2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠳ᠎ᠦ᠋ᠨ ᠰᠤᠷᠪᠤᠯᠵᠢᠯᠠᠭ᠎ᠠ

2023-03-11 15:39:42

ᠵᠣᠬᠢᠶᠠᠭ᠍ᠴᠢ᠄ ᠠᠨ ᠶᠢᠨ ᠳ᠋ᠦᠩ ᠮᠠ ᠵᠢᠶᠠᠨ ᠴᠢᠤᠸᠠᠨ ᠣᠩᠱᠢᠭ᠍ᠰᠠᠨ ᠣᠳᠠᠭ᠎ᠠ᠄ 3


ᠭᠦᠸᠧ ᠢᠦᠶ ᠹᠧᠩ ᠄

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ


QQ截图20230311153909.png



ᠣᠷᠣᠨ ᠰᠠᠭᠤᠴᠠ᠎ᠶ᠋ᠢᠨ ᠠᠰᠠᠭᠤᠳᠠᠯ ᠪᠣᠯ ᠢᠮᠠᠭ᠍ᠲᠠ ᠠᠷᠠᠳ ᠣᠯᠠᠨ᠎ᠤ ᠠᠩᠬᠠᠷᠴᠤ᠌ ᠪᠠᠢᠭ᠎ᠠ ᠠᠰᠠᠭᠤᠳᠠᠯ ᠮᠥᠨ᠂ ᠪᠠᠰᠠ ᠴᠤ᠌ ᠡᠨᠡ ᠵᠢᠯ᠎ᠦᠨ ᠬᠣᠶᠠᠷ ᠬᠤᠷᠠᠯ᠎ᠤᠨ ᠠᠩᠬᠠᠷᠴᠤ᠌ ᠪᠠᠢᠭ᠎ᠠ ᠭᠤᠤᠯᠳᠠᠯᠭ᠎ᠠ᠎ᠲᠠᠶ ᠠᠭᠤᠯᠭ᠎ᠠ᠎ᠶ᠋ᠢᠨ ᠨᠢᠭᠡ ᠪᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠣᠷᠣᠨ ᠰᠠᠭᠤᠴᠠ ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ ᠬᠣᠲᠠ᠎ᠶ᠋ᠢᠨ ᠠᠷᠠᠳ᠂ ᠵᠠᠯᠠᠭᠤᠴᠤᠳ ᠵᠡᠷᠭᠡ᠎ᠶ᠋ᠢᠨ ᠣᠷᠣᠨ ᠰᠠᠭᠤᠴᠠ᠎ᠶ᠋ᠢᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ ᠭᠡᠵᠦ ᠳᠤᠷᠠᠳᠪᠠ᠃

ᠡᠨᠡ ᠵᠢᠯ ᠮᠠᠨ᠎ᠤ ᠣᠷᠣᠨ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢ ᠲᠦᠷᠭᠡᠳᠭᠡᠨ ᠬᠥᠭ᠌ᠵᠢᠭᠦᠯᠵᠦ᠍᠂ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢ ᠵᠢᠷᠤᠮᠵᠢᠭᠤᠯᠤᠨ ᠬᠥᠭ᠌ᠵᠢᠭᠦᠯᠵᠦ᠍᠂ ᠬᠠᠮᠲᠤ᠎ᠶ᠋ᠢᠨ ᠥᠮᠴᠢᠯᠡᠬᠦ᠌ ᠡᠷᠬᠡ᠎ᠲᠡᠶ ᠣᠷᠣᠨ ᠰᠠᠭᠤᠴᠠ᠎ᠶ᠋ᠢ ᠵᠣᠷᠢᠭ᠍ᠵᠢᠭᠤᠯᠤᠨ ᠬᠥᠭ᠌ᠵᠢᠭᠦᠯᠵᠦ᠍᠂ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢ 1.1 ᠲᠦᠮᠡᠨ ᠢᠵᠢ (ᠲᠠᠰᠤᠯᠭ᠎ᠠ)ᠪᠦᠲᠦᠭᠡᠨ ᠪᠠᠢᠭᠤᠯᠬᠤ᠎ᠪᠠᠷ ᠲᠥᠯᠥᠪᠯᠡᠵᠦ᠍᠂ 2.64 ᠲᠦᠮᠡᠨ ᠡᠷᠦᠬᠡ᠎ᠳ᠋ᠤ ᠬᠣᠲᠠ ᠪᠠᠯᠭᠠᠰᠤ᠎ᠶ᠋ᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠭᠡᠷ ᠪᠦᠯᠢ᠎ᠶ᠋ᠢᠨ ᠲᠦᠷᠢᠶᠡᠰᠦᠨ ᠨᠥᠬᠥᠪᠥᠷᠢ ᠲᠠᠷᠬᠠᠭᠠᠬᠤ ᠪᠡᠷ ᠲᠦᠯᠦᠪᠯᠡᠵᠦ᠂ 1.5 ᠲᠦᠮᠡᠨ ᠢᠵᠢ ᠳᠥᠭᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠪᠡᠷ ᠲᠥᠯᠥᠪᠯᠡᠵᠦ᠍ ᠪᠤᠶ᠃ ᠪᠥᠬᠥ᠌ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠰᠲ᠋ᠧᠮ᠎ᠤᠨ ᠬᠢᠨ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠵᠢᠯ᠎ᠤᠨ ᠠᠷᠭ᠎ᠠ᠎ᠪᠠᠨ ᠲᠠᠰᠤᠷᠠᠯᠲᠠ ᠥᠬᠡᠶ ᠱᠢᠨᠡᠴᠢᠯᠡᠵᠦ᠍᠂ ᠠᠵᠢᠯ᠎ᠤᠨ ᠰᠤᠷᠲᠠᠯ᠎ᠢᠶᠠᠨ ᠦᠷᠭᠦᠯᠵᠢᠯᠡᠨ ᠰᠠᠢᠵᠢᠷᠠᠭᠤᠯᠵᠤ᠂ ᠠᠵᠢᠯ᠎ᠤᠨ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠬᠠᠷᠠᠯᠲᠠ᠎ᠲᠠᠶ᠎ᠪᠠᠷ ᠬᠦᠴᠦᠯᠡᠬᠦ᠌᠎ᠶ᠋ᠢ ᠠᠬᠢᠭᠤᠯᠵᠤ᠂ ᠠᠷᠠᠳ ᠣᠯᠠᠨ ᠎ᠤ《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ》ᠪᠠᠢᠭ᠎ᠠ ᠵᠦᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠱᠢᠶ᠋ᠳᠪᠦᠷᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面