠢᠨ ᠬᠣᠯᠪᠣᠭᠠᠲᠤ ᠬᠣᠷᠱᠢᠶ᠎ᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠂ ᠬᠡᠷᠡᠭ ᠡᠷᠬᠢᠯᠡᠭᠴᠢᠳ᠎ᠤᠨ ᠳᠠᠷᠤᠭ᠎ᠠ


QQ截图20230311153925.png



ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠮᠥᠩᠭᠥᠨ ᠭᠦᠢᠯᠭᠡᠭᠡ》 ᠵᠢ ᠤᠯᠠᠨ ᠤᠳᠠᠭ᠎ᠠ ᠳᠤᠷᠠᠳᠤᠭ᠍ᠰᠠᠨ ᠨᠢ ᠨᠠᠮ ᠪᠣᠯᠤᠨ ᠤᠯᠤᠰ᠎ᠠᠴᠠ ᠮᠥᠩᠭᠥᠨ ᠭᠦᠢᠯᠭᠡᠭᠡᠨ᠎ᠦ ᠠᠵᠢᠯ᠎ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠢᠬᠤ ᠪᠠ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠵᠤ ᠪᠠᠢᠬᠤ᠎ᠶ᠋ᠢ ᠬᠠᠷᠠᠭᠤᠯᠵᠤ ᠪᠠᠢᠨ᠎ᠠ᠃ ᠥᠪᠥᠷ ᠮᠣᠩᠭᠣᠯ᠎ᠤᠨ ᠬᠦᠳᠡᠭᠡ ᠲᠤᠰᠬᠤᠨ᠎ᠤ ᠢᠲᠡᠭᠡᠮᠵᠢ ᠵᠢᠨ ᠬᠤᠷᠰᠢᠶ᠎ᠠ ᠣᠷᠣᠨ ᠨᠤᠲᠤᠭ᠎ᠤᠨ ᠬᠥᠳᠡᠭᠡ ᠲᠣᠰᠭᠣᠨ᠎ᠤ ᠮᠥᠩᠭᠥᠨ ᠭᠦᠶ᠋ᠯᠭᠡᠭᠡᠨ᠎ᠦ ᠭᠤᠤᠯ ᠬᠦᠴᠦᠨ ᠪᠣᠯᠤᠭ᠍ᠰᠠᠨ᠎ᠤ ᠬᠤᠪᠢ᠎ᠳᠤ᠂ 3 ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠠᠳᠬᠤᠨ᠎ᠠ᠃

ᠡᠩ ᠲᠡᠷᠢᠭᠦᠨ᠎ᠳᠦ᠂ ᠭᠣᠣᠯ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠤᠳᠤ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ ᠣᠨᠴᠠᠭᠠᠢᠯᠠᠨ ᠰᠦ᠂ ᠮᠢᠬ᠎ᠠ᠂ ᠲᠥᠮᠥᠰᠥ᠍᠂ ᠨᠤᠤᠯᠤᠭᠤᠷ ᠵᠡᠷᠭᠡ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠦᠨ ᠲᠣᠭᠣᠷᠢᠨ᠎ᠳᠤ ᠮᠥᠩᠭᠥᠨ ᠭᠦᠢᠯᠭᠡᠭᠡᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠭᠣᠣᠯᠳᠠᠯᠭ᠎ᠠ᠎ᠲᠠᠶ ᠬᠦᠷᠢᠶᠡᠨ᠎ᠳᠦ ᠦᠢᠯᠡᠴᠢᠯᠡᠵᠦ᠍᠂ ᠤᠯᠤᠰ᠎ᠤᠨ ᠴᠢᠬᠤᠯᠠ ᠮᠠᠯ ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠬᠤ ᠎ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ᠃ ᠳᠠᠷᠠᠭᠠᠯᠠᠪᠠᠯ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠬᠥᠭ᠌ᠵᠢᠯᠲᠡ᠎ᠶ᠋ᠢᠨ ᠳᠤᠮᠳᠠ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠶ᠋ᠢ ᠪᠠᠷᠢᠮᠲᠠᠯᠠᠵᠤ᠂ ᠱᠢᠰᠲ᠋ᠧᠮ᠎ᠦᠨ ᠴᠢᠨᠠᠷᠲᠠᠶ ᠮᠥᠩᠭᠥᠨ ᠭᠦᠶ᠋ᠯᠭᠡᠭᠡᠨ᠎ᠦ ᠠᠶᠤᠯ ᠲᠦᠭ᠌ᠰᠢᠭᠦᠷᠢ ᠥᠯᠥ᠍ ᠡᠭᠦᠰᠭᠦ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠡᠴᠦᠰ᠎ᠲᠦ᠂ ᠥᠪᠥᠷ ᠮᠣᠩᠭᠣᠯ᠎ᠤᠨ ᠳᠦᠷᠢ ᠲᠥᠷᠬᠦ᠌᠎ᠶ᠋ᠢ ᠱᠤᠭᠤᠬᠤ᠎ᠳᠤ ᠬᠦᠴᠦᠨ ᠨᠡᠮᠡᠷᠢᠯᠡᠵᠦ᠍᠂《ᠪᠦᠬᠦ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠱᠢᠪᠲᠤᠯᠤᠭᠰᠠᠨ ᠲᠡᠷᠢᠭᠦᠨ᠎ᠦ ᠬᠠᠮᠲᠤ》ᠵᠡᠷᠭᠡ ᠲᠦᠷᠦᠯ ᠲᠡᠮᠳᠡᠭᠳᠦ ᠢᠷᠠᠭᠤ ᠠᠯᠳᠠᠷ᠎ᠤᠨ ᠲᠠᠢ᠌ᠴᠢᠯᠠᠯ ᠨᠥᠯᠥᠭᠡᠯᠡᠯ ᠳᠣᠣᠷ᠎ᠠ᠂ ᠪᠦᠬᠦ᠌ ᠱᠢᠰᠲᠸᠮ᠎ᠤᠨ ᠣᠮᠣᠭ ᠰᠦᠷ ᠪᠠᠳᠠᠷᠠᠨ᠂ ᠠᠵᠢᠯ ᠬᠢᠵᠦ᠍ ᠦᠢᠯᠡᠰ ᠪᠤᠰᠭᠠᠬᠤ ᠥᠳᠭᠡᠨ ᠵᠤᠵᠠᠭᠠᠨ ᠠᠭᠤᠷ ᠠᠮᠢᠰᠭᠤᠯ ᠎ᠢ ᠪᠦᠷᠢᠯᠳᠦᠭᠦᠯᠦᠨ᠎ᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面