2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-05 08:19:49

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠴᠢᠶᠠᠩ ᠵᠤᠤ ᠯᠸ ᠵᠶ᠋ᠢ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ ᠬᠤᠷᠠᠯ᠎ᠳᠤ ᠰᠠᠭᠠᠳᠠᠵᠥ ᠪᠠᠶᠠᠷ ᠬᠦᠷᠭᠡᠪᠡ

ᠸᠠᠩ ᠬᠤ᠌ ᠨᠢᠩ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ

ᠱ᠌ᠢ᠎ᠲᠡᠶ ᠹᠸᠩ ᠬᠤᠷᠠᠯ᠎ᠢ ᠡᠷᠬᠢᠯᠡᠵᠡᠢ

ᠭᠤᠤ ᠶᠦᠨ ᠯᠦᠩ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠵᠡᠢ


ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠬᠠᠮᠲᠤ᠎ᠪᠠᠷ ᠡᠭᠦᠷᠭᠡᠯᠡᠵᠦ᠍ ᠂ ᠳᠠᠷᠪᠠᠭᠤᠯ ᠬᠡᠢᠰᠭᠡᠨ ᠡᠷᠡᠯᠭᠡᠭᠯᠡᠨ ᠳᠡᠮᠡᠴᠡᠵᠥ ᠴᠤ ᠱᠢᠨ᠎ᠡ ᠠᠶᠠᠨ᠎ᠳᠤ ᠭᠠᠪᠢᠶ᠎ᠠ ᠪᠠᠢᠭᠤᠯᠤᠨ᠎ᠠ ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠬᠣᠶᠠᠳᠤᠭᠠᠷ ᠬᠤᠷᠠᠯ 4 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ 2000 ᠭᠠᠷᠤᠢ ᠭᠡᠱᠢᠭᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠤᠨ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠦᠷᠯᠢᠭ ᠰᠠᠢᠬᠠᠨ ᠢᠷᠠᠭᠤ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠨ᠎ᠡ᠃


QQ截图20240305081452.png


3 ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ ᠪᠡᠭᠡᠵᠢᠩ ᠳ᠋ᠡᠬᠢ ᠠᠷᠠᠳ᠎ᠤᠨ ᠶᠡᠬᠡ ᠬᠤᠷᠠᠯ ᠎ᠤᠨ ᠲᠠᠩᠬᠢᠮ ᠎ᠳᠤ ᠡᠬᠢᠯᠡᠪᠡ᠃ ᠵᠢᠷᠤᠭ ᠪᠣᠯ ᠰᠢ ᠵᠢᠨ ᠫᠢᠩ᠂ ᠯᠢ ᠴᠢᠶᠠᠩ᠂ ᠵᠣᠣ ᠯᠸ ᠵᠢᠶ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ ᠪᠠᠢᠭ᠎ᠠ ᠨᠢ᠃

ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠵᠢᠤᠢ ᠫᠸᠩ ᠰᠡᠭᠦᠳᠡᠷᠯᠡᠪᠡ


3 ᠰᠠᠷ᠎ᠠ᠎ᠶ᠋ᠢᠨ ᠪᠡᠭᠡᠵᠢᠩ ᠬᠤᠳᠠᠨ᠎ᠠ᠂ ᠤᠷᠢᠬᠠᠨ ᠬᠠᠪᠤᠷ ᠡᠭᠡ ᠭᠠᠵᠠᠷ ᠲᠦ᠍ ᠰᠠᠭᠠᠳᠠᠯ᠎ᠠ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠳ᠋ᠧᠩ᠎ᠦᠨ ᠬᠡᠷᠡᠯ ᠳᠤᠸᠠᠯᠠᠵᠤ᠂ ᠠᠭᠤᠷ ᠠᠮᠢᠰᠭᠤᠯ ᠳᠦᠪ ᠶᠡᠬᠡᠮᠰᠦᠭ ᠪᠥᠭᠡᠳ ᠬᠥᠷ ᠬᠥᠭ᠌ᠵᠢᠶᠡᠨ᠎ᠲᠡᠶ ᠪᠠᠢᠯ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠷᠠᠯ᠎ᠤᠨ ᠰᠦᠯᠳᠡ᠎ᠶ᠋ᠢ ᠲᠡᠷᠢᠭᠦᠯᠡᠭ᠌ᠴᠢᠳ᠎ᠦᠨ ᠲᠠᠢᠰᠠᠨ᠎ᠤ ᠭᠣᠣᠯ ᠳᠤᠮᠳᠠ ᠡᠯᠭᠦᠵᠦ᠍᠂ ᠬᠤᠷᠴᠠ ᠤᠯᠠᠭᠠᠨ ᠦᠩᠭᠡ᠎ᠲᠡᠶ ᠠᠷᠪᠠᠨ ᠤᠯᠠᠭᠠᠨ ᠲᠤᠭ᠎ᠢ ᠬᠣᠶᠠᠷ ᠭᠠᠷᠯᠠᠭᠤᠯᠤᠨ ᠵᠢᠭ᠍ᠰᠠᠭᠠᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2162 ᠬᠥᠮᠦᠨ ᠪᠤᠢ᠂ ᠪᠣᠳᠠᠲᠠᠢ ᠣᠷᠣᠯᠴᠠᠭ᠍ᠰᠠᠨ ᠨᠢ 2093 ᠬᠥᠮᠦᠨ ᠪᠠᠢᠵᠤ ᠂ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ ᠂ ᠬ᠍ᠤ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ ᠂ ᠱᠤᠤ ᠬᠣᠩ ᠂ ᠭᠤᠤ ᠶᠦᠨ ᠯᠦᠩ᠂ ᠴᠧᠨ ᠡᠸ᠋ ᠂ ᠮᠦ᠍ ᠬᠣᠩ᠂ ᠱᠢᠶᠠᠨ ᠬᠤᠢ ᠂ ᠸᠠᠩ ᠳ᠋ᠦᠩ ᠹᠸᠩ ᠂ ᠵᠢᠶᠠᠩ ᠱᠢᠨ ᡁᠢ ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃

ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ᠂ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃

ᠦᠳᠡ᠎ᠶ᠋ᠢᠨ ᠬᠣᠢᠨᠠᠬᠢ 3 ᠴᠠᠭ᠎ᠲᠤ᠂ ᠱ᠌ᠢ᠎ᠲᠡᠶ ᠹᠸᠩ ᠶᠡᠬᠡ ᠬᠤᠷᠠᠯ ᠡᠬᠢᠯᠡᠭ᠌ᠰᠡᠨ᠎ᠢ ᠵᠠᠷᠯᠠᠵᠤ᠂ ᠪᠦᠭᠦᠳᠡᠭᠡᠷ ᠪᠣᠰᠴᠤ᠌ ᠵᠣᠭ᠍ᠰᠣᠨ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠪᠠ᠃

ᠶᠡᠬᠡ ᠬᠤᠷᠠᠯ᠎ᠡᠴᠡ ᠡᠩ ᠲᠡᠷᠢᠭᠦᠨ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠵᠥᠪᠯᠡᠬᠦ᠌ ᠵᠦᠶ᠋ᠯ᠎ᠢ ᠬᠢᠨᠠᠨ ᠵᠥᠪᠯᠡᠵᠦ᠍ ᠪᠠᠲᠤᠯᠠᠪᠠ᠃

ᠸᠠᠩ ᠬᠤ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢ ᠲᠥᠯᠥᠭᠡᠯᠡᠨ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃


QQ截图20240305081505.png

3 ᠰᠠᠷ᠎ᠠ᠎ᠶ᠋ᠢᠨ 4 ᠎ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠵᠢᠨ ᠬᠣᠶᠠᠳᠤᠭᠠᠷ ᠬᠤᠷᠠᠯ ᠪᠡᠭᠡᠵᠢᠩ ᠳ᠋ᠡᠬᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠭ ᠪᠣᠯ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ᠎ᠶ᠋ᠢ ᠲᠥᠯᠥᠭᠡᠯᠡᠵᠦ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠵᠦ᠍ ᠪᠠᠢᠭ᠎ᠠ ᠨᠢ᠃

ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠷᠤᠤ ᠠᠢ ᠮᠢᠨ ᠰᠡᠭᠦᠳᠡᠷᠯᠡᠪᠡ


ᠸᠠᠩ ᠬᠤ᠌ ᠨᠢᠩ᠂ 2023 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠡᠬᠢᠯᠡᠯᠲᠡ᠎ᠶ᠋ᠢᠨ ᠵᠢᠯ ᠮᠦᠨ ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ ᠂ ᠦᠷᠭᠦᠯᠵᠢᠯᠡᠨ ᠲᠡᠮᠡᠴᠡᠵᠤ ᠂ ᠡᠷᠡᠮᠡᠬᠡᠢᠯᠡᠨ ᠤᠷᠤᠭ᠍ᠰᠢᠯᠠᠵᠤ᠂ ᠳᠣᠲᠣᠭᠠᠳᠤ ᠭᠠᠳᠠᠭᠠᠳᠤ᠎ᠶ᠋ᠢᠨ ᠬᠦᠴᠢᠷ ᠪᠡᠷᠬᠡᠱᠢᠶᠡᠯ᠎ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠲᠣᠭ᠍ᠲᠠᠭᠤᠨ᠎ᠢᠶᠠᠷ ᠱᠠᠳᠤ ᠰᠢᠯᠵᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠲᠠᠯ᠎ᠡ ᠪᠡᠷ ᠱᠢᠨ᠎ᠡ ᠱᠢᠪᠲᠤᠯᠤᠯᠲᠠ᠎ᠲᠠᠶ ᠪᠣᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠰᠠᠭᠤᠷᠢ ᠪᠠᠳᠤᠵᠢᠨ ᠪᠡᠬᠢᠵᠢᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠶ ᠪᠥᠭᠡᠳ ᠪᠦᠲᠦᠮᠵᠢᠲᠡᠶ ᠪᠠᠢᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠢᠲᠡᠭᠡᠯ ᠵᠣᠷᠢᠭ᠎ᠢ ᠲᠤᠢᠯ᠎ᠤᠨ ᠶᠡᠬᠡ᠎ᠪᠡᠷ ᠬᠦᠪᠴᠢᠯᠡᠵᠡᠢ ᠬᠡᠵᠥ ᠢᠯᠡᠳᠬᠡᠪᠡ᠃

ᠸᠠᠩ ᠬᠤ᠌ ᠨᠢᠩ ᠥᠩᠭᠡᠷᠡᠭ᠌ᠰᠡᠨ ᠨᠢᠭᠡ ᠵᠢᠯ᠎ᠦᠨ ᠲᠤᠷᠱᠢᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠳ᠋ᠦᠩᠨᠡᠪᠡ᠃ ᠲᠡᠷᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠤᠯᠤᠰ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠬᠣᠶᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ ᠴᠢᠩᠭᠠᠳᠭᠠᠨ᠂ 《ᠳᠥᠷᠪᠡᠨ ᠢᠲᠡᠭᠡᠯ》 ᠎ᠢ᠋ᠢᠡᠨ ᠪᠠᠲᠤᠳᠭᠠᠵᠤ ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠲᠥᠯᠦᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠂ ᠤᠯᠤᠰ ᠲᠥᠷᠥ᠎ᠶ᠋ᠢᠨ ᠪᠣᠯᠪᠠᠰᠤᠷᠠᠯ᠎ᠢ ᠴᠢᠩᠭᠠᠳᠭᠠᠨ᠂ ᠤᠯᠤᠰ ᠲᠥᠷᠥ᠎ᠶ᠋ᠢᠨ ᠴᠢᠳᠠᠪᠤᠷᠢ ᠪᠠ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠂ ᠠᠵᠢᠯ᠎ᠤᠨ ᠳᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠦᠨ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠦᠷᠢᠮ᠎ᠦᠨ ᠰᠠᠭᠤᠷᠢ᠎ᠶ᠋ᠢ ᠪᠡᠬᠢᠵᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠪᠠᠢᠴᠠᠭᠠᠨ ᠰᠤᠳᠤᠯᠤᠯᠲᠠ ᠵᠢ ᠶᠡᠬᠡ᠎ᠪᠡᠷ ᠦᠷᠨᠢᠬᠦᠯᠬᠦ ᠱᠠᠭᠠᠷᠳᠠᠯᠭ᠎ᠠ᠎ᠶ᠋ᠢ ᠲᠤᠭᠤᠱᠢᠯᠠᠭᠤᠯᠦᠨ᠂ ᠪᠠᠢᠴᠠᠭᠠᠨ ᠰᠤᠳᠤᠯᠤᠯᠲᠠ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠪᠠᠢᠷᠢᠯᠠᠭᠤᠯᠤᠯᠲᠠ᠎ᠲᠠᠶ ᠤᠶᠠᠯᠳᠤᠭᠤᠯᠤᠨ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠨ᠂ ᠨᠠᠮ ᠪᠠ ᠤᠯᠤᠰ᠎ᠤᠨ ᠭᠤᠤᠯ ᠡᠭᠦᠷᠭᠡ᠎ᠳᠦ ᠦᠶ᠋ᠯᠡᠴᠢᠯᠡᠵᠦ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠶ᠋ᠯᠡᠳᠦᠯᠭᠡᠵᠢᠭᠦᠯᠦᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠠᠬᠢᠭᠤᠯᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠦᠨ᠂ ᠪᠦᠯᠬᠦᠮᠳᠡᠨ ᠤᠷᠤᠭ᠍ᠰᠢᠯᠠᠵᠤ᠂ ᠤᠳᠠᠭ᠎ᠠ ᠪᠦᠷᠢ᠎ᠶ᠋ᠢᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠠᠯᠪᠢᠭ᠍ᠰᠠᠨ ᠰᠠᠢ᠌ᠨ ᠰᠠᠭᠤᠷᠢ ᠳᠡᠭᠡᠷ᠎ᠡ᠂ ᠡᠯ᠎ᠡ ᠵᠦᠢᠯ᠎ᠦᠨ ᠠᠵᠢᠯ ᠱᠢᠨ᠎ᠡ ᠦᠷ᠎ᠡ ᠪᠦᠲᠦᠮᠵᠢ ᠣᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠵᠠᠢ ᠭᠡᠵᠦ ᠬᠡᠯᠡᠪᠡ᠃

ᠸᠠᠩ ᠬ᠍ᠤ᠌ ᠨᠢᠩ᠂ 2024 ᠣᠨ ᠪᠣᠯ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ ᠮᠦᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠮᠦᠨ᠂ ᠪᠠᠰᠠ ᠴᠤ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠮᠦᠨ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠲᠠᠶ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ᠎ᠶ᠋ᠢ ᠠᠬᠢᠭᠤᠯᠵᠤ᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠨᠢᠭ᠍ᠲᠠᠷᠠᠭᠤᠯᠬᠤ ᠬᠡᠷᠡᠭ᠌ᠲᠡᠢ ᠭᠡᠵᠦ ᠢᠯᠡᠳᠭᠡᠪᠡ᠃

ᠸᠠᠩ ᠬ᠍ᠤ᠌ ᠨᠢᠩ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠱᠢᠨ᠎ᠡ᠎ᠶ᠋ᠢ ᠡᠭᠦᠳᠦᠭᠰᠡᠨ ᠤᠨᠤᠯ᠎ᠢᠶᠠᠷ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠴᠢᠩᠭᠠᠳᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠵᠦ᠍᠂ ᠬᠠᠮᠤᠭ᠎ᠤᠨ ᠶᠡᠬᠡ ᠢᠵᠢᠯᠢ ᠲᠥᠪᠲᠦ ᠲᠣᠭᠣᠷᠢᠭ᠎ᠢ ᠰᠠᠢᠲᠤᠷ ᠵᠢᠷᠤᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠬᠠᠮᠳᠤ ᠵᠢᠨ ᠤᠬᠠᠭᠠᠨ ᠨᠡᠢᠳᠡ᠎ᠶ᠋ᠢᠨ ᠬᠦᠴᠦᠨ᠎ᠢᠶᠡᠷ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠨᠡᠭᠡᠭᠡᠨ ᠡᠭᠦᠳᠴᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭ᠌ᠲᠡᠢ ᠭᠡᠵᠦ᠍ ᠢᠯᠡᠳᠭᠡᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠭᠤᠤ ᠶᠦᠨ ᠯᠦᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ᠎ᠶ᠋ᠢ ᠲᠥᠯᠥᠭᠡᠯᠡᠵᠦ᠍᠂ ᠶᠡᠬᠡ ᠬᠤᠷᠠᠯ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠪᠡ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠡᠴᠡ ᠨᠠᠭᠠᠰᠢ᠂ ᠨᠡᠢᠲᠡ 5621 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠢᠴᠠᠭᠠᠬᠤ ᠪᠡᠷ ᠳᠠᠮᠵᠢᠨ 4791 ᠬᠤᠪᠢ ᠵᠢ ᠨᠢ ᠬᠡᠷᠡᠭ ᠪᠤᠯᠭᠠᠨ ᠳᠡᠩᠰᠡᠯᠡᠪᠡ᠃ 2024 ᠣᠨ᠎ᠤ 2 ᠰᠠᠷ᠎ᠠ᠎ᠶ᠋ᠢᠨ ᠰᠡᠭᠦᠯᠴᠢ ᠪᠣᠯᠲᠠᠯ᠎ᠠ᠂ 99.9% ᠵᠢᠨ ᠰᠠᠨᠠᠯ ᠳᠤᠷᠠᠳᠤᠯᠭ᠎ᠠ᠎ᠶ᠋ᠢ ᠨᠢᠭᠡᠨᠲᠡ ᠱᠢᠢᠳᠪᠦᠷᠢᠯᠡᠵᠦ᠍ ᠬᠠᠷᠢᠭᠤᠯᠲᠠ ᠥᠭ᠌ᠪᠡ᠃ ᠡᠯ᠎ᠡ ᠳᠠᠭᠠᠭᠠᠨ ᠱᠢᠢᠳᠪᠦᠷᠢᠯᠡᠬᠦ᠌ ᠨᠢᠭᠡᠴᠢ ᠰᠠᠨᠠᠯ ᠳᠤᠷᠠᠳᠤᠯᠭ᠎ᠠ᠎ᠶ᠋ᠢ ᠨᠠᠷᠢᠨ ᠬᠢᠨᠠᠮᠠᠭᠠᠢ ᠱᠢᠢᠳᠪᠦᠷᠢᠯᠡᠵᠦ᠍᠂ ᠮᠠᠰᠢ ᠤᠯᠠᠨ ᠰᠠᠨᠠᠯ ᠰᠠᠨᠠᠭᠤᠯᠭ᠎ᠠ᠎ᠶ᠋ᠢ ᠬᠦᠯᠢᠶᠡᠨ ᠠᠪᠤᠭ᠍ᠰᠠᠨ ᠪᠥᠭᠡᠳ ᠨᠠᠮ ᠪᠣᠯᠤᠨ ᠤᠯᠤᠰ᠎ᠤᠨ ᠬᠣᠯᠪᠣᠭ᠍ᠳᠠᠯ ᠪᠦᠬᠦᠢ ᠲᠦᠷᠦ᠍᠎ᠶ᠋ᠢᠨ ᠪᠤᠳᠤᠯᠭ᠎ᠠ᠂ ᠬᠥᠭ᠌ᠵᠢᠯᠲᠡ᠎ᠶ᠋ᠢᠨ ᠲᠥᠯᠥᠪᠵᠢᠭᠦᠯᠭᠡ ᠪᠣᠯᠤᠨ ᠰᠠᠯᠠᠭ᠎ᠠ ᠮᠥᠴᠢᠷ᠎ᠦᠨ ᠠᠵᠢᠯ᠎ᠳᠤ ᠢᠯᠡᠷᠡᠭᠦᠯᠵᠦ᠍᠂ 《ᠲᠠᠪᠤ᠎ᠶ᠋ᠢ ᠨᠢᠭᠡ ᠴᠤᠬ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠲᠦᠷᠪᠡᠨ ᠪᠦᠬᠦ᠌ ᠲᠠᠯ᠎ᠠ》ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠪᠡ᠃

ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠨ ᠤᠳᠤᠷᠢᠳᠭᠤ ᠨᠥᠬᠥᠳ᠎ᠲᠦ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶ᠍ᠸ᠂ ᠯᠢ ᠱᠤ᠌ ᠯᠸᠢ᠂ ᠯᠢ ᠬᠣᠩ ᠵᠦᠩ᠂ ᠾᠧ ᠸᠧᠢ ᠳ᠋ᠦᠩ᠂ ᠾᠧ ᠯᠢ ᠹᠸᠩ᠂ ᠵᠠᠩ ᠶᠢᠤ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠶ᠋ᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠨᠭ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠨᠭ᠌ ᠴᠢᠨᠭ ᠸᠸᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠡᠦ ᠵᠸᠨᠭ ᠯᠦᠨᠭ᠂ ᠱᠸᠨ ᠢ ᠴᠢᠨ᠂ ᠵᠠᠨᠭ᠌ ᠵᠢᠶᠦ᠋ᠨ᠂ ᠶᠢᠨᠭ ᠶᠦᠨᠭ ᠨᠠᠷ ᠪᠤᠢ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠪᠠ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠬᠠᠷᠢᠶᠠᠲᠤ᠎ᠨᠠᠷ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠣᠷᠣᠯᠴᠠᠪᠠ᠃

( ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面