2024-03-04 11:19:10
ᠥᠩᠭᠡᠷᠡᠭ᠌ᠰᠡᠨ ᠨᠢᠭᠡ ᠵᠢᠯ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ ᠲᠡᠭᠡᠷ᠎ᠡ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ ᠪᠦᠬᠦᠢ ᠨᠢᠭᠡ ᠵᠢᠯ ᠪᠠᠢᠵᠦ ᠂ ᠶᠡᠷᠦᠩᠬᠡᠢ ᠱᠦᠵᠢ ᠰᠢ᠎ᠶ᠋ᠢᠨ ᠫᠢᠩ ᠮᠠᠨ᠎ᠤ ᠣᠷᠣᠨ᠎ᠳᠤ ᠳᠠᠬᠢᠨᠲᠠ ᠢᠷᠡᠵᠦ ᠱᠢᠨᠵᠢᠯᠡᠨ ᠪᠠᠢᠴᠠᠭᠠᠪᠠ ᠃ ᠶᠡᠷᠦᠩᠬᠡᠢ ᠱᠦᠵᠢ ᠮᠠᠨ᠎ᠤ ᠣᠷᠣᠨ ᠳ᠋ᠦ ᠬᠦᠷᠴᠦ᠍ ᠢᠷᠡᠭ᠌ᠰᠡᠨ ᠨᠢ ᠪᠢᠳᠡᠨ᠎ᠦ ᠲᠠᠪᠤᠨ ᠶᠡᠬᠡ ᠡᠭᠦᠷᠭᠡ᠎ᠶ᠋ᠢ ᠨᠡᠩ ᠰᠠᠢᠲᠤᠷ ᠪᠡᠶᠡᠯᠡᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍ ᠂ ᠥᠪᠥᠷ ᠮᠣᠩᠭᠣᠯ᠎ᠤᠨ ᠠᠷᠠᠳ ᠲᠦᠮᠡᠨ᠎ᠦ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠬᠥᠪᠴᠢᠯᠡᠵᠦ᠍ ᠂ ᠣᠷᠣᠨ ᠲᠠᠶᠠᠭᠠᠷ ᠡᠷᠴᠢ ᠵᠣᠷᠢᠭ᠎ᠢᠶᠠᠨ ᠬᠥᠪᠴᠢᠯᠡᠵᠦ᠍ ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠪᠠ ᠱᠢᠨ᠎ᠡ ᠵᠠᠮ᠎ᠢᠶᠠᠷ ᠵᠠᠮᠨᠠᠵᠤ ᠳᠤᠮᠳᠠ ᠲᠦᠪᠰᠢᠨ᠎ᠳᠤ ᠣᠷᠣᠬᠤ ᠲᠡᠮᠡᠴᠡᠯ᠎ᠦᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠵᠠᠢ ᠃ 2024 ᠣᠨ᠎ᠳᠤ ᠂ ᠥᠪᠥᠷ ᠮᠣᠩᠭᠣᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠬᠠᠯᠠᠮᠵᠢ ᠳᠡᠮᠵᠢᠯᠭᠡ᠎ᠶ᠋ᠢ ᠡᠷᠡᠮᠡᠬᠡᠢᠯᠡᠨ ᠤᠷᠤᠭ᠍ᠰᠢᠯᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠵᠤ ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ ᠂ ᠨᠡᠩ ᠥᠨᠳᠥᠷ ᠲᠦᠪᠱᠢᠨ᠎ᠳᠦ ᠲᠠᠪᠰᠢᠬᠣ ᠪᠣᠯᠣᠨ᠎ᠠ ᠃
ᠮᠠᠷᠲᠠᠭ᠍ᠳᠠᠰᠢ ᠦᠭᠡᠢ ᠴᠠᠭ ᠮᠥᠴᠡ ᠪᠠᠨ ᠡᠷᠭᠢᠴᠡᠭᠦᠯᠦᠨ ᠲᠣᠷᠠᠳᠬᠠᠬᠣᠶᠠ ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠭᠡᠬᠦᠲᠡᠭ ᠰᠡᠳᠬᠢᠯ ᠣᠷᠬᠢᠯᠣᠨ ᠵᠣᠷᠢᠬᠵᠢᠬᠰᠠᠭᠠᠷ ᠃ 2023 ᠣᠨ᠎ᠤ 6 ᠰᠠᠷ᠎ᠠ᠎ᠶ᠋ᠢᠨ 5 ᠤ᠋ ᠡᠳᠦᠷ᠎ᠡᠴᠡ 7 ᠤ᠋ ᠡᠳᠦᠷ ᠪᠣᠯᠲᠠᠯ᠎ᠠ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠤᠷᠢᠳ ᠬᠣᠵᠢᠳ ᠤᠷᠠᠳ᠎ᠤᠨ ᠡᠮᠦᠨᠡᠲᠦ ᠬᠣᠱᠢᠭᠤᠨ᠎ᠤ ᠤᠯᠠᠭᠠᠨᠰᠤᠬᠠᠢ ᠂ ᠤᠯᠠᠭᠠᠨᠰᠤᠬᠠᠢ᠎ᠶ᠋ᠢᠨ ᠡᠮᠦᠨ᠎ᠡ ᠡᠷᠭᠢ᠎ᠶ᠋ᠢᠨ ᠤᠳᠤ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ ᠂ ᠯᠢᠨ ᠾᠧ ᠲᠣᠭᠣᠷᠢᠭ᠎ᠤᠨ ᠤᠯᠤᠰ᠎ᠤᠨ ᠱᠢᠨ ᠬᠤᠸᠠ ᠤᠢ ᠱᠢᠭᠤᠢ᠎ᠶ᠋ᠢᠨ ᠲᠠᠯᠠᠪᠠᠢ᠂ ᠪᠣᠷᠣᠲᠣᠬᠣᠢ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠬᠡᠮᠵᠢᠶ᠎ᠡ᠎ᠶ᠋ᠢᠨ ᠮᠡᠳᠡᠭᠡ ᠵᠠᠩᠭᠢᠵᠢᠯᠲᠠ᠎ᠶ᠋ᠢ ᠬᠢᠨᠠᠨ ᠬᠡᠮᠵᠢᠬᠦ᠌ ᠲᠥᠪ ᠪᠣᠯᠤᠨ ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ᠎ᠳᠦ ᠬᠦᠷᠴᠡᠢ᠃ ᠣᠳᠣ 9 ᠰᠠᠷ᠎ᠠ ᠱᠢᠬᠠᠮ᠎ᠤᠨ ᠬᠣᠭᠣᠴᠠᠭ᠎ᠠ ᠥᠩᠭᠡᠷᠡᠯ᠎ᠡ ᠂ ᠡᠲᠡᠭᠡᠷ ᠭᠠᠵᠠᠷ᠎ᠲᠤ ᠶᠠᠮᠠᠷ ᠱᠢᠨ᠎ᠡ ᠬᠤᠪᠢᠷᠠᠯᠲᠠ ᠭᠠᠷᠤᠭ᠍ᠰᠠᠨ ᠪᠣᠯ ? ᠣᠷᠢᠬᠠᠨ ᠬᠠᠪᠣᠷ ᠰᠠᠭᠠᠲᠠᠬᠣᠳᠦ᠂ ᠶᠡᠷᠦᠩᠬᠡᠢ ᠱᠦᠵᠢ᠎ᠶ᠋ᠢᠨ ᠤᠯᠠ ᠮᠥᠷ᠎ᠢ ᠳᠠᠭᠠᠵᠤ ᠂ ᠪᠢᠳᠡ ᠳᠠᠬᠢᠨ ᠡᠳᠡᠭᠡᠷ ᠭᠠᠵᠠᠷ᠎ᠢᠶᠠᠷ ᠮᠦᠷᠲᠡᠨ ᠰᠤᠷᠪᠤᠯᠵᠢᠯᠠᠵᠤ ᠂ ᠬᠠᠪᠤᠷ᠎ᠤᠨ ᠰᠠᠯᠬᠢᠨ ᠶ᠋ᠢᠡᠷ ᠵᠠᠬᠢᠶ᠎ᠠ ᠪᠣᠯᠭᠠᠵᠦ ᠂ ᠶᠡᠷᠦᠩᠬᠡᠢ ᠱᠦᠵᠢ᠎ᠳᠦ ᠬᠠᠷᠢᠭᠤ ᠮᠡᠳᠡᠭᠦᠯᠵᠦ ᠪᠠᠢᠨᠠᠮ ᠃

ᠪᠣᠷᠣᠲᠣᠬᠣᠶ᠎ᠶᠢᠨ ᠤᠰᠤᠯᠠᠯᠲᠠ᠎ᠶᠢᠨ ᠣᠷᠣᠨ

10 ᠲᠦᠮᠡᠨ ᠲᠣᠨ᠎ᠤ ᠮᠥᠬᠥᠯᠢᠭ᠌ᠲᠦ ᠴᠠᠬᠢᠭᠤᠷ᠎ᠤᠨ ᠲᠦᠷᠦᠯ ᠵᠦᠢᠯ᠎ᠢ ᠤᠬᠲᠠᠷᠭᠤᠢ
ᠡᠴᠡ ᠰᠡᠭᠦᠳᠡᠷᠯᠡᠭ᠌ᠰᠡᠨ ᠵᠢᠷᠤᠭ
ᠤᠯᠠᠭᠠᠨᠰᠤᠬᠠᠢ ᠨᠡᠩ ᠦᠵᠡᠰᠬᠦᠯᠡᠩ ᠭᠤᠢᠳᠠ ᠪᠤᠯᠪᠠ
2023 ᠣᠨ ᠤ᠋ 6 ᠰᠠᠷ᠎ᠠ ᠶ᠋ᠢᠨ 5 ᠤ᠋ ᠡᠳᠦᠷ ᠂ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ ᠬᠣᠲᠠ ᠶ᠋ᠢᠨ ᠤᠷᠠᠳ ᠤ᠋ᠨ ᠡᠮᠦᠨᠡᠲᠦ ᠬᠣᠰᠢᠭᠤᠨ ᠳ᠋ᠦ ᠪᠠᠢᠭ᠎ᠠ ᠤᠯᠠᠭᠠᠨᠰᠤᠬᠠᠢ ᠳ᠋ᠦ ᠬᠦᠷᠴᠦ ᠂ ᠲᠤᠬᠠᠢ ᠶ᠋ᠢᠨ ᠭᠠᠵᠠᠷ ᠤ᠋ᠨ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ ᠵᠢ ᠪᠠᠷᠢᠮᠲᠠᠯᠠᠵᠤ ᠪᠠᠢᠬᠤ ᠂ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠬᠦ ᠵᠢ ᠠᠬᠢᠭᠤᠯᠵᠤ ᠪᠠᠢᠬᠤ ᠵᠡᠷᠭᠡ ᠪᠠᠢᠳᠠᠯ᠎ᠢ ᠣᠢᠯᠠᠭᠠᠵᠤ ᠂ ᠤᠯᠠᠭᠠᠨᠰᠤᠬᠠᠢ ᠶ᠋ᠢᠨ ᠪᠠᠢᠭᠠᠯᠢ ᠶ᠋ᠢᠨ ᠳᠦᠷᠰᠦ ᠪᠠᠢᠳᠠᠯ ᠪᠠ ᠡᠷᠬᠢᠨ ᠲᠣᠭᠣᠷᠢᠨ ᠤ᠋ ᠠᠮᠢ ᠠᠬᠤᠢ ᠣᠷᠴᠢᠨ ᠲᠣᠭᠣᠷᠢᠨ᠎ᠢ ᠪᠠᠢᠴᠠᠭᠠᠨ ᠦᠵᠡᠪᠡ᠃ ᠲᠡᠬᠦᠨ ᠡᠴᠡ ᠨᠠᠭᠠᠰᠢ 9 ᠰᠠᠷ᠎ᠠ ᠥᠩᠭᠡᠷᠡᠵᠦ ᠂ ᠤᠯᠠᠭᠠᠨᠰᠤᠬᠠᠢ ᠳ᠋ᠦ ᠪᠠᠰᠠ ᠲᠡᠭᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ ᠃

ᠤᠯᠠᠭᠠᠨᠰᠤᠬᠠᠢ ᠨᠠᠭᠤᠷ᠎ᠤᠨ ᠤᠰᠤᠨ᠎ᠤ ᠰᠢᠪᠠᠭᠤᠳ
ᠶᠡᠷᠦᠩᠬᠡᠢ ᠱᠦᠵᠢ ᠰᠢ ᠵᠢᠨ ᠫᠢᠩ ᠤ᠋ᠨ ᠤᠯᠠᠭᠠᠨᠰᠤᠬᠠᠢ ᠨᠠᠭᠤᠷ᠎ᠲᠤ ᠰᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠵᠢᠭᠠᠪᠤᠷᠢ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ 2023 ᠣᠨ ᠳ᠋ᠦ ᠂ ᠪᠠᠶᠠᠨᠨᠠᠭᠤᠷ ᠬᠣᠲᠠ ᠣᠯᠠᠨ ᠵᠦᠢᠯ ᠤ᠋ᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠯᠡᠨ ᠤᠯᠠᠭᠠᠨᠰᠤᠬᠠᠢ ᠶ᠋ᠢᠨ ᠠᠮᠢ ᠠᠬᠤᠢ ᠣᠷᠴᠢᠨ ᠲᠣᠭᠣᠷᠢᠨ ᠤ᠋ ᠵᠠᠰᠠᠯᠲᠠ ᠵᠢ ᠴᠢᠩᠭᠠᠳᠬᠠᠭᠰᠠᠨ ᠪᠥᠭᠡᠳ ᠡᠯᠪᠡᠭ ᠦᠷ᠎ᠡ ᠪᠦᠲᠦᠭᠡᠯ ᠣᠯᠪᠠ ᠄ ᠤᠯᠠᠭᠠᠨᠰᠤᠬᠠᠢ ᠶ᠋ᠢᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠠᠵᠢᠯ ᠤ᠋ᠨ ᠭᠣᠣᠯᠳᠠᠯᠭ᠎ᠠ ᠵᠢ ᠲᠣᠭᠲᠠᠭᠠᠵᠤ ᠂ 35.89 ᠳ᠋ᠦᠩᠰᠢᠭᠤᠷ ᠲᠥᠭᠥᠷᠢᠭ ᠤ᠋ᠨ ᠶᠡᠷᠦᠩᠬᠡᠢ ᠪᠡᠯᠡ ᠣᠷᠣᠭᠤᠯᠤᠯᠲᠠ᠎ᠲᠠᠢ 13 ᠲᠥᠷᠥᠯ ᠵᠦᠢᠯ ᠵᠥᠪᠰᠢᠶᠡᠷᠡᠭᠳᠡᠨ ᠂ ᠨᠢᠭᠡᠨᠲᠡ 7 ᠵᠦᠢᠯ᠎ᠢ ᠪᠡᠶᠡᠯᠡᠭᠦᠯᠵᠦ ᠂ ᠨᠡᠶ᠋ᠢᠲᠡ 31.19 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠵᠢ ᠪᠡᠶᠡᠯᠡᠭᠦᠯᠪᠡ; ᠤᠯᠠᠭᠠᠨᠰᠤᠬᠠᠢ ᠳ᠋ᠦ ᠨᠡᠶ᠋ᠢᠲᠡ 5.48 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠦ ᠂ ᠤᠯᠠᠭᠠᠨᠰᠤᠬᠠᠢ ᠶ᠋ᠢᠨ ᠠᠮᠢ ᠠᠬᠤᠢ ᠳ᠋ᠦ ᠬᠡᠷᠡᠭᠰᠡᠬᠦ ᠤᠰᠤᠨ ᠤ᠋ ᠬᠡᠮᠵᠢᠶ᠎ᠡ ᠵᠢ ᠪᠠᠲᠤᠯᠠᠵᠤ ᠂ ᠨᠠᠭᠤᠷ ᠤ᠋ᠨ ᠣᠷᠣᠨ ᠤ᠋ ᠠᠮᠢ ᠠᠬᠤᠢ ᠶ᠋ᠢᠨ ᠰᠢᠰᠲᠧᠮ ᠮᠠᠭᠤᠳᠠᠬᠤ ᠂ ᠰᠢᠷ᠎ᠠ ᠦᠩᠬᠦᠷ ᠬᠡᠨᠡᠳᠳᠡ ᠶᠡᠬᠡ ᠲᠠᠯᠠᠪᠠᠶ᠎ᠪᠠᠷ ᠦᠷᠡᠵᠢᠬᠦ ᠲᠦᠭᠰᠢᠭᠦᠷᠢ ᠵᠢ ᠪᠠᠭᠤᠷᠠᠭᠤᠯᠵᠤ ᠂ ᠤᠰᠤᠨ ᠴᠣᠭᠴᠠ ᠶ᠋ᠢᠨ ᠥᠪᠡᠷ᠎ᠢ᠎ᠪᠡᠨ ᠴᠡᠪᠡᠷᠰᠢᠭᠦᠯᠬᠦ ᠴᠢᠳᠠᠪᠤᠷᠢ ᠵᠢ ᠨᠡᠮᠡᠭᠳᠡᠭᠦᠯᠵᠦ ᠂ ᠠᠮᠢ ᠠᠬᠤᠢ ᠶ᠋ᠢᠨ ᠰᠢᠰᠲᠧᠮ ᠤ᠋ᠨ ᠲᠣᠭᠲᠠᠭᠤᠨ᠎ᠢ ᠦᠨᠡᠨ ᠬᠦ᠌ ᠪᠠᠲᠤᠯᠠᠪᠠ; ᠭᠣᠣᠯ ᠮᠥᠷᠡᠨ ᠨᠠᠭᠤᠷ ᠴᠥᠭᠥᠷᠥᠮ ᠤ᠋ᠨ ᠰᠢᠰᠲᠧᠮ ᠤ᠋ᠨ ᠣᠷᠴᠢᠨ ᠠᠬᠤᠢ ᠶ᠋ᠢᠨ ᠵᠠᠰᠠᠯᠲᠠ ᠶ᠋ᠢᠨ ᠮᠡᠷᠭᠡᠵᠢᠯ ᠤ᠋ᠨ ᠬᠡᠷᠡᠭᠯᠡᠯᠲᠡ ᠬᠢᠭᠡᠳ ᠵᠢᠱ᠌ᠢᠶ᠎ᠡ ᠦᠵᠡᠭᠦᠯᠬᠦ ᠵᠡᠷᠭᠡ 7 ᠵᠦᠢᠯ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠦᠰᠦᠯ᠎ᠢ ᠬᠠᠮᠲᠤᠷᠠᠨ ᠥᠷᠨᠢᠭᠦᠯᠵᠦ ᠂ ᠨᠢᠭᠡᠨᠲᠡ 2 ᠵᠦᠢᠯ᠎ᠢ ᠪᠡᠶᠡᠯᠡᠭᠦᠯᠵᠦ ᠂ ᠵᠢᠱ᠌ᠢᠯᠲᠡ᠎ᠪᠡᠷ ᠡᠨᠡ ᠵᠢᠯ ᠤ᠋ᠨ ᠡᠴᠦᠰ᠎ᠲᠦ ᠪᠦᠬᠦᠨ᠎ᠢ ᠪᠡᠶᠡᠯᠡᠭᠦᠯᠬᠦ ᠪᠣᠯᠣᠨ᠎ᠠ; 9.1 ᠲᠦᠮᠡᠨ ᠲᠣᠨ ᠬᠤᠯᠤᠰᠤ ᠬᠠᠳᠤᠵᠤ ᠬᠣᠷᠢᠶᠠᠨ ᠂ ᠰᠢᠪᠠᠷ ᠰᠢᠷᠤᠢ ᠶ᠋ᠢᠨ ᠪᠣᠬᠢᠷᠲᠤᠯ ᠤ᠋ᠨ ᠬᠡᠮᠵᠢᠶ᠎ᠡ ᠵᠢ ᠪᠠᠭᠤᠷᠠᠭᠤᠯᠵᠤ ᠂ ᠬᠥᠮᠥᠨ᠎ᠦ ᠬᠦᠴᠦ᠎ᠪᠡᠷ ᠰᠢᠷ᠎ᠠ ᠥᠩᠭᠥᠷᠢ ᠰᠡᠷᠭᠡᠢᠯᠡᠨ ᠵᠠᠰᠠᠬᠤ ᠠᠵᠢᠯ᠎ᠢ ᠬᠡᠲᠦ ᠤᠳᠠᠭ᠎ᠠ ᠥᠷᠨᠢᠭᠦᠯᠵᠦ ᠂ ᠰᠢᠷ᠎ᠠ ᠥᠩᠭᠥᠷ ᠤ᠋ᠨ ᠶᠡᠬᠡ ᠬᠡᠪᠴᠢᠶ᠎ᠡ᠎ᠪᠡᠷ ᠦᠷᠡᠵᠢᠬᠦ ᠵᠢ ᠡᠷᠡᠰ ᠬᠣᠷᠢᠭ᠍ᠯᠠᠪᠠ;ᠵᠢᠭᠠᠰᠤ ᠠᠩᠨᠠᠬᠤ ᠵᠢ ᠦᠷᠭᠦᠯᠵᠢᠯᠡᠨ ᠵᠤᠭᠰᠤᠭᠠᠵᠦ ᠂ 449 ᠵᠢᠭᠠᠰᠤᠴᠢᠨ ᠤ᠋ ᠣᠩᠭᠣᠴᠠ ᠵᠢ ᠪᠤᠴᠠᠭᠠᠨ ᠬᠤᠳᠠᠯᠳᠤᠨ ᠠᠪᠴᠤ ᠂ 253 ᠬᠥᠮᠥᠨ ᠳ᠋ᠦ ᠠᠵᠢᠯ ᠣᠯᠭᠣᠵᠤ᠂ 388 ᠬᠥᠮᠥᠨ( ᠤᠳᠠᠭ᠎ᠠ ) ᠳ᠋ᠦ ᠤᠷ᠎ᠠ ᠴᠢᠳᠠᠪᠤᠷᠢ ᠶ᠋ᠢᠨ ᠪᠣᠯᠪᠠᠰᠤᠷᠠᠯ ᠬᠦᠷᠲᠡᠭᠡᠪᠡ; 760 ᠲᠦᠮᠡᠨ ᠲᠥᠭᠥᠷᠢᠭ ᠤ᠋ᠨ ᠪᠡᠯᠡ ᠣᠷᠣᠭᠤᠯᠵᠤ ᠂ ᠤᠯᠠᠭᠠᠨᠰᠤᠬᠠᠢ ᠳ᠋ᠦ ᠨᠡᠶ᠋ᠢᠲᠡ 101.1 ᠲᠦᠮᠡᠨ ᠵᠢᠩ ᠵᠢᠭᠠᠰᠤ ᠦᠷᠡᠵᠢᠭᠦᠯᠪᠡ; 《ᠪᠠᠶᠠᠨᠨᠠᠭᠤᠷ ᠬᠣᠲᠠ ᠶ᠋ᠢᠨ ᠤᠯᠠᠭᠠᠨᠰᠤᠬᠠᠢ ᠨᠠᠭᠤᠷ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠳᠦᠷᠢᠮ》 ᠢ᠋ ᠨᠡᠢᠲᠡᠯᠡᠨ ᠬᠡᠷᠡᠭᠵᠢᠭᠦᠯᠵᠦ ᠂ ᠰᠣᠨᠢᠨ ᠮᠡᠳᠡᠭᠡ ᠨᠡᠢᠲᠡᠯᠡᠬᠦ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠳᠦᠷᠢᠮ》 ᠢ᠋ ᠤᠬᠠᠭᠤᠯᠬᠤ ᠭᠠᠷᠠᠭ ᠤ᠋ᠨ ᠠᠵᠢᠯᠯᠠᠭ᠎ᠠ ᠵᠢ ᠥᠷᠨᠢᠭᠦᠯᠵᠦ ᠂ ᠨᠡᠢᠭᠡᠮ ᠤ᠋ᠨ ᠡᠯ᠎ᠡ ᠡᠲᠡᠭᠡᠳ ᠤ᠋ᠨ ᠬᠢᠨ᠎ᠦ 《ᠳᠦᠷᠢᠮ》 ᠤ᠋ᠨ ᠲᠤᠬᠠᠢ ᠲᠠᠨᠢᠯᠲᠠ ᠪᠠ ᠣᠢᠯᠠᠭᠠᠯᠲᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠤᠯᠠᠭᠠᠨᠰᠤᠬᠠᠢ ᠨᠠᠭᠤᠷ᠎ᠤᠨ ᠵᠤᠨ᠎ᠤ ᠦᠵᠡᠮᠵᠢ
《 ᠰᠢᠰᠲᠧᠮ᠎ᠲᠠᠢ ᠵᠠᠰᠠᠬᠤ ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ᠎ᠪᠡᠷ ᠳᠡᠮᠵᠢᠨ ᠂ ᠤᠯᠠᠭᠠᠨᠰᠤᠬᠠᠢ ᠨᠠᠭᠤᠷ᠎ᠲᠤ ᠴᠢᠳᠬᠤᠬᠤ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ 15.23% ᠪᠠᠷ ᠪᠠᠭᠤᠷᠠᠵᠤ ᠂ ᠤᠯᠠᠭᠠᠨᠰᠤᠬᠠᠢ ᠨᠠᠭᠤᠷ᠎ᠤᠨ ᠲᠥᠪ᠎ᠦᠨ ᠣᠭᠲᠣᠯᠣᠭᠠᠰᠤ᠎ᠶᠢᠨ ᠤᠰᠤᠨ᠎ᠤ ᠴᠢᠨᠠᠷⅣᠲᠥᠷᠥᠯ᠎ᠳᠦ ᠲᠣᠭᠲᠠᠪᠤᠷᠢᠵᠢᠵᠤ ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠦᠷᠭᠦᠯᠵᠢᠯᠡᠨ ᠰᠠᠢᠵᠢᠷᠠᠵᠠᠢ》 ᠭᠡᠵᠦ ᠤᠯᠠᠭᠠᠨᠰᠤᠬᠠᠢ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠲᠥᠪ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠡᠷᠬᠢᠯᠡᠭᠴᠢ ᠪᠦᠦ ᠸᠧᠢ ᠲᠠᠨᠢᠯᠴᠠᠭᠤᠯᠤᠨ᠎ᠠ ᠂ ᠲᠡᠷᠡ᠄《ᠡᠨᠡ ᠵᠢᠯ ᠵᠢᠭᠠᠰᠤᠴᠢᠳ᠎ᠤᠨ ᠵᠢᠭᠠᠰᠤ ᠠᠩᠨᠠᠬᠤ᠎ᠵᠢ ᠪᠠᠢᠯᠭᠠᠬᠤ ᠠᠵᠢᠯ᠎ᠢ ᠲᠤᠢᠯᠪᠤᠷᠢᠲᠠᠢ ᠪᠡᠶᠡᠯᠡᠭᠦᠯᠵᠦ᠂ ᠵᠢᠭᠠᠰᠤ ᠵᠢ ᠦᠷᠡᠵᠢᠭᠦᠯᠦᠨ ᠠᠮᠢᠳᠤᠷᠠᠭᠤᠯᠬᠤ ᠡᠷᠴᠢᠮ᠎ᠢᠶᠡᠨ ᠴᠢᠩᠭᠠᠷᠠᠭᠤᠯᠤᠨ ᠂ ᠤᠰᠤᠨ᠎ᠤ ᠠᠮᠢᠲᠠᠨ᠎ᠤ ᠨᠤᠲᠤᠭ᠎ᠤᠨ ᠡᠬᠦᠯᠳᠡᠷ᠎ᠤᠨ ᠲᠥᠷᠥᠯ᠎ᠦᠨ ᠦᠷᠡᠵᠢᠯᠲᠡ ᠪᠠ ᠲᠥᠷᠥᠯ ᠵᠦᠢᠯ᠎ᠦᠨ ᠨᠡᠮᠡᠭᠳᠡᠯ᠎ᠢ ᠠᠬᠢᠭᠤᠯᠵᠤ ᠂ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠋᠎ᠤᠨ ᠳᠠᠯᠳᠠ ᠬᠦᠴᠦᠨ᠂ ᠠᠰᠢᠭ᠍ᠯᠠᠯᠲᠠ᠎ᠶᠢᠨ ᠦᠷ᠎ᠡ ᠪᠦᠲᠦᠮᠵᠢ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠳᠡᠭᠡᠭᠰᠢᠯᠡᠭᠦᠯᠦᠨ᠂ ᠤᠰᠤᠨ᠎ᠤ ᠠᠮᠢ ᠠᠬᠤᠢ᠎ᠶᠢᠨ ᠪᠦᠯᠦᠭᠯᠡᠯ᠎ᠦᠨ ᠪᠦᠲᠦᠴᠡ᠎ᠶᠢ ᠰᠢᠯᠢᠳᠡᠭᠵᠢᠭᠦᠯᠵᠦ᠂ ᠤᠯᠠᠭᠠᠨᠰᠤᠬᠠᠢ᠎ᠶᠢᠨ ᠤᠰᠤᠨ᠎ᠤ ᠠᠮᠢ ᠠᠬᠤᠢ᠎ᠶᠢᠨ ᠰᠢᠰᠲᠧᠮ᠎ᠦᠨ ᠥᠪᠡᠷ᠎ᠢ᠎ᠪᠡᠨ ᠴᠡᠪᠡᠷᠰᠢᠭᠦᠯᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ》 ᠭᠡᠵᠦ ᠬᠡᠯᠡᠨ᠎ᠠ᠃
《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠠᠮᠢ ᠠᠬᠤᠢ᠎ᠶᠢᠨ ᠣᠷᠴᠢᠨ ᠲᠣᠭᠣᠷᠢᠨ᠎ᠤ ᠰᠠᠢᠵᠢᠷᠠᠯᠲᠠ ᠨᠢ ᠤᠯᠠᠭᠠᠨᠰᠤᠬᠠᠢ᠎ᠶᠢᠨ ᠵᠢᠭᠤᠯᠴᠢᠯᠠᠯ᠎ᠢ ᠬᠥᠭᠵᠢᠶᠡᠨ᠎ᠲᠠᠢ ᠪᠣᠯᠭᠠᠵᠤ ᠂ 2023 ᠣᠨ᠎ᠳᠤ ᠤᠯᠠᠭᠠᠨᠰᠤᠬᠠᠢ 41.24 ᠲᠦᠮᠡᠨ ᠬᠥᠮᠥᠨ ᠤᠳᠠᠭ᠎ᠠ᠎ᠶᠢᠨ ᠵᠢᠭᠤᠯᠴᠢᠯᠠᠭᠰᠠᠳ᠎ᠢ ᠭᠥᠯᠢᠶᠡᠨ ᠠᠪᠴᠤ ᠂ ᠠᠳᠠᠯᠢ ᠬᠤᠭᠤᠴᠠᠭᠠᠨ᠎ᠤ ᠬᠢ᠎ᠡᠴᠡ 806.37% ᠪᠠᠷ ᠨᠡᠮᠡᠭᠳᠡᠪᠡ; ᠵᠢᠭᠤᠯᠴᠢᠯᠠᠯ᠎ᠤᠨ ᠰᠢᠭᠤᠳ ᠣᠷᠣᠯᠭ᠎ᠠ 3822.57 ᠲᠦᠮᠡᠨ ᠲᠥᠭᠥᠷᠢᠭ᠎ᠢ ᠪᠡᠶᠡᠯᠡᠭᠦᠯᠵᠦ ᠂ ᠠᠳᠠᠯᠢ ᠬᠤᠭᠤᠴᠠᠭᠠᠨ᠎ᠤ ᠬᠢ᠎ᠡᠴᠡ 780.78% ᠪᠡᠷ ᠨᠡᠮᠡᠭᠳᠡᠪᠡ ᠃
ᠤᠳᠤᠬᠢᠴᠢᠯᠠᠭᠰᠠᠨ ᠲᠠᠷᠢᠶᠠᠯᠠᠩ ᠵᠢᠱ᠌ᠢᠶ᠎ᠡ ᠦᠵᠡᠬᠦᠯᠦᠨ ᠬᠤᠰᠢᠭᠤᠷᠠᠨ᠎ᠠ
ᠤᠯᠠᠭᠠᠨᠰᠤᠬᠠᠢ᠎ᠶ᠋ᠢᠨ ᠡᠮᠦᠨ᠎ᠡ ᠡᠷᠭᠢ᠎ᠶ᠋ᠢᠨ ᠤᠳᠤ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠠᠴᠠ ᠡᠮᠦᠨᠡᠰᠢ 10 ᠺᠢᠯᠤᠮᠸᠲᠷ ᠠᠶᠠᠯᠠᠵᠦ ᠂ ᠪᠢᠳᠠ ᠥᠪᠥᠷ ᠮᠣᠩᠭᠣᠯ᠎ᠤᠨ ᠭᠦ᠋ ᠴᠠᠩ ᠲᠠᠷᠢᠶᠠᠯᠠᠩ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ ᠳ᠋ᠦ᠍ ᠬᠦᠷᠬᠦ ᠳ᠋ᠦ ᠠᠵᠢᠯᠴᠢᠳ ᠯᠠᠵᠤᠤ᠎ᠶ᠋ᠢᠨ ᠴᠢᠬᠢ ᠪᠣᠢᠵᠢᠭᠤᠯᠵᠤ ᠶᠠᠭᠠᠷᠠᠨ᠎ᠠ᠃《 ᠪᠦᠲᠦᠮᠵᠢᠲᠡᠢ ᠪᠡᠷ ᠤᠰᠤ ᠠᠷᠪᠢᠯᠠᠵᠤ ᠤᠰᠤ᠎ᠶ᠋ᠢ ᠡᠵᠡᠮᠲᠡᠬᠦ᠎ᠶ᠋ᠢᠨ ᠲᠥᠯᠥᠭᠡ᠂ ᠡᠨᠡ ᠬᠡᠳᠦᠨ ᠵᠢᠯ ᠪᠢᠳᠡ ᠯᠠᠵᠤᠤ᠎ᠶ᠋ᠢᠨ ᠠᠵᠤ ᠦᠶ᠋ᠯᠡᠰ᠎ᠢ ᠶᠡᠬᠡ ᠪᠡᠷ ᠬᠥᠭ᠌ᠵᠢᠭᠦᠯᠵᠦ᠍᠂ ᠮᠠᠰᠢ ᠣᠯᠠᠨ ᠲᠠᠷᠢᠶᠠᠴᠢᠨ ᠡᠷᠦᠬᠡ᠎ᠶ᠋ᠢ ᠳᠠᠢᠴᠢᠯᠠᠨ ᠯᠠᠵᠤᠤ ᠳᠠᠷᠢᠭᠤᠯᠵᠠᠶ᠃ ᠨᠢᠳᠤᠨᠤᠨ ᠤᠯᠠᠭᠠᠨᠰᠤᠬᠠᠢ᠎ᠶ᠋ᠢᠨ ᠡᠮᠦᠨ᠎ᠡ ᠡᠷᠭᠢ᠎ᠶ᠋ᠢᠨ ᠣᠲᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ ᠳᠠᠷᠢᠭ᠍ᠰᠠᠨ ᠯᠠᠵᠤᠤ᠎ᠶ᠋ᠢ ᠳᠠᠷᠤᠶ ᠪᠢᠳᠡᠨ᠎ᠦ ᠡᠨᠳᠡ ᠪᠣᠢᠵᠢᠭᠤᠯᠤᠭ᠍ᠰᠠᠨ ᠶᠤᠮ 》 ᠭᠡᠵᠦ᠍ ᠺᠣᠮᠫᠠᠨᠢ᠎ᠶ᠋ᠢᠨ ᠬᠠᠷᠢᠭᠤᠴᠠᠯᠭᠠᠲᠠᠨ ᠪᠠᠢ ᠧᠨ ᠽᠸ ᠲᠠᠨᠢᠯᠴᠠᠭᠤᠯᠣᠨ᠎ᠠ᠃

ᠤᠯᠠᠭᠠᠨᠰᠤᠬᠠᠢ ᠵᠢᠨ ᠡᠮᠦᠨ᠎ᠡ ᠡᠷᠭᠢ ᠶ᠋ᠢᠨ ᠤᠳᠤ ᠦᠶ᠎ᠡ ᠶ᠋ᠢᠨ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠤᠨ ᠪᠤᠭᠤᠳᠠᠢ ᠯᠠᠵᠤᠤ᠎ᠶ᠋ᠢ ᠲᠠᠪᠬᠣᠷᠯᠠᠨ ᠲᠠᠷᠢᠬᠣ ᠵᠠᠭ᠍ᠪᠤᠷ

ᠤᠷᠠᠳ᠎ᠤᠨ ᠡᠮᠦᠨᠡᠲᠦ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠦᠨ ᠨᠠᠮ᠎ᠤᠨ ᠡᠭᠦᠷ᠎ᠦᠨ ᠱᠦᠵᠢ᠂ ᠡᠷᠬᠢᠯᠡᠭ᠌ᠴᠢ ᠯᠢᠦ ᠵᠢᠶᠦ᠋ᠨ ᠬᠦᠷᠢᠶᠡᠯᠡᠩ ᠲᠣᠭᠣᠷᠢᠭᠤᠨᠶ᠋ᠢᠡᠨ ᠲᠠᠷᠠᠭᠠᠴᠢ᠎ᠶ᠋ᠢᠨ ᠠᠯᠬᠤᠮ᠎ᠤᠨ ᠲᠥᠯᠥᠪᠵᠢᠭᠦᠯᠭᠡ᠎ᠶ᠋ᠢ ᠲᠠᠨᠢᠯᠴᠠᠭᠤᠯᠣᠨ᠎ᠠ
2023 ᠣᠨ᠎ᠤ 6 ᠰᠠᠷ᠎ᠠ᠎ᠶ᠋ᠢᠨ 5 ᠤ᠋ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠤᠯᠠᠭᠠᠨᠰᠤᠬᠠᠢ᠎ᠶ᠋ᠢᠨ ᠡᠮᠦᠨ᠎ᠡ ᠡᠷᠭᠢ᠎ᠶ᠋ᠢᠨ ᠤᠳᠤ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ ᠢᠷᠡᠵᠦ᠂ ᠬᠥᠷᠥᠰᠥ᠍ ᠱᠢᠷᠣᠢ᠂ ᠦᠷ᠎ᠡ᠎ᠶ᠋ᠢᠨ ᠵᠠᠭ᠍ᠪᠤᠷ ᠵᠡᠷᠭᠡ ᠦᠵᠡᠭᠦᠯᠭᠡ᠎ᠶ᠋ᠢ ᠪᠠᠢᠴᠠᠭᠠᠨ ᠦᠵᠡᠵᠦ᠍᠂ ᠪᠠᠶᠠᠨᠨᠠᠭᠤᠷ ᠬᠤᠳᠠ᠎ᠶ᠋ᠢᠨ ᠬᠤᠵᠢᠷᠯᠢᠭ ᠡᠯᠡᠰᠦᠷᠬᠡᠭ ᠭᠠᠵᠠᠷ᠎ᠢ ᠥᠭᠡᠷᠡᠴᠢᠯᠡᠨ ᠰᠠᠢᠵᠢᠷᠠᠭᠤᠯᠤᠭ᠍ᠰᠠᠨ ᠪᠠᠢᠲᠠᠯ ᠪᠠ ᠶᠡᠷᠦᠩᠬᠡᠢᠯᠡᠨ ᠠᠱᠢᠭ᠍ᠯᠠᠭ᠍ᠰᠠᠨ᠂ ᠱᠢᠨᠵᠢᠯᠡᠬᠦ᠌ ᠤᠬᠠᠭᠠᠨᠴᠢ᠎ᠪᠠᠷ ᠤᠰᠤᠯᠠᠬᠤ᠎ᠶ᠋ᠢ ᠠᠬᠢᠭᠤᠯᠵᠦ᠂ ᠤᠳᠤ ᠦᠶ᠎ᠡ᠎ᠶ᠋ᠢᠨ ᠲᠠᠷᠢᠶᠠᠯᠠᠩ᠎ᠢ ᠳᠡᠯᠭᠡᠷᠡᠭᠦᠯᠦᠭ᠌ᠰᠡᠨ ᠵᠡᠷᠭᠡ ᠪᠠᠢᠳᠠᠯ᠎ᠢ ᠨᠠᠷᠢᠨ ᠣᠢᠯᠠᠭᠠᠪᠠ᠃
《ᠶᠡᠷᠦᠩᠬᠡᠢ ᠱᠦᠵᠢ ᠰᠢ᠎ᠶ᠋ᠢᠨ ᠫᠢᠩ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠢ ᠤᠳᠤ ᠦᠶ᠎ᠡ᠎ᠶ᠋ᠢᠨ ᠲᠠᠷᠢᠶᠠᠯᠠᠩ᠎ᠢ ᠳᠡᠯᠭᠡᠷᠡᠭᠦᠯᠬᠦ᠌ ᠲᠠᠯ᠎ᠠ᠎ᠪᠠᠷ ᠦᠢᠯᠡᠳᠦᠯ᠎ᠢᠶᠡᠨ ᠦᠨᠡᠨ ᠬᠦ᠌ ᠪᠠᠳᠠᠷᠠᠭᠤᠯᠵᠤ᠂ ᠳᠠᠰᠤᠷᠠᠯᠳᠠ ᠦᠬᠡᠢ ᠬᠠᠢᠨ ᠰᠦᠪᠡᠭ᠌ᠴᠢᠯᠡᠵᠦ᠍᠂ ᠡᠨᠳᠡ ᠳᠤᠬᠢᠷᠠᠬᠤ ᠳᠦᠷᠦᠯ ᠵᠦᠢᠯ᠂ ᠮᠡᠷᠭᠡᠵᠢᠯ ᠪᠣᠯᠤᠨ ᠲᠠᠷᠢᠶᠠᠯᠠᠬᠤ ᠠᠷᠭ᠎ᠠ ᠬᠡᠯᠪᠡᠷᠢ᠎ᠶ᠋ᠢ ᠡᠷᠢᠨ ᠣᠯᠵᠤ᠂ ᠥᠪᠡᠷ᠎ᠦᠨ ᠦᠷᠳᠡᠭ᠎ᠢ ᠪᠠᠭᠤᠷᠠᠭᠤᠯᠵᠤ᠂ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ᠍ ᠪᠣᠯᠬᠤ ᠲᠤᠷᠱᠢᠯᠭ᠎ᠠ᠎ᠶ᠋ᠢ ᠪᠦᠷᠢᠯᠳᠦᠭᠦᠯᠬᠦ᠌ ᠬᠡᠷᠡᠭ᠌ᠲᠡᠢ ᠭᠡᠵᠦ᠍ ᠱᠠᠭᠠᠷᠳᠠᠬᠰᠠᠨ ᠶᠣᠮ》 ᠤᠷᠠᠳ᠎ᠤᠨ ᠡᠮᠦᠨᠡᠲᠦ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠦᠨ ᠨᠠᠮ᠎ᠤᠨ ᠡᠭᠦᠷ᠎ᠦᠨ ᠱᠦᠵᠢ ᠂ ᠡᠷᠬᠢᠯᠡᠭ᠌ᠴᠢ ᠯᠢᠦ ᠵᠢᠶᠦ᠋ᠨ ᠲᠣᠬᠠᠢ᠎ᠶᠢᠨ ᠦᠶ᠎ᠡ᠎ᠶᠢᠨ ᠪᠠᠢᠲᠠᠯ᠎ᠢ ᠡᠷᠭᠢᠴᠡᠭᠦᠯᠬᠦ᠌᠎ᠳᠡᠭᠡᠨ ᠰᠡᠳᠭᠢᠯ ᠳᠣᠭ᠍ᠳᠣᠯᠵᠤ ᠂ 《ᠶᠡᠷᠦᠩᠬᠡᠢ ᠱᠦᠵᠢ᠎ᠶ᠋ᠢᠨ ᠵᠢᠭᠠᠪᠤᠷᠢ᠎ᠶ᠋ᠢᠨ ᠵᠣᠷᠢᠭ ᠰᠠᠨᠠᠭ᠎ᠠ ᠨᠢ ᠪᠦᠬᠦ᠌ ᠤᠯᠤᠰ᠎ᠤᠨ ᠲᠠᠷᠢᠶᠠᠴᠢᠳ᠎ᠲᠤ ᠱᠢᠨ᠎ᠡ ᠮᠡᠷᠭᠡᠵᠢᠯ ᠵᠢᠴᠢ ᠱᠢᠨ᠎ᠡ ᠵᠠᠭ᠍ᠪᠤᠷ᠎ᠢ ᠰᠤᠷᠤᠯᠴᠠᠬᠤ᠎ᠶ᠋ᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ᠎ᠢ ᠲᠠᠨᠢᠭᠤᠯᠵᠤ᠂ ᠣᠷᠢᠳ ᠬᠣᠵᠢᠳ ᠲᠦᠮᠡ ᠭᠠᠷᠤᠢ ᠬᠥᠮᠦᠨ ᠬᠦᠷᠢᠶᠡᠯᠡᠩ ᠲᠣᠭᠣᠷᠢᠭ᠎ᠲᠤ ᠢᠷᠡᠵᠦ᠍ ᠰᠤᠷᠤᠯᠴᠠᠨ ᠲᠣᠭᠣᠷᠢᠨ ᠦᠵᠡᠵᠦ᠍᠂ ᠬᠦᠷᠢᠶᠡᠯᠡᠩ ᠲᠣᠭᠣᠷᠢᠭ ᠨᠢ ᠨᠢᠭᠡᠨᠲᠡ ᠱᠢᠨᠵᠢᠯᠡᠬᠦ᠌ ᠤᠬᠠᠭᠠᠨ ᠮᠡᠷᠭᠡᠵᠢᠯ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠪᠠᠢᠭ᠍ᠰᠠᠨ᠎ᠠᠴᠠ᠎ᠪᠠᠨ ᠲᠠᠷᠢᠶᠠᠯᠠᠩ᠎ᠤᠨ ᠮᠡᠷᠭᠡᠵᠢᠯ᠎ᠦᠨ ᠰᠤᠳᠤᠯᠭᠠᠨ᠎ᠤ ᠰᠠᠭᠤᠷᠢᠨ ᠪᠣᠯᠤᠭ᠍ᠰᠠᠨ ᠪᠠᠢᠨ᠎ᠠ》 ᠭᠡᠵᠦ ᠶᠠᠷᠢᠨ᠎ᠠ᠃
ᠤᠰᠤ ᠠᠷᠪᠢᠯᠠᠬᠤ ᠲᠠᠷᠢᠶᠠᠯᠠᠩ᠎ᠤᠨ ᠬᠥᠭ᠌ᠵᠢᠯᠲᠡ᠎ᠶ᠋ᠢ ᠠᠬᠢᠭᠤᠯᠵᠦ᠂ ᠪᠣᠬᠢᠷᠲᠤᠯ ᠦᠭᠡᠶ ᠥᠨᠳᠥᠷ ᠪᠦᠲᠦᠮᠵᠢᠲᠡᠶ ᠮᠡᠷᠭᠡᠵᠢᠯ᠎ᠢ ᠳ᠋ᠦᠩᠨᠡᠬᠦ᠎ᠶᠢᠨ ᠲᠦᠯᠦᠭᠡ ᠂ ᠪᠠᠶᠠᠨᠨᠠᠭᠤᠷ ᠬᠤᠳᠠ ᠪᠣᠬᠢᠷᠲᠤᠯ ᠦᠭᠡᠢ ᠴᠢᠨᠠᠷ ᠰᠠᠢᠲᠠᠢ ᠥᠨᠳᠥᠷ ᠦᠷ᠎ᠡ ᠠᠱᠢᠭ᠎ᠲᠠᠶ ᠲᠦᠷᠦᠯ ᠵᠦᠢᠯ᠎ᠳᠦ ᠲᠦᠱᠢᠭ᠌ᠯᠡᠨ᠂ ᠤᠰᠤ ᠪᠤᠷᠳᠤᠭᠤᠷ᠎ᠢ ᠨᠢᠭᠡ ᠴᠤᠬ᠍ᠴᠠᠵᠢᠭᠤᠯᠬᠤ ᠮᠡᠷᠭᠡᠵᠢᠯ᠎ᠢᠶᠡᠷ ᠲᠤᠯᠭᠠᠭᠤᠷᠢᠯᠠᠯ ᠪᠣᠯᠭᠠᠵᠤ᠂ ᠤᠯᠠᠭᠠᠨᠰᠤᠬᠠᠢ ᠵᠢᠨ ᠡᠮᠦᠨ᠎ᠡ ᠡᠷᠭᠢ ᠳ᠋ᠡᠬᠢ ᠤᠳᠤ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ ᠤᠰᠤ ᠠᠷᠪᠢᠯᠠᠵᠤ ᠠᠮᠤ ᠪᠤᠳᠠᠭ᠎ᠠ ᠨᠡᠮᠡᠭ᠌ᠳᠡᠭᠦᠯᠬᠦ᠌ ᠵᠢᠱ᠌ᠢᠢ᠎ᠡ ᠦᠵᠡᠭᠦᠯᠬᠦ᠌ ᠬᠡᠰᠡᠭ᠎ᠢ ᠡᠭᠦᠳᠴᠦ᠍᠂ ᠬᠤᠷᠠᠮᠠᠯ ᠵᠢᠱ᠌ᠢᠢ᠎ᠡ ᠦᠵᠡᠭᠦᠯᠬᠦ᠌ ᠡᠷᠳᠡᠨᠢ ᠱᠢᠰᠢ᠎ᠶ᠋ᠢ ᠨᠢᠭ᠍ᠲᠠ ᠲᠠᠷᠢᠬᠤ᠎ᠶ᠋ᠢ ᠤᠨᠢᠨ ᠳᠡᠭᠡᠷ᠎ᠡ ᠨᠢ ᠲᠤᠬᠢᠷᠠᠭᠤᠯᠤᠨ ᠡᠵᠡᠮᠳᠡᠬᠦ᠌ ᠮᠡᠷᠭᠡᠵᠢᠯ᠎ᠦᠨ ᠵᠠᠭ᠍ᠪᠤᠷ᠎ᠢ ᠡᠭᠦᠳᠴᠦ᠍᠂ ᠤᠨᠠᠯᠲᠠ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠪᠠᠰᠠ ᠤᠰᠤ ᠪᠤᠷᠳᠤᠭᠤᠷ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠡᠢ᠃
ᠲᠠᠷᠢᠶᠠᠴᠢᠳ᠎ᠤᠨ ᠤᠨᠠᠯᠳᠠ᠎ᠪᠠᠨ ᠨᠡᠮᠡᠭ᠌ᠳᠡᠭᠦᠯᠵᠦ᠍ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠬᠤ᠎ᠶ᠋ᠢᠨ ᠲᠥᠯᠥᠭᠡ᠂ ᠨᠢᠳᠤᠨᠤᠨ ᠬᠦᠷᠢᠶᠡᠯᠡᠩ ᠲᠣᠭᠣᠷᠢᠭ᠎ᠤᠨ ᠬᠢᠨ ᠪᠤᠭᠤᠳᠠᠢ ᠯᠠᠵᠤᠤ᠎ᠶ᠋ᠢ ᠲᠠᠪᠬᠣᠷᠯᠠᠨ ᠳᠠᠷᠢᠵᠦ᠂ ᠲᠠᠬᠢᠨ ᠲᠣᠰᠣᠨ ᠤᠳᠪᠠᠯᠠ ᠳᠠᠷᠢᠬᠤ ᠵᠠᠭ᠍ᠪᠤᠷ᠎ᠢ ᠲᠤᠷᠱᠢᠵᠤ ᠦᠵᠡᠪᠡ᠃ ᠲᠤᠷᠱᠢᠯᠲᠠ ᠬᠢᠵᠦ᠍ ᠵᠢᠱ᠌ᠢᠶ᠎ᠡ ᠦᠵᠡᠭᠦᠯᠦᠭ᠌ᠰᠡᠨ᠎ᠦ ᠳᠠᠷᠠᠭ᠎ᠠ᠂ 1 ᠮᠥ᠍ ᠲᠠᠷᠢᠶᠠᠨ ᠭᠠᠵᠠᠷ᠎ᠤᠨ ᠣᠷᠣᠯᠭ᠎ᠠ ᠨᠢ ᠲᠠᠩ ᠭᠠᠭ᠍ᠴᠠ ᠪᠣᠭᠣᠳᠠᠶ᠎ᠶ᠋ᠢᠨ ᠣᠷᠣᠯᠭ᠎ᠠ᠎ᠠᠴᠠ 3000 ᠭᠠᠷᠤᠶ ᠲᠥᠭᠥᠷᠢᠭ ᠨᠡᠮᠡᠭ᠌ᠳᠡᠬᠦ᠌᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂《 ᠵᠢᠯ᠎ᠦᠨ ᠳᠥᠷᠪᠡᠨ ᠤᠯᠠᠷᠢᠯ᠎ᠳᠤ ᠵᠠᠪ ᠴᠢᠯᠥᠭᠡ ᠥᠬᠡᠶ 》 ᠪᠠᠢᠬᠤ᠎ᠶ᠋ᠢ ᠪᠡᠶᠡᠯᠡᠭᠦᠯᠵᠦ᠍ ᠂ ᠨᠢᠭᠡ ᠬᠡᠰᠡᠭ ᠲᠠᠷᠢᠶᠠᠨ ᠡᠴᠡ ᠭᠤᠷᠪᠠᠨ ᠵᠦᠢᠯ᠎ᠤᠨ ᠠᠮᠣ ᠬᠣᠷᠢᠶᠠᠬᠣ ᠪᠣᠯᠪᠠ᠃
ᠣᠢᠯᠠᠭᠠᠭ᠍ᠰᠠᠨ᠎ᠢᠶᠠᠷ᠂ ᠡᠨᠡ ᠵᠢᠯ ᠤᠯᠠᠭᠠᠨᠰᠤᠬᠠᠢ ᠵᠢᠨ ᠡᠮᠦᠨ᠎ᠡ ᠡᠷᠭᠢ᠎ᠶ᠋ᠢᠨ ᠣᠳᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ ᠨᠢ ᠨᠢᠳᠤᠨᠤᠨ᠎ᠤ ᠲᠤᠷᠱᠢᠯᠲᠠ᠎ᠶ᠋ᠢᠨ ᠲᠣᠭ᠎ᠠ ᠪᠠᠷᠢᠮᠲᠠ ᠪᠠᠨ ᠦᠨᠳᠦᠰᠦᠯᠡᠵᠦ᠂ ᠡᠭᠦᠯᠳᠡᠷ ᠵᠢᠴᠢ ᠨᠢᠭ᠍ᠲᠠᠴᠠ ᠵᠡᠷᠭᠡ ᠣᠯᠠᠨ ᠵᠦᠶ᠋ᠯ᠎ᠦᠨ ᠭᠣᠸ᠋ᠯᠳᠠᠯᠭ᠎ᠠ᠎ᠲᠠᠶ ᠮᠡᠷᠭᠡᠵᠢᠯ᠎ᠢ ᠱᠢᠯᠢᠳᠡᠭ᠌ᠵᠢᠭᠦᠯᠵᠦ᠍ ᠂ ᠪᠣᠷᠣᠲᠣᠬᠣᠶ᠎ᠶ᠋ᠢᠨ ᠭᠠᠵᠠᠷ ᠣᠷᠣᠨ᠎ᠳᠤ ᠳᠣᠭᠢᠷᠠᠬᠤ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠥᠨᠳᠥᠷ ᠤᠨᠠᠯᠲᠠ᠎ᠲᠠᠶ ᠨᠠᠷᠢᠯᠢᠭ ᠣᠨᠣᠴᠠᠲᠠᠶ᠎ᠪᠠᠷ ᠳᠣᠭᠢᠷᠠᠭᠤᠯᠤᠨ ᠡᠵᠡᠮᠳᠡᠬᠦ᠌ ᠮᠡᠷᠭᠡᠵᠢᠯ᠎ᠦᠨ ᠵᠠᠭ᠍ᠪᠤᠷ᠎ᠢ ᠳ᠋ᠦᠩᠨᠡᠨ ᠳᠡᠯᠭᠡᠷᠡᠭᠦᠯᠵᠦ᠍ ᠂ 30 ᠭᠠᠷᠤᠶ ᠡᠭᠦᠯᠳᠡᠷ᠎ᠢ ᠠᠱᠢᠭ᠍ᠯᠠᠨ 7000 ᠰᠠᠭᠤᠷᠢ ᠨᠢᠭ᠍ᠲᠠᠴᠠ᠎ᠲᠠᠶ ᠲᠠᠷᠢᠮᠠᠯ᠎ᠤᠨ ᠪᠦᠲᠦᠭᠡᠭ᠌ᠳᠡᠬᠦᠨ᠎ᠦ ᠬᠠᠷᠢᠴᠠᠯ᠎ᠤᠨ ᠲᠤᠷᠱᠢᠯᠲᠠ᠎ᠶ᠋ᠢ ᠥᠷᠨᠢᠭᠦᠯᠵᠦ᠍ ᠂ ᠡᠭᠦᠨ᠎ᠦ ᠤᠯᠠᠮ᠎ᠢᠶᠠᠷ ᠨᠢᠭ᠍ᠲᠠ ᠳᠠᠷᠢᠬᠤ᠎ᠳᠤ ᠳᠣᠭᠢᠷᠠᠬᠤ ᠱᠢᠯᠢᠳᠡᠭ ᠡᠭᠦᠯᠳᠡᠷ᠎ᠢ ᠨᠠᠩ ᠰᠠᠢᠨ ᠱᠢᠯᠢᠨ ᠰᠣᠩᠭᠣᠬᠣ ᠪᠣᠯᠣᠨ᠎ᠠ ; ᠯᠠᠵᠤᠤ᠎ᠪᠠᠷ ᠭᠣᠣᠯᠯᠠᠬᠤ ᠠᠵᠤ ᠦᠢᠯᠡᠰ ᠪᠣᠯᠭᠠᠵᠤ᠂ ᠤᠰᠤ ᠪᠤᠷᠳᠤᠭᠤᠷ᠎ᠢ ᠨᠢᠭᠡ ᠴᠤᠭ᠍ᠴᠠᠵᠢᠭᠤᠯᠬᠤ ᠮᠡᠷᠭᠡᠵᠢᠯ᠎ᠳᠦ ᠲᠦᠱᠢᠭ᠌ᠯᠡᠨ᠂ ᠪᠤᠭᠤᠳᠠᠢ ᠯᠠᠵᠤᠤ᠎ᠶ᠋ᠢ ᠲᠠᠪᠬᠣᠷᠯᠠᠨ ᠲᠠᠷᠢᠬᠣ ᠥᠨᠳᠥᠷ ᠦᠷ᠎ᠡ ᠠᠱᠢᠭ᠎ᠲᠠᠶ ᠲᠠᠷᠢᠬᠤ ᠮᠡᠷᠭᠡᠵᠢᠯ᠎ᠢ ᠦᠷᠭᠦᠯᠵᠢᠯᠡᠨ ᠥᠷᠨᠢᠭᠦᠯᠦᠨ᠎ᠡ;ᠤᠶᠤᠨᠴᠢᠯᠠᠭ᠍ᠰᠠᠨ ᠬᠡᠷᠡᠭ᠌ᠯᠡᠭᠡᠨ᠎ᠦ ᠲᠥᠪ᠎ᠢ ᠲᠡᠰ ᠳᠡᠪᠱᠢᠭᠦᠯᠦᠨ ᠱᠢᠯᠢᠳᠡᠭ᠌ᠵᠢᠭᠦᠯᠵᠦ᠍᠂ ᠲᠣᠭᠠᠴᠢᠯᠠᠭ᠍ᠰᠠᠨ ᠲᠠᠷᠢᠶᠠᠯᠠᠩ᠎ᠢ ᠶᠡᠬᠡᠪᠡᠷ ᠬᠥᠭ᠌ᠵᠢᠭᠦᠯᠦᠨ᠎ᠡ; ᠬᠦᠷᠢᠶᠡᠯᠡᠩ ᠲᠣᠭᠣᠷᠢᠭ᠎ᠤᠨ ᠦᠵᠡᠭᠦᠯᠭᠡ ᠪᠣᠯᠪᠠᠰᠤᠷᠠᠯ᠎ᠤᠨ ᠠᠵᠢᠯ᠎ᠢ ᠰᠠᠢᠲᠤᠷ ᠬᠢᠵᠦ᠍ ᠂ ᠠᠬᠣᠢ ᠲᠠᠯᠠᠪᠠᠢ᠎ᠶᠢᠨ ᠪᠣᠯᠪᠠᠰᠣᠷᠠᠯ᠎ᠢ ᠣᠯᠠᠨ ᠤᠳᠠᠭ᠎ᠠ᠂ ᠠᠳᠠᠯᠢ ᠪᠤᠰᠤ ᠲᠠᠰ ᠳᠠᠪᠬᠤᠷᠭ᠎ᠠ᠎ᠠᠴᠠ ᠵᠣᠬᠢᠶᠠᠨ ᠪᠠᠢᠭᠤᠯᠬᠤ ᠪᠣᠯᠣᠨ᠎ᠠ᠃
《 ᠲᠠᠷᠠᠭᠠᠴᠢ᠎ᠶ᠋ᠢᠨ ᠠᠯᠬᠤᠮ᠎ᠳᠤ᠂ ᠪᠢᠳᠡ ᠲᠠᠷᠢᠶᠠᠨ ᠠᠵᠢᠯ᠎ᠤᠨ ᠬᠠᠮᠢᠶᠠᠷᠤᠯᠲᠠ᠎ᠶ᠋ᠢ ᠰᠠᠢᠲᠤᠷ ᠬᠢᠵᠦ᠍ ᠂ ᠡᠯ᠎ᠡ ᠲᠥᠷᠥᠯ᠎ᠦᠨ ᠲᠣᠭ᠎ᠠ ᠪᠠᠷᠢᠮᠲᠠ᠎ᠶ᠋ᠢ ᠨᠠᠷᠢᠨ ᠬᠢᠨᠠᠮᠠᠭᠠᠶ ᠲᠡᠮᠳᠡᠭ᠌ᠯᠡᠵᠦ᠍᠂ ᠱᠠᠲᠤ ᠦᠶ᠎ᠡ᠎ᠶ᠋ᠢᠨ ᠴᠢᠨᠠᠷᠲᠠᠶ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠳ᠋ᠦᠩᠨᠡᠵᠦ᠍᠂ ᠤᠨᠠᠯᠲᠠ᠎ᠶ᠋ᠢ ᠬᠡᠮᠵᠢᠬᠦ ᠠᠵᠢᠯ᠎ᠢ ᠨᠠᠷᠢᠨ ᠬᠢᠨᠠᠮᠠᠭᠠᠶ ᠵᠣᠬᠢᠶᠠᠨ ᠪᠠᠢᠭᠤᠯᠵᠤ᠂ ᠨᠠᠷᠢᠯᠢᠭ ᠪᠥᠭᠡᠳ ᠵᠢᠷᠤᠮᠵᠢᠭ᠍ᠰᠠᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠮᠡᠳᠡᠭᠦᠯᠦᠯᠲᠡ᠎ᠶ᠋ᠢ ᠪᠣᠶ ᠪᠣᠯᠭᠠᠨ᠎ᠠ᠃ ᠡᠭᠦᠨ᠎ᠦ ᠬᠠᠮᠲᠤ᠂ ᠪᠥᠲᠥᠭᠡᠨ ᠪᠠᠢᠭᠤᠯᠤᠯᠲᠠ᠎ᠶ᠋ᠢᠨ ᠵᠠᠭ᠍ᠪᠤᠷ᠎ᠤᠨ ᠲᠠᠯ᠎ᠠ᠎ᠪᠠᠷ ᠭᠣᠸ᠋ᠯᠳᠠᠯᠭ᠎ᠠ᠎ᠲᠠᠶ ᠳ᠋ᠦᠩᠨᠡᠯᠲᠡ ᠬᠢᠵᠦ᠍᠂ ᠮᠡᠷᠭᠡᠵᠢᠯ᠎ᠦᠨ ᠬᠤᠷᠠᠮᠳᠤᠯ᠎ᠤᠨ ᠲᠠᠯ᠎ᠠ᠎ᠪᠠᠷ ᠪᠣᠯᠪᠠᠰᠤᠷᠠᠭᠤᠯᠤᠨ᠂ ᠠᠵᠤ ᠠᠬᠤᠶ᠎ᠶ᠋ᠢᠨ ᠦᠷ᠎ᠡ ᠠᠱᠢᠭ᠎ᠤᠨ ᠲᠠᠯ᠎ᠠ᠎ᠪᠠᠷ ᠵᠠᠳᠠᠯᠤᠯᠲᠠ ᠨᠤᠲᠠᠯᠠᠯᠲᠠ ᠬᠢᠵᠦ᠍ ᠂ ᠲᠠᠷᠢᠶᠠᠴᠢᠳ᠎ᠢ ᠬᠥᠲᠥᠯᠦᠨ ᠵᠢᠯᠣᠭᠣᠳᠴᠤ᠌ ᠪᠠᠢᠭᠠᠳ ᠱᠢᠯᠢᠳᠡᠭ ᠡᠭᠦᠯᠳᠡᠷ᠂ ᠴᠢᠨᠠᠷ ᠰᠠᠢᠲᠠᠶ ᠪᠣᠷᠲᠣᠭᠣᠷ ᠪᠠ ᠭᠣᠸ᠋ᠯᠳᠠᠯᠭ᠎ᠠ᠎ᠲᠠᠶ ᠬᠡᠷᠡᠭ᠌ᠯᠡᠭᠡᠨ᠎ᠦ ᠮᠡᠷᠭᠡᠵᠢᠯ᠎ᠢ ᠬᠡᠷᠡᠭ᠌ᠯᠡᠭᠦᠯᠵᠦ᠍᠂ ᠲᠠᠷᠢᠶᠠᠴᠢᠳ᠎ᠢ ᠳᠠᠢᠴᠢᠯᠠᠨ ᠬᠡᠪᠴᠢᠶᠡᠵᠢᠭᠦᠯᠦᠭ᠌ᠰᠡᠨ᠂ ᠪᠠᠷᠢᠮᠵᠢᠶᠠᠵᠢᠭᠤᠯᠤᠭ᠍ᠰᠠᠨ᠂ ᠨᠠᠷᠠᠲᠤ ᠲᠡᠮᠳᠡᠭ᠌ᠴᠢᠯᠡᠭ᠌ᠰᠡᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠭᠤᠯᠵᠤ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠨ᠎ᠡ 》 ᠭᠡᠵᠦ᠍ ᠯᠢᠦ ᠵᠢᠶᠦ᠋ᠨ ᠢᠯᠡᠷᠬᠡᠢᠯᠡᠨᠠ᠃
ᠲᠦᠮᠡᠨ ᠮᠦ᠍ ᠤᠢ ᠱᠢᠭᠤᠢ ᠣᠷᠢᠬᠠᠨ ᠬᠠᠪᠤᠷ᠎ᠢ ᠤᠭᠳᠤᠨᠡ
2 ᠰᠠᠷ᠎ᠠ᠎ᠶ᠋ᠢᠨ 28 ᠤ᠋ ᠡᠳᠦᠷ᠂ ᠬᠠᠪᠤᠷ᠎ᠤᠨ ᠣᠷᠢᠨ ᠰᠠᠯᠬᠢ ᠰᠡᠪᠡᠯᠵᠡᠵᠦ᠂ ᠬᠠᠮᠣᠬ ᠪᠣᠳᠠᠰ ᠠᠮᠢᠯᠠᠨ᠎ᠠ᠃ ᠪᠠᠶᠠᠨᠨᠠᠭᠤᠷ ᠬᠤᠳᠠ᠎ᠶ᠋ᠢᠨ ᠯᠢᠨ ᠡᡁᠸ ᠲᠣᠭᠣᠷᠢᠭ᠎ᠤᠨ ᠤᠯᠤᠰ᠎ᠤᠨ ᠡᠵᠡᠩᠨᠡᠯᠲᠡ᠎ᠶ᠋ᠢᠨ ᠱᠢᠨ ᠬᠤᠸᠠ ᠤᠢ ᠱᠢᠭᠤᠢ᠎ᠶ᠋ᠢᠨ ᠲᠠᠯᠠᠪᠠᠢ᠎ᠳᠤ ᠬᠦᠷᠬᠦ᠎ᠳᠤ᠂ 《ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠵᠤ ᠪᠣᠬᠢᠷᠲᠤᠯ ᠦᠭᠡᠢ ᠬᠥᠭ᠌ᠵᠢᠯᠲᠡ᠎ᠶᠢ ᠪᠠᠷᠢᠮᠲᠠᠯᠠᠵᠦ᠂ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠨ ᠬᠦᠴᠢᠷ ᠪᠡᠷᠬᠡᠱᠢᠶᠡᠯ᠎ᠡᠴᠡ ᠬᠠᠯᠠᠰᠢᠷᠠᠬᠣ ᠦᠭᠡᠢ》ᠭᠡᠰᠡᠨ ᠬᠣᠣᠰ ᠤᠶᠠᠩᠭ᠎ᠠ ᠬᠠᠷᠠᠭᠠᠨ᠎ᠳᠦ ᠢᠯᠠ ᠲᠣᠰᠴᠣ᠂ ᠬᠣᠶᠠᠷ ᠲᠠᠯ᠎ᠠ᠎ᠪᠠᠷ ᠡᠯᠭᠦᠭ᠌ᠰᠡᠨ ᠤᠯᠠᠭᠠᠨ ᠳ᠋ᠧᠩᠯᠦ᠍ ᠥᠩᠭᠡ ᠢᠯᠭᠠᠷᠠᠵᠤ᠂ ᠪᠠᠶᠠᠷᠲᠣ ᠴᠠᠭᠠᠨ ᠰᠠᠷ᠎ᠠ᠎ᠶᠢᠨ ᠦᠨᠦᠷ ᠠᠮᠲᠠ ᠪᠡᠷ ᠪᠢᠯᠬᠠᠮ᠎ᠠ ᠪᠠᠢᠯ᠎ᠠ᠃ ᠬᠡᠳᠦᠨ ᠲᠣᠮᠣ ᠬᠡᠯᠪᠡᠷᠢ᠎ᠶ᠋ᠢᠨ ᠮᠠᠰᠢᠨ ᠨᠠᠭᠠᠰᠢ ᠴᠠᠭᠠᠰᠢ ᠰᠦᠯᠵᠢᠯᠳᠦᠵᠦ᠍᠂ ᠡᠨᠡ ᠵᠢᠯ᠎ᠦᠨ ᠨᠣᠭᠣᠭᠠᠷᠠᠭᠤᠯᠬᠤ ᠠᠵᠢᠯ ᠶ᠋ᠢᠡᠨ ᠡᠬᠢᠯᠡᠬᠦᠯᠵᠦ ᠶᠠᠭᠠᠷᠠᠯᠲᠣᠨᠠ᠃

ᠱᠢᠨ ᠬᠤᠸᠠ ᠣᠶ ᠱᠢᠭᠤᠶ᠎ᠶ᠋ᠢᠨ ᠲᠠᠯᠠᠪᠠᠶ ᠶ᠋ᠢᠨ ᠨᠥᠬᠥᠵᠦ᠍ ᠳᠠᠷᠢᠵᠦ ᠣᠢᠵᠢᠭᠣᠯᠬᠣ ᠠᠵᠢᠯ
《ᠣᠳᠣᠬᠠᠨ᠎ᠳᠤ ᠪᠢᠳᠡ ᠶᠠᠭ ᠲᠠᠯᠠᠪᠠᠶ᠎ᠶ᠋ᠢᠨ ᠡᠷᠭᠢᠨ ᠲᠣᠭᠣᠷᠢᠨ᠎ᠤ ᠣᠶ ᠱᠢᠭᠤᠶ᠎ᠶ᠋ᠢᠨ ᠪᠦᠷᠬᠦᠴᠡ ᠶ᠋ᠢᠨ ᠨᠣᠷᠮ᠎ᠠ᠎ᠪᠠᠷ ᠳᠣᠣᠷ᠎ᠠ ᠪᠠᠢᠭ᠎ᠠ ᠭᠠᠵᠠᠷ ᠲᠦ᠍ ᠨᠦᠬᠦᠵᠦ ᠲᠠᠷᠢᠵᠦ ᠣᠢᠵᠢᠭᠣᠯᠬᠣ ᠠᠵᠢᠯ ᠬᠢᠵᠦ ᠪᠣᠢ᠃ ᠡᠨᠡ ᠬᠡᠰᠡᠭ ᠭᠠᠵᠠᠷ᠎ᠤᠨ ᠲᠠᠯᠠᠪᠠᠢ 2000 ᠮᠥ᠍ ᠪᠠᠢᠵᠦ᠂ ᠡᠭᠦᠨ᠎ᠳᠦ 1500 ᠮᠥ᠍ ᠲᠤᠷᠤᠭ ᠮᠣᠳᠣᠨ᠎ᠤ ᠣᠶ ᠂ 500 ᠮᠥ᠍ ᠲᠤᠷᠤᠭ ᠪᠤᠲᠠ ᠮᠣᠳᠣᠨ᠎ᠤ ᠬᠣᠯᠢᠮᠠᠭ ᠣᠶ ᠪᠠᠭ᠍ᠲᠠᠨ᠎ᠠ 》 ᠭᠡᠵᠦ ᠤᠯᠤᠰ᠎ᠤᠨ ᠡᠵᠡᠩᠨᠡᠯᠲᠡ᠎ᠶ᠋ᠢᠨ ᠱᠢᠨ ᠬᠤᠸᠠ ᠤᠢ ᠱᠢᠭᠤᠢ᠎ᠶ᠋ᠢᠨ ᠲᠠᠯᠠᠪᠠᠢ᠎ᠶ᠋ᠢᠨ ᠳᠠᠷᠤᠭ᠎ᠠ ᠳ᠋ᠦ᠋ ᠸᠸᠨ ᠲᠠᠨᠢᠯᠴᠠᠭᠣᠯᠣᠨᠠ᠃ ᠲᠡᠷᠡ ᠄《 ᠭᠤᠷᠪᠠᠨ ᠦᠶ᠎ᠡ᠎ᠶ᠋ᠢᠨ ᠤᠢ ᠱᠢᠭᠤᠢ᠎ᠶ᠋ᠢᠨ ᠲᠠᠯᠠᠪᠠᠢ᠎ᠶ᠋ᠢᠨ ᠠᠵᠢᠯᠲᠠᠳ ᠬᠡᠲᠦᠨ ᠠᠷᠪᠠᠨ ᠵᠢᠯ᠎ᠤᠨ ᠲᠣᠷᠰᠢ ᠡᠯᠡᠰᠦ᠎ᠶᠢ ᠡᠭᠦᠷᠴᠦ᠍ ᠮᠠᠯᠲᠠᠵᠤ᠂ ᠡᠨᠲᠡ ᠢᠳᠡᠵᠦ᠍ ᠬᠣᠨᠣᠬᠯᠠᠵᠤ᠂ ᠵᠠᠯᠠᠭᠤ ᠨᠠᠰᠤ ᠪᠠ ᠬᠦᠴᠦ᠍ ᠬᠥᠯᠥᠰᠥ᠎ᠪᠡᠷ᠎ᠢᠶᠡᠨ 〈ᠡᠯᠡᠰᠦᠨ ᠴᠦᠯ᠎ᠢ ᠤᠢ ᠱᠢᠭᠤᠢ ᠪᠣᠯᠭᠠᠵᠦ᠂ ᠬᠤᠵᠢᠷᠯᠢᠭ ᠲᠠᠩ᠎ᠢ ᠰᠠᠢ᠌ᠨ ᠲᠠᠷᠢᠶᠠᠨ ᠭᠠᠵᠠᠷ ᠪᠣᠯᠭᠠᠬᠰᠠᠨ〉 ᠬᠣᠪᠢᠷᠠᠯᠲᠠ᠎ᠶᠢ ᠰᠣᠯᠢᠵᠤ ᠠᠪᠴᠢᠷᠠᠪᠠ᠃ ᠣᠳᠣᠬᠠᠨ᠎ᠳᠤ᠂ ᠤᠢ ᠱᠢᠭᠤᠢ᠎ᠶ᠋ᠢᠨ ᠲᠠᠯᠠᠪᠠᠢ᠎ᠶ᠋ᠢᠨ ᠬᠢᠨ ᠨᠡᠢ᠌ᠳᠡ 3.9 ᠲᠦᠮᠡᠨ ᠮᠦ᠍ ᠤᠢ ᠮᠣᠳᠣ ᠲᠠᠷᠢᠵᠤ᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 65%᠎ᠳᠤ ᠬᠦᠷᠦᠭᠰᠡᠨ》 ᠭᠡᠵᠦ᠍ ᠬᠡᠯᠡᠵᠦ ᠪᠠᠢᠯ᠎ᠠ᠃
2023 ᠣᠨ ᠤ᠋ 6 ᠰᠠᠷ᠎ᠠ ᠶ᠋ᠢᠨ 6 ᠤ᠋ ᠡᠳᠦᠷ ᠂ ᠶᠡᠷᠦᠩᠬᠡᠶ ᠱᠦᠵᠢ ᠰᠢ ᠵᠢᠨ ᠫᠢᠩ ᠯᠢᠨ ᠾᠧ ᠲᠣᠭᠣᠷᠢᠭ ᠤ᠋ᠨ ᠤᠯᠤᠰ ᠤ᠋ᠨ ᠡᠵᠡᠩᠨᠡᠯᠲᠡ ᠶ᠋ᠢᠨ ᠱᠢᠨ ᠬᠤᠸᠠ ᠣᠶ ᠱᠢᠭᠤᠶ ᠶ᠋ᠢᠨ ᠲᠠᠯᠠᠪᠠᠶ ᠳ᠋ᠦ ᠬᠦᠷᠴᠦ᠍ ᠂ 《 ᠤᠮᠠᠷᠠᠲᠤ ᠶ᠋ᠢᠨ ᠭᠤᠷᠪᠠᠨ ᠤᠷᠤᠨ 》 ᠤ᠋ ᠬᠠᠯᠬᠠᠪᠴᠢ ᠣᠶ ᠶ᠋ᠢᠨ ᠱᠢᠰᠲ᠋ᠧᠮ ᠤ᠋ᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠶ᠋ᠢᠨ ᠪᠠᠢᠳᠠᠯ ᠢ᠋ ᠣᠢᠯᠠᠭᠠᠪᠠ ᠃ ᠶᠡᠷᠦᠩᠬᠡᠢ ᠱᠦᠵᠢ ᠰᠢ ᠵᠢᠨ ᠫᠢᠩ ᠂ ᠬᠥᠮᠦᠨ ᠲᠥᠷᠥᠯᠬᠢᠲᠡᠨ ᠨᠡᠩ ᠰᠠᠢ᠌ᠨ ᠣᠷᠣᠱᠢᠨ ᠲᠣᠭ᠍ᠲᠠᠨᠢᠵᠤ ᠬᠥᠭ᠌ᠵᠢᠬᠦ᠌ ᠭᠡᠪᠡᠯ ᠡᠷᠬᠡᠪᠰᠢ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠬᠡᠷᠡᠭ᠌ᠲᠡᠢ ᠃ ᠡᠨᠡ ᠪᠣᠯ ᠨᠢᠭᠡᠨ ᠴᠢᠯᠠᠭᠤ ᠦᠡᠭᠬᠦᠷᠢᠭᠦᠯᠦᠨ ᠠᠭᠤᠯᠠᠨ ᠳ᠋ᠦ ᠭᠠᠷᠬᠤ ᠶᠠᠪᠤᠴᠠ ᠮᠥᠨ᠂ ᠪᠠᠭ᠎ᠠ ᠯᠠ ᠰᠤᠯᠠᠷᠠᠭ᠍ᠰᠠᠭᠠᠷ ᠯᠠ ᠳᠠᠬᠢᠨ ᠳᠠᠪᠳᠠᠨ ᠬᠢᠬᠦ ᠶᠠᠪᠤᠳᠠᠯ ᠭᠠᠷᠳᠠᠭ ᠭᠡᠵᠦ ᠴᠢᠡᠭᠭᠠᠳᠬᠠᠪᠠ᠃

ᠱᠢᠨ ᠬᠤᠸᠠ ᠤᠢ ᠱᠢᠭᠤᠢ᠎ᠶ᠋ᠢᠨ ᠲᠠᠯᠠᠪᠠᠢ᠎ᠶ᠋ᠢᠨ ᠵᠤᠨ᠎ᠤ ᠦᠵᠡᠮᠵᠢ
ᠶᠡᠷᠦᠩᠬᠡᠢ ᠱᠦᠵᠢ ᠰᠢ ᠵᠢᠨ ᠫᠢᠩ ᠤ᠋ᠨ ᠳᠣᠲᠣᠨᠣ ᠬᠠᠯᠠᠮᠵᠢᠯᠠᠯ ᠪᠠ ᠴᠢᠩ ᠰᠡᠳᠭᠢᠯ ᠤ᠋ᠨ ᠨᠠᠢᠳᠠᠯᠭ᠎ᠠ ᠨᠢ ᠤᠢ ᠱᠢᠭᠤᠢ ᠶ᠋ᠢᠨ ᠲᠠᠯᠠᠪᠠᠢ ᠶ᠋ᠢᠨ ᠺᠠᠳ᠋ᠷ ᠠᠵᠢᠯᠳᠠᠨ ᠠᠵᠢᠯᠴᠢᠨ ᠳ᠋ᠦ ᠬᠢᠵᠠᠭᠠᠯᠠᠰᠢ ᠦᠭᠡᠢ ᠬᠥᠳᠡᠯᠭᠡᠬᠦ᠌ ᠬᠦᠴᠦᠨ ᠪᠠ ᠢᠲᠡᠭᠡᠯ ᠣᠯᠭᠣᠭ᠍ᠰᠠᠨ ᠪᠥᠭᠡᠳ ᠤᠢ ᠱᠢᠭᠤᠢ ᠶ᠋ᠢᠨ ᠲᠠᠯᠠᠪᠠᠢ ᠳ᠋ᠦ ᠤᠷᠢᠳ ᠡᠮᠦᠨ᠎ᠡ ᠪᠠᠢᠭ᠎ᠠ ᠦᠭᠡᠢ ᠬᠥᠭ᠌ᠵᠢᠯᠲᠡ ᠶ᠋ᠢᠨ ᠠᠵᠠ ᠲᠣᠬᠢᠶᠠᠯ ᠣᠯᠭᠣᠪᠠ ᠃ 2023 ᠣᠨ ᠤ᠋ 6 ᠰᠠᠷ᠎ᠠ ᠶ᠋ᠢᠨ 8 ᠤ᠋ ᠡᠳᠦᠷ ᠂ ᠳᠤᠮᠳᠠᠳᠤ ᠤᠯᠤᠰ ᠤ᠋ᠨ ᠣᠶ ᠱᠢᠭᠤᠶ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠡᠯᠡᠰᠦ ᠮᠠᠩᠬ᠎ᠠ ᠣᠶ ᠱᠢᠭᠤᠶ ᠶ᠋ᠢᠨ ᠲᠤᠷᠱᠢᠯᠲᠠ ᠶ᠋ᠢᠨ ᠲᠥᠪ ᠬᠢᠭᠡᠳ ᠤᠯᠤᠰ ᠤ᠋ᠨ ᠱᠢᠨ ᠬᠤᠸᠠ ᠣᠶ ᠱᠢᠭᠤᠶ ᠶ᠋ᠢᠨ ᠲᠠᠯᠠᠪᠠᠶ 《 ᠴᠦᠯᠯᠡᠷᠭᠡᠭ᠌ᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ ᠵᠢ ᠬᠠᠮᠲᠤ ᠪᠡᠷ ᠴᠢᠩᠭᠠᠳᠭᠠᠵᠤ ᠂ 〈 ᠤᠮᠠᠷᠠᠲᠤ ᠶ᠋ᠢᠨ ᠭᠤᠷᠪᠠᠨ ᠣᠷᠣᠨ 〉 ᠤ᠋ ᠭᠤᠤᠯᠳᠠᠯᠭ᠎ᠠ᠎ᠲᠠᠶ ᠠᠮᠢ ᠠᠬᠤᠶ ᠶ᠋ᠢᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠬᠤ 》 ᠪᠥᠬᠥ᠌ ᠲᠠᠯ᠎ᠠ ᠶ᠋ᠢᠨ ᠪᠠᠢᠯᠳᠤᠬᠤ ᠪᠣᠳᠣᠯᠭ᠎ᠠ ᠶ᠋ᠢᠨ ᠬᠠᠮᠲᠤᠷᠠᠯᠴᠠᠭᠠᠨ ᠤ᠋ ᠵᠥᠪᠯᠡᠯᠴᠡᠭᠡᠷ ᠲᠣᠬᠢᠷᠠᠯᠴᠠᠪᠠ ᠃ ᠵᠥᠪᠯᠡᠯᠴᠡᠭᠡᠷ ᠢ᠋ ᠦᠨᠳᠦᠰᠦᠯᠡᠪᠡᠯ ᠂ ᠡᠯᠡᠰᠦ ᠮᠠᠩᠬ᠎ᠠ ᠣᠶ ᠱᠢᠭᠤᠶ ᠶ᠋ᠢᠨ ᠲᠤᠷᠱᠢᠯᠲᠠ ᠶ᠋ᠢᠨ ᠲᠥᠪ ᠤᠯᠤᠰ ᠤ᠋ᠨ ᠡᠵᠡᠩᠨᠡᠯᠲᠡ ᠶ᠋ᠢᠨ ᠱᠢᠨ ᠬᠤᠸᠠ ᠤᠢ ᠱᠢᠭᠤᠢ ᠶ᠋ᠢᠨ ᠲᠠᠯᠠᠪᠠᠢ ᠳ᠋ᠦ ᠪᠦᠬᠦ᠌ ᠲᠠᠯ᠎ᠠ ᠶ᠋ᠢᠨ ᠂ ᠪᠦᠬᠦ᠌ ᠶᠠᠪᠤᠴᠠ ᠶ᠋ᠢᠨ ᠂ ᠪᠦᠬᠦ᠌ ᠦᠶᠡᠯᠡᠯ ᠤ᠋ᠨ᠂ ᠪᠦᠬᠦ᠌ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠤᠯᠭᠠᠭᠤᠷᠢᠯᠠᠯ ᠤ᠋ᠨ ᠦᠢᠯᠡᠴᠢᠯᠡᠭᠡ ᠬᠠᠩᠭᠠᠵᠤ᠂ ᠬᠤᠵᠢᠷᠯᠢᠭ ᠭᠠᠵᠠᠷ ᠢ᠋ ᠶᠡᠷᠦᠩᠬᠡᠢᠯᠡᠨ ᠵᠠᠰᠠᠬᠤ ᠵᠢᠱ᠌ᠢᠢ᠎ᠡ ᠦᠵᠡᠭᠦᠯᠬᠦ᠌ ᠰᠠᠭᠤᠷᠢᠨ ᠪᠣᠯᠭᠠᠨ ᠥᠭᠡᠷᠡᠴᠢᠯᠡᠨ᠎ᠡ ᠃
《 ᠵᠥᠪᠯᠡᠯᠴᠡᠭᠡᠷ ᠲᠦ᠍ 〈 ᠱᠢᠨ ᠬᠤᠸᠠ ᠤᠢ ᠱᠢᠭᠤᠢ ᠶ᠋ᠢᠨ ᠲᠠᠯᠠᠪᠠᠢ ᠶ᠋ᠢᠨ ᠪᠦᠲᠦᠭᠡᠨ ᠪᠠᠢᠭᠤᠯᠤᠯᠲᠠ ᠶ᠋ᠢᠨ ᠲᠥᠰᠦᠯ 〉 ᠢ᠋ ᠬᠠᠮᠲᠤ ᠪᠠᠷ ᠲᠤᠭᠤᠷᠪᠢᠵᠤ ᠂ ᠲᠥᠰᠦᠯ ᠨᠢ ᠱᠢᠨ ᠬᠤᠸᠠ ᠤᠢ ᠱᠢᠭᠤᠢ ᠶ᠋ᠢᠨ ᠲᠠᠯᠠᠪᠠᠢ ᠵᠢ ᠪᠦᠬᠦ᠌ ᠤᠯᠤᠰ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠲᠤᠷᠱᠢᠯᠲᠠ ᠶ᠋ᠢᠨ ᠤᠢ ᠱᠢᠭᠤᠢ ᠶ᠋ᠢᠨ ᠲᠠᠯᠠᠪᠠᠢ ᠪᠣᠯᠭᠠᠨ ᠪᠦᠲᠦᠭᠡᠨ ᠪᠠᠢᠭᠤᠯᠬᠤ ᠪᠡᠷ ᠬᠠᠷᠠᠯᠲᠠ ᠪᠤᠯᠭᠠᠨ ᠂ ᠱᠢᠨᠵᠢᠯᠡᠬᠦ᠌ ᠤᠬᠠᠭᠠᠨᠴᠢ ᠪᠡᠷ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢᠱ᠌ᠢᠢ᠎ᠡ ᠦᠵᠡᠭᠦᠯᠬᠦ᠌ ᠰᠠᠭᠤᠷᠢᠨ ᠂ 〈 ᠬᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠮᠦᠨ〉 ᠭᠡᠬᠦ ᠤᠢᠯᠠᠭᠠᠭᠳᠠᠬᠤᠨ ᠢ᠋ ᠣᠨᠳᠣᠣᠱᠢᠭᠤᠯᠬᠤ ᠦᠢᠯᠡᠳᠦᠯᠭᠡ ᠶ᠋ᠢᠨ ᠰᠠᠭᠤᠷᠢᠨ ᠂ ᠤᠯᠤᠰ ᠤ᠋ᠨ ᠥᠮᠴᠢᠯᠡᠯ ᠤ᠋ᠨ ᠤᠢ ᠱᠢᠭᠤᠢ ᠶ᠋ᠢᠨ ᠲᠠᠯᠠᠪᠠᠢ ᠶ᠋ᠢᠨ ᠠᠭᠤᠰᠤᠯᠴᠠᠨ ᠬᠥᠭ᠌ᠵᠢᠵᠦ᠍ ᠱᠢᠨ᠎ᠡ ᠵᠢ ᠡᠭᠦᠳᠬᠦ᠌ ᠰᠠᠭᠤᠷᠢᠨ ᠂ 〈 ᠤᠮᠠᠷᠠᠲᠤ ᠶ᠋ᠢᠨ ᠭᠤᠷᠪᠠᠨ ᠣᠷᠣᠨ 〉 ᠤ᠋ ᠵᠣᠷᠢᠭ ᠰᠠᠨᠠᠭ᠎ᠠ ᠶ᠋ᠢᠨ ᠤᠬᠠᠭᠤᠯᠭ᠎ᠠ ᠬᠥᠮᠦᠵᠢᠯ ᠤ᠋ᠨ ᠰᠠᠭᠤᠷᠢᠨ ᠢ᠋ ᠪᠠᠢᠭᠤᠯᠵᠤ ᠂ ᠤᠢ ᠱᠢᠭᠤᠢ ᠶ᠋ᠢᠨ ᠲᠠᠯᠠᠪᠠᠢ ᠶ᠋ᠢᠨ ᠤᠢ ᠱᠢᠭᠤᠢ ᠶ᠋ᠢᠨ ᠪᠦᠷᠬᠦᠴᠡ ᠵᠢ ᠪᠡᠶᠡᠯᠡᠭᠦᠯᠦᠨ᠎ᠡ 》 ᠭᠡᠵᠦ ᠯᠢᠨ ᠾᠧ ᠲᠣᠭᠣᠷᠢᠭ ᠤ᠋ᠨ ᠣᠶ ᠱᠢᠭᠤᠶ ᠡᠪᠡᠰᠦ ᠪᠡᠯᠴᠢᠭᠡᠷ ᠤ᠋ᠨ ᠬᠤᠪᠢᠶᠠᠷᠢ ᠲᠣᠪᠴᠢᠶ᠎ᠠ ᠶ᠋ᠢᠨ ᠳᠡᠳ᠋ ᠳᠠᠷᠤᠭ᠎ᠠ ᠸᠠᠩ ᠶᠢᠩ ᠲᠠᠨᠢᠯᠴᠠᠭᠤᠯᠬᠤ ᠶ᠋ᠢᠨ ᠬᠠᠮᠲᠤ ᠂ 《 ᠣᠳᠣᠬᠠᠨ ᠳ᠋ᠦ ᠂ ᠪᠢᠳᠡ ᠤᠯᠤᠰ ᠤ᠋ᠨ ᠠᠮᠢ ᠠᠬᠤᠶ ᠵᠢ ᠵᠠᠰᠠᠨ ᠰᠡᠷᠭᠦᠭᠡᠬᠦ᠌ ᠲᠥᠷᠥᠯ ᠵᠦᠶ᠋ᠯ᠎ᠳᠦ ᠲᠦᠱᠢᠭ᠌ᠯᠡᠨ ᠂ ᠨᠥᠬᠥᠵᠦ᠍ ᠳᠠᠷᠢᠬᠤ ᠣᠢᠲᠤ ᠭᠠᠵᠠᠷ ᠢ᠋ ᠲᠦᠮᠡ ᠱᠢᠬᠠᠮ ᠮᠥ᠍ ᠪᠡᠶᠡᠯᠡᠭᠦᠯᠪᠡ ᠃ ᠡᠭᠦᠨ᠎ᠦ ᠬᠠᠮᠲᠤ ᠰᠦᠷᠴᠢᠨ ᠤᠰᠤᠯᠠᠬᠤ ᠲᠥᠬᠥᠭᠡᠷᠦᠮᠵᠢ ᠵᠢ ᠱᠢᠨ᠎ᠡ᠎ᠪᠡᠷ ᠤᠭᠰᠠᠷᠠᠵᠤ ᠂ ᠣᠨᠴᠠ ᠲᠣᠭ᠍ᠲᠠᠭ᠍ᠰᠠᠨ ᠮᠣᠳᠣᠨ ᠤ᠋ ᠲᠥᠷᠥᠯ᠎ᠳᠦ ᠨᠠᠷᠢᠯᠢᠭ ᠤᠰᠤᠯᠠᠯᠲᠠ ᠬᠢᠬᠦ᠌ ᠵᠢ ᠪᠡᠶᠡᠯᠡᠭᠦᠯᠪᠡ ᠃ ᠲᠠᠷᠠᠭᠠᠴᠢ ᠶ᠋ᠢᠨ ᠠᠯᠬᠤᠮ ᠳ᠋ᠦ ᠂ ᠪᠢᠳᠡ ᠦᠷᠭᠦᠯᠵᠢᠯᠡᠨ 〈 ᠤᠮᠠᠷᠠᠲᠤ ᠶ᠋ᠢᠨ ᠭᠤᠷᠪᠠᠨ ᠣᠷᠣᠨ ᠤ᠋ ᠵᠣᠷᠢᠭ ᠰᠠᠨᠠᠭ᠎ᠠ〉 ᠵᠢ ᠪᠠᠷᠢᠮᠲᠠᠯᠠᠨ ᠂ ᠡᠨᠡ ᠬᠦ᠌ ᠨᠣᠮᠢᠨ ᠨᠣᠭᠣᠭᠠᠨ ᠦᠩᠭᠡ ᠵᠢ ᠰᠠᠢᠲᠤᠷ ᠰᠠᠬᠢᠨ ᠬᠠᠮᠠᠭᠠᠯᠠᠵᠤ ᠂ ᠡᠬᠡ ᠤᠯᠤᠰ ᠤ᠋ᠨ ᠤᠮᠠᠷᠠᠲᠤ ᠶ᠋ᠢᠨ ᠨᠣᠮᠢᠨ ᠨᠣᠭᠣᠭᠠᠨ ᠰᠡᠷᠭᠡᠢᠯᠡᠯᠲᠡ ᠶ᠋ᠢᠨ ᠱᠤᠭᠤᠮ ᠢ᠋ ᠨᠡᠩ ᠪᠠᠲᠤ ᠪᠡᠬᠢ ᠪᠣᠯᠭᠠᠨ᠎ᠠ 》 ᠭᠡᠵᠦ ᠶᠠᠷᠢᠨ᠎ᠠ ᠃
ᠱᠢᠨ ᠬᠤᠸᠠ ᠤᠢ ᠱᠢᠭᠤᠢ ᠶ᠋ᠢᠨ ᠲᠠᠯᠠᠪᠠᠢ ᠶ᠋ᠢᠨ ᠬᠤᠪᠢᠰᠭᠠᠯ ᠤ᠋ᠨ ᠬᠥᠮᠦᠵᠢᠯ ᠤ᠋ᠨ ᠰᠠᠭᠤᠷᠢᠨ ᠳ᠋ᠦ ᠂ ᠯᠢᠨ ᠾᠧ ᠲᠣᠭᠣᠷᠢᠭ ᠤ᠋ᠨ ᠠᠷᠠᠳ ᠤ᠋ᠨ ᠱᠢᠭᠦᠬᠦ᠌ ᠬᠣᠷᠢᠶᠠᠨ ᠤ᠋ ᠪᠠᠢᠭᠤᠯᠭ᠎ᠠ ᠶ᠋ᠢᠨ ᠨᠠᠮ ᠤ᠋ᠨ ᠬᠤᠷᠢᠶ᠎ᠠ ᠡᠯ᠎ᠡ ᠨᠠᠮ ᠤ᠋ᠨ ᠡᠭᠦᠷ ᠵᠢᠡᠨ ᠵᠣᠬᠢᠶᠠᠨ ᠪᠠᠢᠭᠤᠯᠵᠤ ᠬᠤᠪᠢᠰᠭᠠᠯ ᠤ᠋ᠨ ᠬᠥᠮᠦᠵᠢᠯ ᠤ᠋ᠨ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠥᠷᠨᠢᠭᠦᠯᠵᠦ᠍ ᠪᠠᠢᠨ᠎ᠠ ᠃ ᠱᠢᠨ ᠬᠤᠸᠠ ᠤᠢ ᠱᠢᠭᠤᠢ ᠶ᠋ᠢᠨ ᠲᠠᠯᠠᠪᠠᠢ ᠶ᠋ᠢᠨ 《 ᠬᠤᠪᠢᠰᠭᠠᠯ ᠤ᠋ᠨ ᠤᠷᠳᠤ ᠬᠤᠩᠬᠢᠯ 》 ᠨᠢ ᠨᠠᠮ ᠤ᠋ᠨ ᠣᠢᠵᠢᠭᠤᠯᠵᠤ ᠡᠯᠡᠰᠦ ᠵᠢ ᠵᠠᠰᠠᠬᠤ ᠤᠨᠤᠯ ᠂ ᠨᠠᠮ ᠤ᠋ᠨ ᠤᠳᠤᠷᠢᠳᠤᠯᠭ᠎ᠠ ᠳᠣᠣᠷᠠᠬᠢ ᠤᠢ ᠱᠢᠭᠤᠢ ᠶ᠋ᠢᠨ ᠲᠠᠯᠠᠪᠠᠢ ᠶ᠋ᠢᠨ ᠠᠵᠢᠯᠳᠠᠨ ᠠᠵᠢᠯᠴᠢᠨ ᠪᠣᠯᠤᠨ ᠤᠯᠠᠨ ᠲᠦᠮᠡᠨ᠎ᠦ ᠱᠢᠷᠭᠠᠭᠤ ᠬᠠᠲᠠᠭᠤᠵᠢᠯᠲᠠᠢ ᠡᠯᠡᠰᠦ ᠵᠢ ᠵᠠᠰᠠᠭ᠍ᠰᠠᠨ ᠲᠡᠦᠬᠡᠨ ᠶᠠᠪᠤᠴᠠ ᠪᠡᠷ ᠭᠣᠣᠯ ᠱᠢᠵᠢᠮ ᠪᠤᠯᠭᠠᠨ ᠂ ᠨᠡᠢᠭᠡᠮ ᠨᠡᠢᠲᠡ᠎ᠳᠦ ᠬᠠᠨᠳᠤᠭᠤᠯᠤᠨ ᠬᠤᠪᠢᠰᠭᠠᠯ ᠤ᠋ᠨ ᠬᠥᠮᠦᠵᠢᠯ ᠥᠷᠨᠢᠭᠦᠯᠵᠦ᠍ ᠂ ᠳᠤᠮᠳᠠᠳᠤ ᠤᠯᠤᠰ ᠤ᠋ᠨ ᠣᠨᠴᠠᠯᠢᠭ᠎ᠲᠠᠶ ᠡᠯᠡᠰᠦᠷᠬᠡᠭ᠌ᠵᠢᠯ ᠢ᠋ ᠰᠡᠷᠭᠡᠢᠯᠡᠵᠦ᠍ ᠡᠯᠡᠰᠦ ᠵᠢ ᠵᠠᠰᠠᠬᠤ ᠵᠠᠮ ᠤ᠋ᠨ ᠱᠢᠨ ᠬᠤᠸᠠ ᠬᠤᠪᠢᠰᠭᠠᠯ ᠤ᠋ᠨ ᠬᠥᠮᠦᠵᠢᠯ ᠤ᠋ᠨ ᠰᠠᠭᠤᠷᠢᠨ ᠢ᠋ ᠪᠦᠳᠦᠭᠡᠨ ᠪᠠᠢᠭᠤᠯᠪᠠ ᠃ ᠡᠨᠡ ᠵᠢᠯ ᠂ 《ᠱᠢᠷᠭᠤᠯᠵᠢ ᠶ᠋ᠢᠨ ᠤᠢ 》 ᠶ᠋ᠢᠨ ᠲᠦᠷᠦᠯ ᠵᠦᠢᠯ ᠤ᠋ᠨ ᠶᠡᠷᠦᠩᠬᠡᠢ ᠭᠠᠵᠠᠷ ᠪᠣᠯᠤᠨ ᠱᠢᠨ ᠬᠤᠸᠠ ᠤᠢ ᠱᠢᠭᠤᠢ ᠶ᠋ᠢᠨ ᠲᠠᠯᠠᠪᠠᠢ ᠬᠠᠮᠲᠤᠷᠠᠯᠴᠠᠵᠤ ᠂ ᠳ᠋ᠠ ᠵᠦᠩ ᠪᠦᠯᠦᠭ᠌ᠯᠡᠯ᠎ᠡᠴᠡ ᠬᠠᠨᠳᠢᠪᠯᠠᠨ ᠬᠡᠷᠡᠭ᠌ᠵᠢᠭᠦᠯᠦᠭ᠌ᠰᠡᠨ 《 2024 ᠣᠨ ᠤ᠋ ᠨᠡᠢᠲᠡ ᠶ᠋ᠢᠨ ᠠᠰᠠᠷᠠᠮᠵᠢ ᠶ᠋ᠢᠨ ᠤᠢ ᠶ᠋ᠢᠨ ᠲᠦᠷᠦᠯ ᠵᠦᠢᠯ 》 ᠵᠡᠷᠭᠡ ᠠᠯᠢ ᠤᠯᠠᠨ ᠨᠡᠢᠭᠡᠮ ᠤ᠋ᠨ ᠬᠦᠷᠦᠡᠭᠭᠡ ᠴᠦ᠍ ᠱᠢᠨ ᠬᠤᠸᠠ ᠤᠢ ᠱᠢᠭᠤᠢ ᠶ᠋ᠢᠨ ᠲᠠᠯᠠᠪᠠᠢ ᠳ᠋ᠦ ᠪᠡᠯᠡ ᠤᠷᠤᠭᠤᠯᠵᠤ ᠂ ᠬᠠᠮᠲᠤ ᠪᠡᠷ ᠤᠢᠵᠢᠭᠤᠯᠬᠤ ᠠᠵᠢᠯᠯᠠᠭ᠎ᠠ ᠪᠠᠨ ᠡᠬᠢᠯᠡᠭᠦᠯᠪᠡ᠃
ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠥᠨᠳᠥᠷ ᠪᠦᠲᠦᠮᠵᠢᠲᠡᠶ ᠤᠰᠤ ᠠᠷᠪᠢᠯᠠᠨ᠎ᠠ
《ᠨᠢᠳᠤᠨᠤᠨ ᠤ᠋ 8 ᠰᠠᠷ᠎ᠠ ᠶ᠋ᠢᠨ ᠡᠬᠢ᠎ᠪᠡᠷ ᠂ ᠪᠢᠳᠡ ᠶᠡᠷᠦᠩᠬᠡᠶ ᠭᠤᠤᠯ ᠰᠤᠪᠠᠭ᠎ᠲᠤ ᠡᠯ᠎ᠡ ᠲᠥᠷᠥᠯ ᠤ᠋ᠨ ᠮᠡᠳᠡᠭᠡ ᠵᠠᠩᠭᠢ ᠴᠤᠭ᠍ᠯᠠᠭᠤᠯᠬᠤ ᠲᠥᠬᠥᠭᠡᠷᠦᠮᠵᠢ ᠵᠢ 256 ᠤᠭᠰᠠᠷᠠᠡ ᠂ 3 ᠲᠤᠬᠠᠢᠯᠠᠭ᠍ᠰᠠᠨ ᠠᠵᠢᠯ ᠤ᠋ᠨ ᠬᠡᠷᠡᠭ᠌ᠯᠡᠭᠡ ᠪᠠ ᠬᠠᠮᠢᠶᠠᠷᠤᠯᠲᠠ ᠶ᠋ᠢᠨ ᠱᠢᠰᠲ᠋ᠧᠮ ᠢ᠋ ᠨᠡᠭᠡᠭᠡᠨ ᠬᠥᠭ᠌ᠵᠢᠭᠦᠯᠵᠦ᠍ ᠂ ᠶᠡᠷᠦᠩᠬᠡᠶ ᠭᠤᠤᠯ ᠰᠤᠪᠠᠭ ᠤ᠋ᠨ ᠪᠥᠬᠥ᠌ ᠱᠤᠭᠤᠮ ᠤ᠋ᠨ ᠮᠡᠳᠡᠭᠡ ᠵᠠᠩᠭᠢᠵᠢᠯᠲᠠ ᠶ᠋ᠢᠨ ᠪᠥᠲᠥᠭᠡᠨ ᠪᠠᠢᠭᠤᠯᠤᠯᠲᠠ ᠶ᠋ᠢᠨ ᠬᠠᠷᠠᠯᠲᠠ ᠵᠢ ᠪᠡᠶᠡᠯᠡᠭᠦᠯᠦᠨ ᠂ ᠶᠡᠷᠦᠩᠬᠡᠶ ᠭᠤᠤᠯ ᠰᠤᠪᠠᠭ ᠤ᠋ᠨ ᠬᠠᠮᠢᠶᠠᠷᠤᠯᠲᠠ ᠲᠣᠬᠢᠷᠠᠭᠤᠯᠤᠯᠲᠠ ᠶ᠋ᠢᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳ᠋ᠦ ᠣᠶᠤᠨᠴᠢ ᠲᠤᠯᠭᠠᠭᠤᠷᠢᠯᠠᠯ ᠬᠠᠩᠭᠠᠪᠠ 》 ᠭᠡᠵᠦ 2 ᠰᠠᠷ᠎ᠠ ᠶ᠋ᠢᠨ 28 ᠤ᠋ ᠡᠳᠦᠷ ᠂ ᠪᠣᠷᠣᠲᠣᠬᠣᠢ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠠᠱᠢᠭ᠍ᠯᠠᠯᠲᠠ ᠶ᠋ᠢᠨ ᠬᠥᠭ᠌ᠵᠢᠯᠲᠡ ᠶ᠋ᠢᠨ ᠲᠥᠪ ᠤ᠋ᠨ ᠮᠡᠳᠡᠭᠡ ᠵᠠᠩᠭᠢᠵᠢᠯᠲᠠ ᠶ᠋ᠢᠨ ᠭᠠᠵᠠᠷ ᠤ᠋ᠨ ᠳᠠᠷᠤᠭ᠎ᠠ ᠪᠠᠢ ᠮᠢᠶᠣᠣ 《 ᠲᠣᠭᠠᠴᠢᠯᠠᠭ᠍ᠰᠠᠨ ᠶᠡᠷᠦᠩᠬᠡᠢ ᠭᠣᠣᠯ ᠰᠤᠪᠠᠭ 》 ᠤ᠋ᠨ ᠳᠡᠯᠭᠡᠴᠡ ᠵᠢ ᠬᠠᠷᠠᠵᠤ ᠬᠡᠯᠡᠨ᠎ᠡ ᠃
ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠤ᠋ ᠬᠡᠮᠵᠢᠶ᠎ᠡ ᠶ᠋ᠢᠨ ᠮᠡᠳᠡᠭᠡ ᠵᠠᠩᠭᠢᠵᠢᠯᠲᠠ ᠶ᠋ᠢᠨ ᠬᠢᠨᠠᠨ ᠬᠡᠮᠵᠢᠬᠦ᠌ ᠲᠥᠪ ᠤ᠋ᠨ 50 ᠮᠧᠲ᠋ᠷ ᠣᠷᠳᠣ ᠲᠣᠭᠠᠴᠢᠯᠠᠭ᠍ᠰᠠᠨ ᠳᠡᠯᠭᠡᠴᠡ ᠳᠡᠭᠡᠷ᠎ᠡ ᠢᠯᠡᠷᠡᠵᠦ ᠪᠠᠢᠭ᠎ᠠ 《 ᠲᠣᠭᠠᠴᠢᠯᠠᠭ᠍ᠰᠠᠨ ᠶᠡᠷᠦᠩᠬᠡᠶ ᠭᠤᠤᠯ ᠰᠤᠪᠠᠭ 》 ᠤ᠋ᠨ ᠤᠰᠤᠯᠠᠯᠲᠠ ᠶ᠋ᠢᠨ ᠠᠵᠢᠯᠯᠠᠭᠠᠨ ᠤ᠋ ᠱᠢᠶ᠋ᠳᠪᠦᠷᠢᠲᠦ ᠪᠣᠳᠣᠯᠭ᠎ᠠ ᠶ᠋ᠢᠨ ᠳᠡᠮᠵᠢᠯᠭᠡ ᠶ᠋ᠢᠨ ᠱᠢᠰᠲ᠋ᠧᠮ ᠪᠣᠯ ᠵᠥᠪᠬᠡᠨ ᠲᠡᠭᠦᠨ᠎ᠦ ᠳᠣᠲᠣᠷᠠᠬᠢ ᠨᠢᠭᠡ ᠵᠦᠶ᠋ᠯ ᠤ᠋ᠨ ᠠᠭᠤᠯᠭ᠎ᠠ ᠪᠣᠯᠤᠨ᠎ᠠ᠂ ᠡᠨᠡ ᠬᠦ᠌ ᠲᠣᠭᠠᠴᠢᠯᠠᠭ᠍ᠰᠠᠨ ᠳᠡᠯᠭᠡᠴᠡ ᠳᠡᠭᠡᠷ᠎ᠡ ᠪᠠᠰᠠ ᠂ ᠬᠠᠲᠤᠨ ᠭᠤᠤᠯ ᠤ᠋ᠨ ᠰᠠᠨ ᠱᠧᠩ ᠬᠥᠩ ᠤᠰᠤᠨ ᠠᠱᠢᠭ᠍ᠯᠠᠯᠲᠠ ᠶ᠋ᠢᠨ ᠬᠦᠶ᠋ᠰᠦ ᠪᠠᠷᠢᠯᠭ᠎ᠠ ᠶ᠋ᠢᠨ ᠲᠤᠬᠠᠶ ᠶ᠋ᠢᠨ ᠴᠠᠭ ᠤ᠋ᠨ ᠵᠢᠷᠤᠭ ᠂ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠰᠤᠪᠠᠭ ᠤ᠋ᠨ ᠬᠦᠶ᠋ᠰᠦ ᠪᠠᠷᠢᠯᠭ᠎ᠠ ᠶ᠋ᠢᠨ ᠲᠤᠬᠠᠶ ᠶ᠋ᠢᠨ ᠴᠠᠭ ᠤ᠋ᠨ ᠠᠵᠢᠯᠯᠠᠭᠠᠨ ᠤ᠋ ᠪᠠᠢᠳᠠᠯ᠂ ᠶᠡᠷᠦᠩᠬᠡᠶ ᠭᠤᠤᠯ ᠰᠤᠪᠠᠭ ᠤ᠋ᠨ 5 ᠬᠦᠶ᠋ᠰᠦ ᠪᠠᠷᠢᠯᠭ᠎ᠠ ᠶ᠋ᠢᠨ ᠠᠵᠢᠯᠯᠠᠭᠠᠨ ᠤ᠋ ᠪᠠᠢᠳᠠᠯ ᠤ᠋ᠨ ᠸᠢᠳᠢᠣ᠋ ᠂ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠤ᠋ ᠬᠡᠮᠵᠢᠶ᠎ᠡ ᠵᠢ ᠲᠣᠬᠢᠷᠠᠭᠤᠯᠬᠤ ᠱᠢᠰᠲ᠋ᠧᠮ᠂ ᠥᠪᠥᠷ ᠮᠣᠩᠭᠣᠯ ᠤ᠋ᠨ ᠬᠠᠲᠤᠨ ᠭᠤᠤᠯ ᠤ᠋ᠨ ᠲᠤᠬᠠᠶ ᠶ᠋ᠢᠨ ᠴᠠᠭ ᠤ᠋ᠨ ᠬᠠᠷᠠᠭᠠᠨ ᠳᠠᠪᠲᠠᠮᠵᠢ ᠶ᠋ᠢᠨ ᠬᠢᠨᠠᠨ ᠡᠵᠡᠮᠳᠡᠯ ᠵᠡᠷᠭᠡ ᠡᠯ᠎ᠡ ᠵᠦᠶ᠋ᠯ ᠤ᠋ᠨ ᠲᠤᠬᠠᠶ ᠶ᠋ᠢᠨ ᠴᠠᠭ ᠤ᠋ᠨ ᠬᠢᠨᠠᠨ ᠡᠵᠡᠮᠳᠡᠯ ᠤ᠋ᠨ ᠵᠢᠷᠤᠭ ᠪᠠ ᠲᠤᠬᠠᠶ ᠶ᠋ᠢᠨ ᠴᠠᠭ ᠤ᠋ᠨ ᠲᠣᠭ᠎ᠠ ᠪᠠᠷᠢᠮᠲᠠ ᠵᠢ ᠣᠯᠵᠤ ᠬᠠᠷᠠᠵᠤ ᠂ ᠲᠡᠷᠢᠭᠦᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳ᠋ᠦ ᠭᠠᠢᠬᠠᠰᠢᠷᠠᠨᠠ ᠃
ᠲᠣᠭᠠᠴᠢᠯᠠᠭ᠍ᠰᠠᠨ ᠳᠡᠯᠭᠡᠴᠡ ᠶ᠋ᠢᠨ ᠡᠮᠦᠨᠡᠬᠢ ᠠᠵᠢᠯᠯᠠᠬᠤ ᠲᠠᠪᠴᠠᠩ ᠳᠡᠭᠡᠷ᠎ᠡ᠂ ᠠᠵᠢᠯᠲᠠᠳ ᠲᠤᠰ ᠲᠤᠰ ᠤ᠋ᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍ ᠂ ᠲᠤᠰ ᠲᠤᠰ ᠤ᠋ᠨ ᠬᠠᠷᠢᠭᠤᠴᠠᠵᠤ ᠪᠠᠢᠭ᠎ᠠ ᠬᠡᠰᠡᠭ ᠵᠢᠡᠨ ᠴᠢᠩᠭ᠎ᠠ ᠠᠩᠬᠠᠷᠴᠤ᠌ ᠂ ᠪᠠᠢᠨ ᠪᠠᠢᠨ ᠦᠨᠳᠦᠰᠦᠨ ᠱᠠᠲᠤᠨ ᠤ᠋ ᠠᠵᠢᠯᠲᠠᠳ᠎ᠲᠠᠶ ᠸᠢᠳᠢᠣ᠋ ᠪᠡᠷ ᠬᠠᠷᠢᠯᠴᠠᠵᠤ ᠠᠵᠢᠯ ᠢ᠋ ᠵᠢᠭᠠᠨ ᠵᠢᠯᠣᠭᠣᠳᠤᠨ᠎ᠠ ᠃ 《 ᠡᠨᠡ ᠬᠡᠳᠦᠨ ᠡᠳᠦᠷ ᠂ ᠪᠢᠳᠡ ᠶᠠᠭ ᠤᠰᠤ ᠲᠠᠲᠠᠬᠤ᠎ᠠᠴᠠ ᠡᠮᠦᠨᠡᠬᠢ ᠪᠠᠢᠴᠠᠭᠠᠨ ᠵᠠᠰᠠᠵᠤ ᠵᠢᠭ᠍ᠰᠠᠭᠠᠨ ᠪᠠᠢᠴᠠᠭᠠᠬᠤ ᠠᠵᠢᠯ ᠢ᠋ ᠬᠢᠵᠦ᠍ ᠂ ᠸᠢᠳᠢᠣ᠋ ᠵᠢᠷᠤᠭ ᠂ ᠤᠰᠤᠨ ᠲᠦᠪᠱᠢᠨ ᠂ ᠠᠦ᠋ᠲ᠋ᠣ᠋ ᠤᠷᠤᠰᠴᠠ ᠬᠡᠮᠵᠢᠬᠦ᠌ ᠵᠡᠷᠭᠡ ᠱᠢᠰᠲ᠋ᠧᠮ ᠤ᠋ᠨ ᠬᠡᠪ ᠤ᠋ᠨ ᠠᠵᠢᠯᠯᠠᠭ᠎ᠠ ᠵᠢ ᠪᠠᠲᠤᠯᠠᠵᠤ ᠪᠠᠢᠨ᠎ᠠ 》 ᠭᠡᠵᠦ᠍ ᠮᠡᠳᠡᠭᠡ ᠵᠠᠩᠭᠢᠵᠢᠯᠲᠠ ᠶ᠋ᠢᠨ ᠭᠠᠵᠠᠷ ᠤ᠋ᠨ ᠠᠵᠢᠯᠲᠠᠨ ᠯᠢ ᠵᠠᠨ ᠴᠢᠶᠠᠩ ᠲᠠᠨᠢᠯᠴᠠᠭᠤᠯᠤᠨ᠎ᠠ ᠃
ᠥᠩᠭᠡᠷᠡᠭ᠌ᠰᠡᠨ᠎ᠳᠦ ᠂ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠳ᠋ᠦ ᠰᠤᠪᠠᠭ ᠪᠠ ᠤᠰᠤᠨ ᠠᠱᠢᠭ᠍ᠯᠠᠯᠲᠠ ᠶ᠋ᠢᠨ ᠪᠠᠷᠢᠯᠭ᠎ᠠ ᠶ᠋ᠢᠨ ᠲᠣᠭ᠎ᠠ ᠬᠡᠮᠵᠢᠶ᠎ᠡ ᠣᠯᠠᠨ ᠂ ᠲᠠᠷᠬᠠᠯᠲᠠ ᠥᠷᠭᠡᠨ ᠂ ᠤᠰᠤᠨ ᠤᠷᠤᠰᠭᠠᠯ ᠤ᠋ᠨ ᠨᠥᠬᠥᠴᠡᠯ ᠪᠤᠳᠤᠯᠢᠶᠠᠨᠲᠠᠶ ᠂ ᠤᠰᠤᠨ ᠤ᠋ ᠬᠡᠮᠵᠢᠶ᠎ᠡ ᠶᠡᠬᠡ ᠵᠡᠷᠭᠡ ᠬᠦᠴᠢᠷ ᠠᠰᠠᠭᠤᠳᠠᠯ ᠲᠤᠯᠭᠠᠷᠠᠵᠤ ᠪᠠᠢᠪᠠ ᠃ ᠡᠲᠡᠭᠡᠷ ᠠᠰᠠᠭᠤᠳᠠᠯ ᠢ᠋ ᠱᠢᠶ᠋ᠳᠪᠦᠷᠢᠯᠡᠬᠦ᠌ ᠶ᠋ᠢᠨ ᠲᠥᠯᠥᠭᠡ ᠂ ᠥᠪᠥᠷ ᠮᠣᠩᠭᠣᠯ ᠤ᠋ᠨ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠠᠱᠢᠭ᠍ᠯᠠᠯᠲᠠ ᠶ᠋ᠢᠨ ᠬᠥᠭ᠌ᠵᠢᠯᠲᠡ ᠶ᠋ᠢᠨ ᠲᠥᠪ 14 ᠵᠢᠯ ᠬᠡᠷᠡᠭ᠌ᠰᠡᠵᠦ᠍ ᠱᠢᠪᠠᠷ ᠡᠯᠡᠰᠦ ᠤᠯᠠᠨ᠎ᠲᠠᠢ ᠰᠤᠪᠠᠭ ᠤ᠋ᠨ ᠠᠦ᠋ᠲ᠋ᠣᠴᠢᠯᠠᠭ᠍ᠰᠠᠨ ᠤᠷᠤᠰᠭᠠᠯ ᠬᠡᠮᠵᠢᠬᠦ᠌ ᠱᠢᠨ᠎ᠡ ᠮᠡᠷᠭᠡᠵᠢᠯ ᠂ ᠱᠢᠨ᠎ᠡ ᠪᠤᠳᠤᠬᠤ ᠠᠷᠭ᠎ᠠ ᠶ᠋ᠢᠨ ᠣᠨᠣᠯ᠂ ᠱᠢᠨ᠎ᠡ ᠤᠷᠠᠯᠠᠯ ᠢ᠋ ᠡᠭᠦᠳᠦᠨ ᠪᠠᠢᠭᠤᠯᠵᠤ ᠂ ᠭᠤᠤᠯ ᠰᠤᠪᠠᠭ ᠤ᠋ᠨ ᠲᠣᠬᠢᠷᠠᠭᠤᠯᠤᠯᠲᠠ ᠶ᠋ᠢᠨ ᠣᠭ᠍ᠲᠣᠯᠤᠭᠠᠰᠤ ᠨᠢ ᠰᠢᠪᠠᠷ ᠡᠯᠡᠰᠦ ᠤᠯᠠᠨ᠎ᠲᠠᠢ ᠂ ᠪᠠᠯ ᠤ᠋ᠨ ᠨᠠᠯᠤᠴᠠ ᠪᠠᠭ᠎ᠠ ᠂ ᠬᠤᠪᠢᠷᠠᠯᠲᠠ ᠶᠡᠬᠡ ᠪᠠᠢᠬᠤ ᠨᠥᠬᠥᠴᠡᠯ ᠳᠤᠤᠷ᠎ᠠ ᠠᠦ᠋ᠲ᠋ᠣᠴᠢᠯᠠᠭ᠍ᠰᠠᠨ ᠣᠨᠣᠴᠠᠲᠠᠶ ᠬᠡᠮᠵᠢᠬᠦ᠌᠎ᠳᠦ ᠬᠦᠴᠢᠷ ᠠᠰᠠᠭᠤᠳᠠᠯ ᠢ᠋ ᠠᠮᠵᠢᠯᠲᠠ᠎ᠲᠠᠶ ᠱᠢᠶ᠋ᠳᠪᠦᠷᠢᠯᠡᠪᠡ ᠃
ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠵᠢ ᠡᠵᠡᠮᠳᠡᠬᠦ᠌ ᠲᠦᠷᠢᠮ ᠤ᠋ᠨ ᠱᠢᠰᠲ᠋ᠧᠮ ᠢ᠋ ᠪᠠᠢᠭᠤᠯᠤᠨ ᠲᠡᠭᠦᠯᠳᠡᠷᠵᠢᠭᠦᠯᠵᠦ᠍ ᠂ ᠤᠰᠤ ᠬᠡᠷᠡᠭ᠌ᠯᠡᠬᠦ᠌ ᠡᠷᠬᠡ ᠶ᠋ᠢᠨ ᠬᠠᠷᠢᠶᠠᠯᠠᠯ ᠢ᠋ ᠲᠣᠳᠣᠷᠬᠠᠢᠯᠠᠨ ᠂ ᠬᠠᠲᠤᠨ ᠭᠤᠤᠯ ᠤ᠋ᠨ ᠤᠰᠤᠨ ᠤ᠋ ᠡᠬᠢ ᠪᠠᠶᠠᠯᠢᠭ ᠢ᠋ ᠵᠦᠶ ᠵᠣᠬᠢᠰᠲᠠᠶ ᠳᠣᠭᠢᠷᠠᠭᠤᠯᠬᠤ ᠵᠢ ᠪᠡᠶᠡᠯᠡᠭᠦᠯᠬᠦ᠌ ᠶ᠋ᠢᠨ ᠲᠤᠰᠠᠳᠠ ᠂ 2023 ᠣᠨ ᠳ᠋ᠦ ᠂ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠠᠱᠢᠭ᠍ᠯᠠᠯᠲᠠ ᠶ᠋ᠢᠨ ᠬᠥᠭ᠌ᠵᠢᠯᠲᠡ ᠶ᠋ᠢᠨ ᠲᠥᠪ᠎ᠡᠴᠡ 《 ᠥᠪᠥᠷ ᠮᠣᠩᠭᠣᠯ ᠤ᠋ᠨ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠬᠠᠲᠤᠨ ᠭᠤᠤᠯ ᠤ᠋ᠨ ᠤᠰᠤ ᠵᠢ ᠲᠠᠲᠠᠵᠤ ᠬᠡᠷᠡᠭ᠌ᠯᠡᠬᠦ᠌ ᠡᠷᠬᠡ ᠶ᠋ᠢᠨ ᠠᠵᠢᠯ ᠤ᠋ᠨ ᠬᠡᠷᠡᠭ᠌ᠵᠢᠭᠦᠯᠬᠦ᠌ ᠲᠥᠰᠦᠯ 》 ᠢ᠋ ᠲᠣᠭ᠍ᠲᠠᠭᠠᠵᠤ ᠂ 25.35 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤ᠋ᠨ ᠤᠰᠤ ᠬᠡᠷᠡᠭ᠌ᠯᠡᠬᠦ᠌ ᠭᠦᠶ᠋ᠴᠡᠳᠭᠡᠯ ᠲᠣᠭ᠎ᠠ ᠵᠢ 2761 ᠬᠠᠮᠢᠶ᠎ᠠ ᠪᠦᠬᠦᠢ ᠨᠢᠭᠡᠴᠢ᠎ᠳᠦ ᠬᠤᠪᠢᠶᠠᠨ ᠥᠭ᠌ᠴᠦ 《ᠬᠠᠲᠤᠨ ᠭᠤᠤᠯ ᠤ᠋ᠨ ᠤᠰᠤ ᠪᠡᠷ ᠤᠰᠤᠯᠠᠯᠲᠠᠬᠢᠬᠦ ᠦᠨᠡᠮᠯᠡᠯ 》 ᠢ᠋ ᠣᠯᠭᠣᠵᠤ ᠂ ᠤᠰᠤᠯᠠᠯᠲᠠ ᠶ᠋ᠢᠨ ᠣᠷᠣᠨ ᠤ᠋ ᠲᠠᠷᠢᠶᠠᠯᠠᠩ ᠤ᠋ᠨ ᠤᠰᠤ ᠬᠠᠩᠭᠠᠬᠤ ᠬᠡᠮᠵᠢᠯᠲᠡ ᠶ᠋ᠢᠨ ᠠᠷᠭ᠎ᠠ ᠵᠠᠮ ᠢ᠋ ᠪᠦᠷᠢᠨ ᠪᠥᠷᠬᠥᠭᠦᠯᠬᠦ᠌ ᠵᠢ ᠪᠡᠶᠡᠯᠡᠭᠦᠯᠪᠡ ᠃

《ᠲᠣᠭᠠᠨ᠎ᠤ ᠶᠡᠷᠦᠩᠬᠡᠶ ᠰᠤᠪᠠᠭ 》 ᠤ᠋ᠨ ᠤᠰᠤᠯᠠᠯᠲᠠ᠎ᠶ᠋ᠢᠨ ᠠᠵᠢᠯᠯᠠᠭᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠱᠢᠰᠲ᠋ᠧᠮ
ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ᠎ᠤ ᠣᠲᠣ ᠵᠢᠨ ᠬᠠᠲᠤᠨ ᠭᠤᠤᠯ ᠡᠴᠡ ᠤᠰᠤ ᠲᠠᠲᠠᠬᠤ ᠤᠰᠤᠯᠠᠯᠲᠠ ᠶ᠋ᠢᠨ ᠲᠠᠯᠠᠪᠠᠶ 1154 ᠲᠦᠮᠡᠨ ᠮᠥ᠍ ᠳ᠋ᠦ ᠬᠦᠷᠴᠦ ᠂ ᠪᠥᠬᠥ᠌ ᠤᠯᠤᠰ ᠤ᠋ᠨ 3 ᠣᠨᠴᠠ ᠲᠣᠮᠣ ᠬᠡᠯᠪᠡᠷᠢ ᠶ᠋ᠢᠨ ᠤᠰᠤᠯᠠᠯᠲᠠ ᠶ᠋ᠢᠨ ᠣᠷᠣᠨ ᠤ᠋ ᠨᠢᠭᠡ ᠪᠣᠯᠤᠨ᠎ᠠ ᠂ 2019 ᠣᠨ ᠳ᠋ᠦ᠂ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠳᠡᠯᠡᠬᠡᠶ ᠶ᠋ᠢᠨ ᠤᠰᠤᠯᠠᠯᠲᠠ ᠶ᠋ᠢᠨ ᠢᠨᠵᠧᠨᠧᠷᠢᠩ ᠤ᠋ᠨ ᠥᠪ ᠤ᠋ᠨ ᠨᠡᠷᠡᠰ ᠲᠦ᠍ ᠠᠮᠵᠢᠯᠲᠠ᠎ᠲᠠᠶ ᠰᠣᠩᠭᠣᠭ᠍ᠳᠠᠵᠤ ᠂ 2023 ᠣᠨ ᠳ᠋ᠦ ᠳᠤᠮᠳᠠᠳᠤ ᠤᠯᠤᠰ ᠤ᠋ᠨ ᠤᠰᠤᠯᠠᠯᠲᠠ ᠶ᠋ᠢᠨ ᠣᠷᠣᠨ ᠤ᠋ ᠨᠡᠢᠭᠡᠮᠯᠢᠭ ᠡᠴᠡ 《 ᠤᠰᠤ ᠠᠷᠪᠢᠯᠠᠬᠤ ᠬᠡᠯᠪᠡᠷᠢ ᠶ᠋ᠢᠨ ᠵᠢᠱ᠌ᠢᠶ᠎ᠡ ᠦᠵᠡᠭᠦᠯᠬᠦ᠌ ᠤᠰᠤᠯᠠᠯᠲᠠ ᠶ᠋ᠢᠨ ᠣᠷᠣᠨ 》 ᠤ᠋ ᠴᠣᠯᠠ ᠣᠯᠭᠣᠪᠠ ᠃
2023 ᠣᠨ ᠤ᠋ 6 ᠰᠠᠷ᠎ᠠ ᠶ᠋ᠢᠨ 6 ᠤ᠋ ᠡᠳᠦᠷ ᠂ ᠶᠡᠷᠦᠩᠬᠡᠶ ᠱᠦᠵᠢ ᠰᠢ ᠵᠢᠨ ᠫᠢᠩ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠤ᠋ ᠬᠡᠮᠵᠢᠶ᠎ᠡ ᠶ᠋ᠢᠨ ᠮᠡᠳᠡᠭᠡ ᠵᠠᠩᠭᠢᠵᠢᠯᠲᠠ ᠶ᠋ᠢᠨ ᠬᠢᠨᠠᠨ ᠬᠡᠮᠵᠢᠬᠦ᠌ ᠲᠥᠪ ᠲᠦ᠍ ᠱᠢᠨᠵᠢᠯᠡᠨ ᠪᠠᠢᠴᠠᠭᠠᠬᠤ᠎ᠳᠠᠭᠠᠨ ᠄《 ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠤᠰᠤᠯᠠᠯᠲᠠ ᠶ᠋ᠢᠨ ᠢᠨᠵᠧᠨᠧᠷᠢᠩ ᠪᠣᠯ ᠮᠢᠩᠭᠠᠨ ᠣᠨ ᠤ᠋ ᠰᠠᠭᠤᠷᠢ ᠦᠶ᠋ᠯᠡᠰ ᠮᠥᠨ ᠂ ᠮᠠᠰᠢ ᠶᠡᠬᠡ ᠬᠦᠴᠦ᠍ ᠵᠠᠷᠤᠴᠠᠭᠤᠯᠤᠭᠰᠠᠨ ᠪᠦᠭᠡᠳ ᠮᠠᠰᠢ ᠦᠨ᠎ᠡ ᠦᠷᠲᠡᠭ ᠲᠠᠢ ᠶᠤᠮ ᠃ ᠦᠷᠭᠦᠯᠵᠢᠯᠡᠨ ᠲᠡᠭᠦᠯᠳᠡᠷᠵᠢᠭᠦᠯᠦᠨ ᠳᠡᠭᠡᠭ᠌ᠰᠢᠯᠡᠭᠦᠯᠵᠦ᠍ ᠂ ᠱᠢᠨᠵᠢᠯᠡᠬᠦ᠌ ᠤᠬᠠᠭᠠᠨᠴᠢ ᠪᠡᠷ ᠤᠰᠤ ᠬᠤᠪᠢᠶᠠᠨ ᠲᠣᠬᠢᠷᠠᠭᠤᠯᠬᠤ ᠲᠦᠪᠱᠢᠨ ᠢ᠋ ᠳᠡᠭᠡᠭ᠌ᠰᠢᠯᠡᠭᠦᠯᠬᠦ᠌ ᠬᠡᠷᠡᠭ᠌ᠲᠡᠶ ᠃ ᠡᠭᠦᠨ᠎ᠦ ᠵᠡᠷᠭᠡ ᠪᠡᠷ ᠣᠷᠣᠯᠭ᠎ᠠ᠎ᠪᠠᠨ ᠦᠨᠳᠦᠰᠦᠯᠡᠨ ᠵᠠᠷᠤᠯᠭ᠎ᠠ᠎ᠪᠠᠨ ᠲᠣᠬᠢᠷᠠᠭᠤᠯᠵᠤ᠂ ᠣᠯᠠᠨ ᠡᠱᠢᠵᠢᠭ᠌ᠰᠡᠨ ᠣᠷᠣᠭᠤᠯᠤᠯᠲᠠ ᠶ᠋ᠢᠨ ᠲᠣᠭ᠍ᠲᠠᠴᠠ ᠵᠢ ᠪᠠᠢᠭᠤᠯᠵᠤ ᠂ ᠨᠡᠢᠭᠡᠮ ᠤ᠋ᠨ ᠬᠦᠴᠦᠨ᠎ᠦ ᠤᠷᠤᠯᠴᠠᠯᠭ᠎ᠠ ᠵᠢ ᠠᠯᠢ ᠴᠢᠳᠠᠬᠤ ᠪᠡᠷ ᠳᠠᠢᠴᠢᠯᠠᠬᠤ ᠬᠡᠷᠡᠭ᠌ᠲᠡᠶ》 ᠭᠡᠵᠦ ᠴᠢᠡᠭᠭᠠᠳᠬᠠᠪᠠ ᠃
《 ᠢᠷᠡᠭᠡᠳᠦᠢ᠎ᠳᠦ ᠂ ᠪᠣᠷᠣᠲᠣᠬᠣᠢ ᠶ᠋ᠢᠨ ᠤᠰᠤᠯᠠᠯᠲᠠ ᠶ᠋ᠢᠨ ᠣᠷᠣᠨ ᠦᠷᠭᠦᠯᠵᠢᠯᠡᠨ ᠤᠰᠤ ᠬᠡᠷᠡᠭ᠌ᠯᠡᠬᠦ᠌ ᠭᠦᠢᠴᠡᠳᠭᠡᠯ ᠲᠣᠭ᠎ᠠ ᠵᠢ ᠨᠠᠷᠢᠯᠢᠬ᠍ᠵᠢᠭᠤᠯᠤᠨ ᠬᠤᠪᠢᠶᠠᠷᠢᠯᠠᠬᠤ ᠪᠠ ᠡᠷᠦᠬᠡ᠎ᠳᠦ ᠬᠦᠷᠲᠡᠯ᠎ᠡ ᠬᠠᠮᠢᠶᠠᠷᠬᠤ ᠲᠤᠷᠱᠢᠯᠲᠠ ᠶ᠋ᠢᠨ ᠴᠡᠭ ᠤ᠋ᠨ ᠰᠤᠳᠤᠯᠭᠠᠨ ᠢ᠋ ᠭᠦᠨᠵᠡᠭᠡᠢᠷᠡᠭᠦᠯᠵᠦ᠍ ᠂ ᠤᠰᠤ ᠠᠷᠪᠢᠯᠠᠬᠤ ᠳᠠᠯᠳᠠ ᠬᠦᠴᠦᠨ ᠢ᠋ ᠤᠯᠠᠮ ᠴᠢᠨᠠᠭ᠍ᠰᠢᠳᠠ ᠳᠡᠭᠡᠭ᠌ᠰᠢᠯᠡᠭᠦᠯᠬᠦ᠌ ᠵᠢ ᠠᠬᠢᠭᠤᠯᠤᠨ᠎ᠠ ᠃ ᠬᠡᠷᠡᠭ᠌ᠯᠡᠭ᠌ᠴᠢᠳ ᠤ᠋ᠨ ᠤᠰᠤ ᠠᠷᠪᠢᠯᠠᠬᠤ ᠰᠠᠨᠠᠭᠠᠴᠢᠯᠠᠭᠠᠲᠤ ᠴᠢᠨᠠᠷ ᠢ᠋ ᠬᠥᠭ᠌ᠵᠢᠭᠡᠬᠦ᠌᠎ᠪᠡᠷ ᠳᠠᠮᠵᠢᠭᠤᠯᠤᠨ᠂ ᠤᠰᠤᠨ ᠤ᠋ ᠡᠬᠢ ᠪᠠᠶᠠᠯᠢᠭ ᠤ᠋ᠨ ᠲᠠᠸᠠᠷᠴᠢᠯᠠᠯᠲᠠ ᠵᠢ ᠠᠬᠢᠭᠤᠯᠵᠤ ᠂ ᠶᠡᠬᠡ ᠬᠡᠪᠴᠢᠶᠡᠨ᠎ᠦ ᠠᠵᠢᠯ ᠲᠥᠷᠥᠯ ᠠᠯᠤᠰᠯᠠᠭ᠍ᠰᠠᠨ ᠤᠰᠤᠨ ᠤ᠋ ᠡᠷᠬᠡ ᠶ᠋ᠢᠨ ᠠᠷᠠᠯᠵᠢᠶ᠎ᠠ ᠵᠢ ᠪᠡᠶᠡᠯᠡᠭᠦᠯᠵᠦ᠍ ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠲᠠᠷᠢᠶᠠᠯᠠᠩ ᠤ᠋ᠨ ᠤᠰᠤ ᠠᠷᠪᠢᠯᠠᠬᠤ ᠤᠰᠤ ᠡᠵᠡᠮᠳᠡᠬᠦ᠌᠎ᠳᠦ ᠱᠢᠨ᠎ᠡ ᠰᠡᠳᠭᠢᠮᠵᠢ ᠪᠠ ᠳᠡᠯᠭᠡᠷᠡᠭᠦᠯᠵᠦ᠍ ᠪᠣᠯᠬᠤ ᠵᠠᠭ᠍ᠪᠤᠷ ᠢ᠋ ᠬᠠᠩᠭᠠᠨ᠎ᠠ 》 ᠭᠡᠵᠦ᠍ ᠪᠣᠷᠣᠲᠣᠬᠣᠢ ᠶ᠋ᠢᠨ ᠤᠰᠤᠯᠠᠯᠲᠠ ᠶ᠋ᠢᠨ ᠣᠷᠣᠨ ᠤ᠋ ᠤᠰᠤᠨ ᠠᠱᠢᠭ᠍ᠯᠠᠯᠲᠠ ᠶ᠋ᠢᠨ ᠬᠥᠭ᠌ᠵᠢᠯᠲᠡ ᠶ᠋ᠢᠨ ᠲᠥᠪ ᠤ᠋ᠨ ᠤᠰᠤ ᠬᠠᠩᠭᠠᠬᠤ ᠤᠰᠤ ᠵᠠᠯᠠᠬᠤ ᠬᠠᠮᠢᠶᠠᠷᠤᠯᠲᠠ ᠶ᠋ᠢᠨ ᠭᠠᠵᠠᠷ ᠤ᠋ᠨ ᠳᠡᠳ᠋ ᠳᠠᠷᠤᠭ᠎ᠠ ᠵᠧᠦ ᠶᠢᠦ ᠸᠸᠨ ᠬᠡᠯᠡᠨ᠎ᠡ ᠃
ᠪᠤᠬᠢᠷᠳᠤᠯ ᠦᠭᠡᠢ ᠡᠨ᠋ᠸᠷᠬᠢ ᠡᠷᠴᠢᠮ ᠲᠠᠢ ᠬᠦᠭᠵᠢᠨ᠎ᠠ
《2023 ᠣᠨ ᠤ᠋ ᠰᠡᠭᠦᠯᠴᠢ ᠪᠣᠯᠲᠠᠯ᠎ᠠ ᠂ ᠺᠣᠮᠫᠠᠨᠢ ᠶ᠋ᠢᠨ ᠪᠠᠢᠭᠤᠯᠵᠤ ᠪᠠᠢᠭ᠎ᠠ ᠵᠢᠴᠢ ᠠᠰᠢᠭ᠍ᠯᠠᠯᠲᠠ ᠳ᠋ᠦ ᠣᠷᠣᠭᠤᠯᠤᠭᠰᠠᠨ ᠮᠥᠬᠥᠯᠢᠭᠲᠦ ᠴᠠᠬᠢᠭᠤᠷ ᠤ᠋ᠨ ᠦᠢᠯᠡᠳᠪᠦᠷᠢᠯᠡᠯ᠎ᠤᠨ ᠴᠢᠳᠠᠪᠤᠷᠢ ᠨᠢᠭᠡᠨᠲᠡ 42 ᠲᠦᠮᠡᠨ ᠲᠣᠨ ᠳ᠋ᠦ ᠬᠦᠷᠴᠦ ᠂ ᠦᠢᠯᠡᠳᠪᠦᠷᠢᠯᠡᠭᠰᠡᠨ ᠬᠡᠮᠵᠢᠶ᠎ᠡ 36 ᠰᠢᠬᠠᠮ ᠲᠦᠮᠡᠨ ᠲᠣᠨ ᠳ᠋ᠦ ᠬᠦᠷᠴᠡᠢ ᠂ ᠬᠥᠬᠡᠬᠣᠲᠠ᠎ᠳᠡᠬᠢ ᠰᠠᠭᠤᠷᠢᠨ ᠡᠴᠡ ᠭᠠᠳᠠᠨ᠎ᠠ ᠂ ᠰᠢᠤᠢ᠍ᠢᠵᠸᠤ ᠂ ᠯᠧᠱᠠᠨ ᠂ ᠪᠤᠭᠤᠲᠤ᠎ᠳᠠᠬᠢ ᠮᠥᠬᠥᠯᠢᠭᠲᠦ ᠴᠠᠬᠢᠭᠤᠷ ᠤ᠋ᠨ ᠦᠢᠯᠡᠳᠪᠦᠷᠢᠯᠡᠯ ᠤ᠋ᠨ ᠰᠠᠭᠤᠷᠢᠨ ᠨᠢ ᠴᠥᠮ ᠬᠦᠢᠴᠡᠳ ᠦᠢᠯᠡᠳᠪᠦᠷᠢᠯᠡᠵᠦ ᠪᠦᠬᠦᠨ᠎ᠢ ᠪᠣᠷᠤᠯᠠᠭᠤᠯᠵᠦ ᠂ ᠢᠯᠠᠩᠭᠤᠶ᠎ᠠ ᠺᠣᠮᠫᠠᠨᠢ ᠶ᠋ᠢᠨ ᠣᠳᠣᠬᠠᠨ ᠳ᠋ᠦ N ᠬᠡᠯᠪᠡᠷᠢ ᠶ᠋ᠢᠨ ᠲᠠᠯᠠᠰᠲᠤ ᠳ᠋ᠦ ᠬᠡᠷᠡᠭᠯᠡᠬᠦ ᠮᠥᠬᠥᠯᠢᠭᠲᠦ ᠴᠠᠬᠢᠭᠤᠷ ᠤ᠋ᠨ ᠡᠵᠡᠯᠡᠬᠦ ᠬᠠᠷᠢᠴᠠᠯ ᠨᠢᠭᠡᠨᠲᠡ 60% — 70% ᠳ᠋ᠦ ᠬᠦᠷᠦᠭᠰᠡᠨ ᠪᠣᠯᠪᠠᠴᠤ ᠬᠠᠩᠭᠠᠯᠭ᠎ᠠ ᠨᠢ ᠮᠦᠨ ᠯᠡ ᠬᠡᠷᠡᠭᠴᠡᠭᠡ᠎ᠳᠡᠭᠡᠨ ᠬᠦᠷᠬᠦ ᠦᠭᠡᠢ ᠪᠠᠢᠳᠠᠯ ᠳ᠋ᠦ ᠣᠷᠣᠰᠢᠵᠤ ᠪᠠᠢᠨ᠎ᠠ》ᠬᠡᠵᠦ ᠰᠢᠶᠸ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠺᠤᠮᠫᠠᠨᠢ ᠶ᠋ᠢᠨ ᠲᠤᠰᠠᠯᠠᠭ᠍ᠴᠢ ᠳᠡᠳ᠋ ᠶᠡᠷᠦᠩᠬᠡᠢ ᠵᠠᠬᠢᠷᠤᠯ ᠰᠥᠩ ᠬᠤᠤ ᠳᠠᠨᠢᠯᠴᠠᠭᠤᠯᠤᠨ᠎ᠠ ᠃

ᠠᠵᠢᠯᠴᠢᠳ ᠶᠠᠭᠠᠷᠠᠯᠳᠠᠢ ᠠᠵᠢᠯᠯᠠᠵᠦ ᠪᠠᠢᠭ᠎ᠠ ᠨᠢ
ᠰᠢᠶᠧ ᠰᠢᠨ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ ᠤ᠋ᠨ ᠺᠤᠮᠫᠠᠨᠢ ᠶ᠋ᠢᠨ 10 ᠲᠦᠮᠡᠨ ᠲᠣᠨ ᠤ᠋ ᠮᠥᠬᠥᠯᠢᠭᠲᠦ ᠴᠠᠬᠢᠭᠤᠷ ᠤ᠋ᠨ ᠲᠦᠷᠦᠯ ᠵᠦᠢᠯ ᠪᠣᠯ ᠬᠥᠬᠡᠬᠣᠲᠠ ᠶ᠋ᠢᠨ ᠪᠣᠢᠵᠢᠭᠤᠯᠤᠭᠰᠠᠨ ᠵᠢᠷᠭᠤᠭᠠᠨ ᠶᠡᠬᠡ ᠠᠵᠤ ᠦᠢᠯᠡᠰ ᠤ᠋ᠨ ᠪᠦᠯᠦᠭᠵᠢᠯ ᠤ᠋ᠨ ᠭᠣᠣᠯᠳᠠᠯᠭ᠎ᠠ᠎ᠲᠠᠢ ᠲᠦᠷᠦᠯ ᠵᠦᠢᠯ ᠤ᠋ᠨ ᠨᠢᠭᠡ ᠪᠣᠯᠣᠨ᠎ᠠ ᠃ ᠲᠥᠷᠥᠯ ᠵᠦᠢᠯ ᠨᠢ ᠨᠡᠶ᠋ᠢᠲᠡ 5 ᠦᠢᠯᠡᠳᠪᠦᠷᠢᠯᠡᠯ ᠤ᠋ᠨ ᠱᠤᠭᠤᠮ᠎ᠲᠠᠢ ᠂ 2023 ᠣᠨ ᠤ᠋ 9 ᠰᠠᠷ᠎ᠠ ᠶ᠋ᠢᠨ 21 ᠤ᠋ ᠡᠳᠦᠷ ᠂ ᠠᠩᠬᠠᠳᠠᠭ᠍ᠴᠢ 2 ᠲᠦᠮᠡᠨ ᠲᠣᠨ ᠤ᠋ ᠦᠢᠯᠡᠳᠪᠦᠷᠢᠯᠡᠯ ᠤ᠋ᠨ ᠱᠤᠭᠤᠮ ᠠᠰᠢᠭ᠍ᠯᠠᠯᠲᠠ ᠳ᠋ᠦ ᠣᠷᠣᠵᠤ ᠂ ᠪᠥᠬᠥ ᠪᠥᠮᠪᠥᠷᠴᠡᠭ ᠤ᠋ᠨ ᠠᠷᠪᠠᠨ ᠲᠦᠮᠡᠨ ᠲᠣᠨ ᠤ᠋ ᠲᠠᠰ ᠤ᠋ᠨ ᠣᠯᠠᠨ ᠲᠠᠯᠠᠰᠲᠤ ᠴᠠᠬᠢᠭᠤᠷ ᠤ᠋ᠨ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢᠨ ᠬᠤᠷᠳᠤᠴᠠ ᠶ᠋ᠢᠨ ᠲᠡᠮᠳᠡᠭᠯᠡᠯ᠎ᠢ ᠰᠢᠨᠡᠳᠬᠡᠪᠡ ᠃
2023 ᠣᠨ ᠤ᠋ 6 ᠰᠠᠷ᠎ᠠ ᠶ᠋ᠢᠨ 7 ᠤ᠋ ᠡᠳᠦᠷ ᠂ ᠶᠡᠷᠦᠩᠬᠡᠢ ᠱᠦᠵᠢ ᠰᠢ ᠵᠢᠨ ᠫᠢᠩ ᠵᠦᠩ ᠬᠤᠸᠠᠨ ᠠᠵᠤ ᠦᠢᠯᠡᠰ ᠤ᠋ᠨ ᠬᠦᠷᠢᠶᠡᠯᠡᠩ ᠳ᠋ᠦ ᠰᠢᠨᠵᠢᠯᠡᠨ ᠪᠠᠢᠴᠠᠭᠠᠵᠤ ᠂ ᠬᠣᠶᠠᠷ 《ᠨᠡᠯᠢᠶᠡᠳ ᠰᠠᠢᠨ》 ᠵᠢᠡᠷ ᠬᠦᠷᠢᠶᠡᠯᠡᠩ ᠲᠣᠭᠣᠷᠢᠭ᠋ ᠤ᠋ᠨ ᠬᠥᠭᠵᠢᠯᠲᠡ ᠵᠢ ᠨᠤᠲᠠᠯᠠᠵᠤ ᠂ ᠥᠪᠥᠷ ᠮᠣᠩᠭᠣᠯ ᠤ᠋ᠨ ᠡᠨᠧᠷᠭᠢ ᠶ᠋ᠢᠨ ᠠᠵᠤ ᠠᠬᠤᠢ ᠶ᠋ᠢᠨ ᠬᠥᠭᠵᠢᠯᠲᠡ ᠳ᠋ᠦ ᠴᠢᠭᠯᠡᠯ᠎ᠢ ᠵᠢᠭᠠᠵᠤ ᠥᠭᠪᠡ ᠃
《ᠶᠡᠷᠦᠩᠬᠡᠢ ᠱᠦᠵᠢ〈ᠠᠵᠤ ᠠᠬᠤᠢᠯᠠᠯ ᠪᠠ ᠬᠦᠷᠢᠶᠡᠯᠡᠩ ᠲᠣᠭᠣᠷᠢᠭ᠋᠎ᠢ ᠨᠡᠯᠢᠶᠡᠳ ᠰᠠᠢᠨ ᠡᠷᠬᠢᠯᠡᠵᠤ ᠪᠠᠢᠨ᠎ᠠ ᠂ ᠦᠵᠡᠭᠡᠳ ᠮᠠᠰᠢ ᠤᠷᠮ᠎ᠠ᠎ᠲᠠᠢ ᠪᠠᠢᠨ᠎ᠠ〉 ᠭᠡᠵᠦ ᠬᠣᠶᠠᠷ ᠤᠳᠠᠭ᠎ᠠ ᠳᠤᠷᠠᠳᠤᠭᠰᠠᠨ ᠪᠥᠭᠡᠳ〈ᠪᠣᠬᠢᠷᠲᠤᠯ ᠦᠭᠡᠢ ᠬᠥᠭᠵᠢᠯᠲᠡ ᠶ᠋ᠢᠨ ᠵᠠᠮ ᠪᠤᠯ ᠵᠠᠪᠠᠯ ᠶᠠᠪᠤᠬᠤ ᠵᠠᠮ ᠮᠥᠨ〉 ᠭᠡᠵᠦ ᠴᠢᠬᠤᠯᠠᠴᠢᠯᠠᠪᠠ ᠃ ᠤᠯᠠᠮᠵᠢᠯᠠᠯᠲᠤ ᠡᠨᠧᠷᠭᠢ ᠶ᠋ᠢᠨ ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠵᠤ ᠂ ᠪᠣᠬᠢᠷᠲᠤᠯ ᠦᠭᠡᠢ ᠡᠨᠧᠷᠭᠢ ᠵᠢ ᠶᠡᠬᠡᠪᠡᠷ ᠬᠥᠭᠵᠢᠭᠦᠯᠵᠦ ᠂ ᠤᠯᠤᠰ ᠤ᠋ᠨ ᠴᠢᠬᠤᠯᠠ ᠡᠨᠧᠷᠭᠢ ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠣᠯ ᠤ᠋ᠨ ᠬᠥᠭᠵᠢᠯᠲᠡ ᠶ᠋ᠢᠨ ᠭᠣᠣᠯᠳᠠᠯᠭ᠎ᠠ ᠶ᠋ᠢᠨ ᠳᠣᠲᠣᠷᠠᠬᠢ ᠭᠣᠣᠯᠳᠠᠯᠭ᠎ᠠ ᠪᠣᠯᠣᠨ᠎ᠠ ᠃ ᠡᠨᠡ ᠲᠠᠯ᠎ᠠ᠎ᠪᠠᠷ ᠥᠪᠥᠷ ᠮᠣᠩᠭᠣᠯ ᠤ᠋ᠨ ᠴᠢᠭᠯᠡᠯ ᠲᠣᠳᠣᠷᠬᠠᠢ ᠂ ᠵᠠᠮ ᠵᠥᠪ ᠂ ᠢᠷᠡᠭᠡᠳᠦᠢ ᠰᠠᠢᠨ ᠂ ᠶᠡᠬᠡ ᠦᠢᠯᠡᠰ ᠪᠦᠳᠦᠭᠡᠬᠦ ᠰᠠᠷᠠᠭᠤᠯ ᠢᠷᠡᠭᠡᠳᠦᠢ᠎ᠲᠠᠢ ᠶᠤᠮ ᠃ 〉᠂〈 ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠳ᠋ᠦ ᠲᠦᠰᠢᠭᠯᠡᠨ ᠪᠡᠶ᠎ᠡ᠎ᠪᠡᠨ ᠳᠠᠭᠠᠭᠠᠨ ᠬᠦᠴᠦᠷᠬᠡᠭᠵᠢᠵᠦ ᠂ ᠰᠢᠨ᠎ᠡ ᠬᠥᠭᠵᠢᠯᠲᠡ ᠶ᠋ᠢᠨ ᠪᠠᠢᠷᠢᠰᠢᠯ᠎ᠢ ᠪᠣᠶ ᠪᠣᠯᠭᠠᠵᠤ ᠪᠠᠢᠭᠠᠳ ᠰᠢᠨᠵᠢᠯᠡᠬᠦ ᠤᠬᠠᠭᠠᠨ ᠮᠡᠷᠭᠡᠵᠢᠯ ᠤ᠋ᠨ ᠪᠡᠷᠬᠡ ᠪᠣᠭᠣᠮᠲᠠ ᠵᠢ ᠰᠢᠪᠳᠤᠯᠬᠤ ᠬᠡᠷᠡᠭᠲᠡᠢ ᠃〉 ᠪᠢ ᠵᠣᠯ᠎ᠢᠶᠠᠷ ᠶᠡᠷᠦᠩᠬᠡᠢ ᠱᠦᠵᠢ ᠶ᠋ᠢᠨ ᠴᠢᠬᠤᠯᠠ ᠶᠠᠷᠢᠶ᠎ᠠ ᠵᠢ ᠲᠤᠬᠠᠢ ᠶ᠋ᠢᠨ ᠲᠠᠯᠠᠪᠠᠢ ᠳ᠋ᠦ ᠰᠣᠨᠣᠰᠤᠭᠠᠳ ᠲᠤᠢᠯ᠎ᠢᠶᠠᠷ ᠤᠷᠮᠠᠰᠢᠨ ᠵᠣᠷᠢᠭ᠍ᠵᠢᠵᠤ ᠂ ᠡᠭᠦᠷᠭᠡᠯᠡᠵᠦ ᠪᠠᠢᠭ᠎ᠠ ᠬᠦᠨᠳᠦ ᠡᠭᠦᠷᠭᠡ᠎ᠪᠡᠨ ᠴᠦ᠍ ᠰᠡᠷᠡᠵᠦ ᠮᠡᠳᠡᠪᠡ》 ᠭᠡᠵᠦ ᠥᠪᠥᠷ ᠮᠣᠩᠭᠣᠯ ᠤ᠋ᠨ ᠵᠥᠩ ᠬᠤᠸᠠᠨ ᠲᠠᠯᠠᠰᠲᠤ ᠮᠠᠲᠧᠷᠢᠶᠠᠯ ᠤ᠋ᠨ ᠬᠢᠵᠠᠭᠠᠷᠲᠤ ᠺᠣᠮᠫᠠᠨᠢ ᠶ᠋ᠢᠨ ᠪᠣᠯᠪᠠᠰᠤᠷᠠᠭᠤᠯᠤᠭ᠍ᠴᠢ ᠳ᠋ᠦᠩ ᠫᠸᠩ ᠹᠧᠢ ᠲᠤᠬᠠᠢ ᠶ᠋ᠢᠨ ᠦᠶ᠎ᠡ ᠶ᠋ᠢᠨ ᠪᠠᠢᠳᠠᠯ᠎ᠢ ᠲᠣᠪ ᠲᠣᠳᠣᠷᠬᠠᠢ ᠴᠡᠭᠡᠵᠢᠯᠡᠭᠰᠡᠭᠡᠷ ᠪᠠᠢᠪᠠ ᠃

ᠰᠠᠨ ᠱᠧᠩ ᠬᠦᠩ᠎ᠦᠨ ᠤᠰᠤᠨ ᠠᠱᠢᠭ᠍ᠯᠠᠯᠲᠠ᠎ᠶ᠋ᠢᠨ ᠬᠦᠢᠰᠦ ᠪᠠᠷᠢᠯᠭ᠎ᠠ
ᠶᠡᠷᠦᠩᠬᠡᠢ ᠱᠦᠵᠢ ᠰᠢ ᠵᠢᠨ ᠫᠢᠩ ᠤ᠋ᠨ ᠴᠢᠩ ᠰᠡᠳᠬᠢᠯ ᠤ᠋ᠨ ᠨᠠᠶ᠋ᠢᠳᠠᠯᠭ᠎ᠠ ᠨᠢ ᠵᠦᠩ ᠬᠤᠸᠠᠨ ᠠᠵᠤ ᠦᠢᠯᠡᠰ ᠤ᠋ᠨ ᠬᠦᠷᠢᠶᠡᠯᠡᠩ ᠤ᠋ᠨ ᠳᠡᠭᠡᠳᠦ ᠳᠣᠣᠷᠠᠳᠤ ᠱᠠᠲᠤ᠎ᠪᠠᠷ᠎ᠢᠶᠠᠨ ᠰᠢᠨ᠎ᠡ ᠡᠨᠧᠷᠭᠢ ᠶ᠋ᠢᠨ ᠬᠥᠭᠵᠢᠯᠲᠡ ᠶ᠋ᠢᠨ ᠵᠠᠮ ᠳᠡᠭᠡᠷ᠎ᠡ ᠲᠣᠮᠣ᠌ ᠠᠯᠬᠤᠮ᠎ᠢᠶᠠᠷ ᠤᠷᠤᠭᠰᠢᠯᠠᠬᠤ ᠵᠢ ᠱᠠᠯᠠᠪᠳᠠᠭᠤᠯᠤᠨ ᠱᠠᠭᠠᠷᠳᠠᠵᠤ ᠪᠤᠢ ᠃ ᠣᠳᠣᠬᠠᠨ ᠪᠣᠯᠲᠠᠯ᠎ᠠ ᠂ ᠵᠥᠩ ᠬᠤᠸᠠᠨ ᠠᠵᠤ ᠦᠢᠯᠡᠰ ᠤ᠋ᠨ ᠬᠦᠷᠢᠶᠡᠯᠡᠩ ᠨᠢ ᠨᠢᠭᠡᠨᠲᠡ 532 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠵᠢ ᠪᠡᠶᠡᠯᠡᠭᠦᠯᠵᠦ ᠂ ᠵᠠᠯᠭᠠᠭ᠎ᠠ᠎ᠪᠠᠷ 16 ᠬᠠᠭᠠᠰ ᠳᠠᠮᠵᠢᠭᠤᠯᠤᠭ᠍ᠴᠢ ᠪᠠ ᠬᠡᠷᠡᠯᠴᠢ ᠴᠡᠨᠡᠭ ᠤ᠋ᠨ ᠠᠵᠢᠯ ᠲᠥᠷᠥᠯ ᠤ᠋ᠨ ᠨᠠᠷᠠᠲᠤ ᠠᠵᠤ ᠠᠬᠤᠢᠯᠠᠯ᠎ᠢ ᠪᠣᠢᠵᠢᠭᠤᠯᠤᠨ ᠣᠷᠣᠭᠤᠯᠤᠨ ᠠᠪᠴᠢᠷᠠᠵᠤ ᠂ ᠬᠠᠭᠠᠰ ᠳᠠᠮᠵᠢᠭᠤᠯᠤᠭ᠍ᠴᠢ ᠲᠠᠩ ᠲᠠᠯᠠᠰᠲᠤ ᠲᠠᠯᠠᠰᠲᠤ ᠶ᠋ᠢᠨ ᠣᠨ ᠤ᠋ ᠦᠢᠯᠡᠳᠪᠦᠷᠢᠯᠡᠯ ᠤ᠋ᠨ ᠴᠢᠳᠠᠪᠤᠷᠢ 2500 ᠲᠣᠨ ᠂ ᠬᠡᠷᠡᠯᠴᠢ ᠴᠡᠨᠡᠭ ᠤ᠋ᠨ ᠲᠠᠩ ᠲᠠᠯᠠᠰᠲᠤ ᠲᠠᠯᠠᠰᠲᠤ ᠶ᠋ᠢᠨ ᠣᠨ ᠤ᠋ ᠦᠢᠯᠡᠳᠪᠦᠷᠢᠯᠡᠯ ᠤ᠋ᠨ ᠴᠢᠳᠠᠪᠤᠷᠢ 105GW ᠂ ᠬᠡᠷᠡᠯᠴᠢ ᠴᠡᠨᠡᠭ ᠤ᠋ᠨ ᠲᠠᠩ ᠲᠠᠯᠠᠰᠲᠤ ᠲᠠᠯᠠᠰᠲᠤ ᠶ᠋ᠢᠨ ᠣᠨ ᠤ᠋ ᠦᠢᠯᠡᠳᠪᠦᠷᠢᠯᠡᠯ ᠤ᠋ᠨ ᠴᠢᠳᠠᠪᠤᠷᠢ 28GWᠲᠤᠯᠵᠦ ᠂ ᠬᠤᠷᠠᠮᠠᠯ ᠴᠠᠬᠢᠯᠭᠠᠨ ᠬᠡᠯᠬᠢᠶ᠎ᠡ ᠶ᠋ᠢᠨ ᠬᠠᠭᠠᠰ ᠳᠠᠮᠵᠢᠭᠤᠯᠤᠭ᠍ᠴᠢ ᠲᠠᠩ ᠲᠠᠯᠠᠰᠲᠤ ᠴᠠᠬᠢᠭᠤᠷ ᠂ ᠰᠢᠨ᠎ᠡ ᠡᠨᠧᠷᠭᠢ ᠶ᠋ᠢᠨ ᠬᠡᠷᠡᠯᠴᠢ ᠴᠡᠨᠡᠭ ᠤ᠋ᠨ ᠲᠠᠩ ᠲᠠᠯᠠᠰᠲᠤ ᠴᠠᠬᠢᠭᠤᠷ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠠᠵᠤ ᠦᠢᠯᠡᠰ ᠤ᠋ᠨ ᠲᠡᠷᠢᠭᠦᠨ᠎ᠦ ᠦᠢᠯᠡᠳᠬᠦ ᠰᠠᠭᠤᠷᠢᠨ ᠭᠠᠵᠠᠷ᠎ᠢ ᠪᠠᠢᠭᠤᠯᠪᠠ ᠃
(ᠲᠤᠰ ᠰᠣᠨᠢᠨ ᠤ᠋ ᠰᠤᠷᠪᠤᠯᠵᠢᠯᠠᠭ᠍ᠴᠢ ᠰᠢᠤᠸᠠᠢ ᠯᠠᠢ ᠲᠡᠬᠦᠰᠪᠢᠯᠢᠭ ᠪᠥᠸᠧ ᠶ᠋ᠢᠨ ᠹᠧᠩ ᠸᠠᠩ ᠶᠠ ᠵᠢᠩ ᠰᠢᠦᠢ ᠶᠤᠸᠠᠢ ᠮᠡᠳᠡᠭᠡᠯᠡᠪᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃