2024-03-02 11:36:49
ᠲᠥᠷᠥ᠎ᠶᠢᠨ ᠶᠠᠪᠤᠳᠠᠯᠤᠨᠬᠣᠷᠢᠶᠠᠨᠤ ᠰᠣᠨᠢᠨ ᠮᠡᠳᠡᠭᠡᠨ᠎ᠦ ᠠᠯᠪᠠᠨ ᠭᠡᠷ᠎ᠦᠨ ᠰᠣᠨᠢᠨ ᠮᠡᠳᠡᠭᠡᠨ᠎ᠦ ᠥᠭᠦᠯᠡᠭᠴᠢ ᠰᠢᠩ ᠬᠣᠶ ᠨᠠ 29 ᠦᠡᠳᠦᠷ ᠢᠯᠡᠷᠬᠡᠢᠯᠡᠬᠦ ᠳᠡᠭᠡᠨ᠂ 2023 ᠣᠨ᠎ᠳᠤ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭᠠᠮᠥᠴᠢᠷ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠳᠤᠷᠠᠳᠤᠭᠰᠠᠨ ᠠᠷᠠᠳ ᠤᠨ ᠲᠥᠯᠥᠭᠡᠯᠡᠭᠴᠢᠳ᠎ᠦᠨ ᠶᠡᠬᠡ ᠬᠤᠷᠠᠯ ᠤᠨ ᠲᠥᠯᠥᠭᠡᠯᠡᠭᠴᠢᠳ᠎ᠦᠨ 7955 ᠬᠤᠪᠢ ᠰᠠᠨᠠᠯ ᠰᠠᠨᠠᠭᠤᠯᠭ᠎ᠠ᠂ ᠤᠯᠤᠰ ᠲᠥᠷᠥ᠎ᠶᠢᠨ ᠵᠥᠪᠯᠡᠯᠭᠡᠨᠦᠭᠡᠰᠢᠭᠦᠳᠤᠨ 4525 ᠬᠤᠪᠢ ᠰᠠᠨᠠᠯ ᠲᠤᠷᠠᠳᠤᠯᠭ᠎ᠠ ᠵᠢ ᠬᠦᠯᠢᠶᠡᠨ ᠰᠢᠢᠳᠪᠦᠷᠢᠯᠡᠵᠦ᠂ ᠲᠣᠰ ᠲᠣᠰ ᠰᠠᠨᠠᠯ ᠰᠠᠨᠠᠭᠤᠯᠭ᠎ᠠ᠂ᠰᠠᠨᠠᠯ ᠲᠤᠷᠠᠳᠤᠯᠭ᠎ᠠ ᠶᠢᠨ ᠶᠡᠷᠦᠩᠬᠡᠢ ᠲᠣᠭᠠᠨ᠎ᠤ 95.7%᠂ 96.5% ᠶᠢ ᠡᠵᠡᠯᠡᠵᠦ᠂ ᠨᠢᠭᠡᠨᠲᠡ ᠪᠦᠬᠦᠨᠢᠴᠠᠭ ᠲᠤᠬᠠᠢ ᠳ᠋ᠤᠨᠢ ᠰᠢᠢᠳᠪᠦᠷᠢᠯᠡᠵᠦ ᠳᠠᠭᠤᠰᠬᠠᠪᠠ ᠭᠡᠵᠡᠢ᠃
ᠡᠭᠦᠨ᠎ᠢ ᠰᠤᠷᠪᠤᠯᠵᠢᠯᠠᠭ᠍ᠴᠢᠲᠥᠷᠥᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ 29 ᠦ ᠡᠳᠦᠷ ᠬᠤᠷᠠᠯᠳᠤᠭᠤᠯᠤᠭᠰᠠᠨᠲᠥᠷᠥᠶᠢᠨ ᠶᠠᠪᠤᠳᠠᠯ᠎ᠤᠨ ᠬᠣᠷᠢᠶᠠᠨ᠎ᠤ ᠲᠥᠷᠥ᠎ᠶᠢᠨ ᠪᠣᠳᠣᠯᠭ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡᠨᠡᠢᠲᠡᠯᠡᠬᠦ ᠬᠤᠷᠠᠯ᠎ᠠᠴᠠ ᠣᠢᠯᠠᠭᠠᠭᠰᠠᠨ ᠶᠤᠮ᠂ ᠲᠤᠰ ᠰᠣᠨᠢᠨ ᠮᠡᠳᠡᠭᠡ ᠨᠡᠢᠲᠡᠯᠡᠬᠦ ᠬᠤᠷᠠᠯ᠎ᠲᠡᠭᠡᠷ᠎ᠡ2023 ᠣᠨ᠎ᠤ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠠᠯᠠᠭ᠎ᠠ ᠮᠥᠴᠢᠷ᠎ᠦᠨ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳᠦᠨᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠯ ᠰᠠᠨᠠᠭᠤᠯᠭ᠎ᠠ ᠪᠠ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨᠦᠭᠡᠰᠢᠭᠦᠳᠤᠨ ᠰᠠᠨᠠᠯ ᠲᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ᠎ᠤᠨ ᠪᠠᠢᠳᠠᠯ᠎ᠢ ᠲᠠᠨᠢᠯᠴᠠᠭᠤᠯᠪᠠ᠃
ᠲᠠᠨᠢᠯᠴᠠᠭᠤᠯᠤᠭᠰᠠᠨ᠎ᠢᠶᠠᠷ᠂ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠨᠠᠷᠢᠨ ᠬᠢᠨᠠᠮᠠᠭᠠᠢ ᠪᠠᠢᠴᠠᠭᠠᠨ ᠰᠤᠳᠤᠯᠤᠯᠲᠠᠬᠢᠵᠦ᠂ ᠥᠷᠭᠡᠨ᠎ᠢᠶᠡᠷ ᠰᠠᠨᠠᠯ ᠰᠣᠨᠣᠰᠴᠤ᠂ ᠲᠥᠯᠥᠭᠡᠯᠡᠭᠴᠢ ᠭᠡᠰᠢᠭᠦᠳ᠎ᠲᠠᠢ ᠨᠡᠪᠲᠡᠷᠡᠯᠴᠡᠬᠦ ᠬᠡᠯᠪᠡᠷᠢᠪᠡᠨᠲᠠᠰᠤᠷᠠᠯᠲᠠ ᠦᠭᠡᠢ ᠥᠷᠭᠡᠳᠬᠡᠵᠦ᠂ ᠰᠠᠨᠠᠯ ᠰᠠᠨᠠᠭᠤᠯᠭ᠎ᠠ ᠰᠠᠨᠠᠯ ᠲᠤᠷᠠᠳᠤᠯᠭ᠎ᠠ ᠵᠢ ᠰᠢᠢᠳᠪᠦᠷᠢᠯᠡᠬᠦ ᠠᠵᠢᠯᠢᠲᠣᠰ ᠰᠠᠯᠠᠭ᠎ᠠ ᠮᠥᠴᠢᠷ᠎ᠦᠨ᠎ᠢᠶᠡᠨ ᠲᠤᠬᠠᠢᠯᠠᠭᠰᠠᠨ ᠠᠵᠢᠯ᠎ᠲᠠᠢ ᠬᠠᠮᠲᠤ ᠳ᠋ᠤᠨᠢ ᠪᠣᠳᠣᠯᠬᠢᠯᠠᠬᠤ᠂ ᠨᠢᠭᠡ ᠴᠣᠭᠴᠠᠵᠢᠭᠤᠯᠤᠨᠪᠠᠢᠷᠢᠯᠠᠭᠤᠯᠬᠤ᠂ ᠬᠠᠮᠲᠤ ᠳ᠋ᠤᠨᠢ ᠠᠬᠢᠭᠤᠯᠬᠤ᠎ᠶᠢ ᠪᠠᠷᠢᠮᠲᠠᠯᠠᠵᠤ᠂ ᠰᠠᠨᠠᠯ ᠰᠠᠨᠠᠭᠤᠯᠭ᠎ᠠ ᠰᠠᠨᠠᠯᠲᠤᠷᠠᠳᠤᠯᠭᠠ ᠶᠢ ᠯᠠᠪᠳᠠᠭᠤᠨ ᠪᠠᠲᠤᠲᠠᠢ ᠰᠠᠢᠲᠤᠷ ᠰᠢᠢᠳᠪᠦᠷᠢᠯᠡᠬᠦ᠎ᠪᠡᠷ ᠳᠠᠮᠵᠢᠭᠤᠯᠤᠨ᠂ ᠠᠵᠤ ᠠᠬᠤᠢ ᠨᠡᠢᠭᠡᠮᠦᠨᠬᠥᠭᠵᠢᠯᠲᠡᠶᠢᠨ ᠪᠡᠷᠬᠡ ᠰᠡᠳᠦᠪ᠎ᠢ ᠰᠢᠢᠳᠪᠦᠷᠢᠯᠡᠬᠦ᠎ᠳᠦ ᠬᠦᠴᠦᠨ ᠨᠡᠮᠡᠷᠢᠯᠡᠪᠡ᠃
ᠰᠢᠩ ᠬᠤᠢ ᠨᠠ᠂ ᠡᠯ᠎ᠡ ᠰᠠᠯᠠᠭᠠᠮᠥᠴᠢᠷᠦᠨ ᠬᠢᠨ ᠲᠥᠯᠥᠭᠡᠯᠡᠭᠴᠢ ᠭᠡᠰᠢᠭᠦᠳ᠎ᠦᠨ ᠳᠤᠷᠠᠳᠤᠭᠰᠠᠨ 4700 ᠰᠢᠬᠠᠮ ᠰᠠᠨᠠᠯ ᠰᠠᠨᠠᠭᠤᠯᠭ᠎ᠠ ᠪᠠ ᠰᠠᠨᠠᠯᠲᠤᠷᠠᠳᠤᠯᠭᠠ ᠶᠢ ᠭᠥᠯᠢᠶᠡᠨ ᠠᠪᠴᠤ᠂ 2000 ᠭᠠᠷᠤᠢ ᠵᠦᠢᠯ᠎ᠦᠨ ᠬᠣᠯᠪᠣᠭᠳᠠᠯ ᠪᠦᠬᠦᠢ ᠲᠦᠷᠦ᠎ᠶᠢᠨ ᠪᠣᠳᠣᠯᠭᠠᠠᠷᠭᠠ ᠬᠡᠮᠵᠢᠶ᠎ᠡ᠎ᠶᠢ ᠲᠣᠭᠲᠠᠭᠠᠵᠤ᠂ ᠥᠭᠡᠷᠡᠴᠢᠯᠡᠯᠲᠡ ᠬᠥᠭᠵᠢᠯᠲᠡ ᠪᠣᠯᠣᠨ ᠠᠷᠠᠳ ᠤᠯᠠᠨ᠎ᠤ ᠪᠠᠴᠢᠮᠳᠠᠵᠤᠵᠤᠪᠠᠨᠢᠵᠤ ᠲᠦᠪᠡᠭᠳᠡᠵᠦ ᠬᠦᠰᠡᠵᠦ ᠪᠠᠢᠭ᠎ᠠ ᠠᠯᠢ ᠤᠯᠠᠨ ᠠᠰᠠᠭᠤᠳᠠᠯ᠎ᠢ ᠰᠢᠢᠳᠪᠦᠷᠢᠯᠡᠨ᠂ ᠠᠵᠤ ᠠᠬᠤᠢ᠎ᠶᠢᠨ ᠴᠢᠨᠠᠷᠰᠠᠢᠲᠠᠢ ᠬᠥᠭᠵᠢᠯᠲᠡ᠎ᠶᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠬᠦᠷᠢᠶᠡᠨᠳᠦᠰᠢᠨᠡ ᠠᠵᠢᠯ᠎ᠤᠨ ᠦᠷ᠎ᠡ ᠪᠦᠲᠦᠮᠵᠢ ᠣᠯᠪᠠ ᠭᠡᠵᠦ ᠪᠠᠢᠯ᠎ᠠ᠃
ᠢᠷᠡᠯᠲᠡ ᠄ ᠰᠢᠨᠬᠤᠸᠠ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃