2024-03-04 11:02:19
ᠠᠵᠢᠯᠰᠠᠭ ᠬᠦᠮᠦᠰ ᠬᠠᠪᠤᠷ᠎ᠢ ᠡᠷᠳᠡ ᠤᠭᠳᠤᠵᠤ᠂ ᠠᠯᠳᠠᠨ ᠨᠠᠮᠤᠷ ᠲᠠᠭᠠᠨ ᠡᠯᠪᠡᠭ ᠬᠤᠷᠢᠶᠠᠯᠳᠠ ᠤᠯᠤᠨ᠎ᠠ᠃ 3 ᠰᠠᠷ᠎ᠠ᠎ᠶ᠋ᠢᠨ 3᠎ᠤ᠋ ᠡᠳᠦᠷ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠬᠣᠶᠠᠳᠤᠭᠠᠷ ᠬᠤᠷᠠᠯ᠎ᠳᠤ ᠣᠷᠣᠯᠴᠠᠬᠤ ᠮᠠᠨ᠎ᠤ ᠣᠷᠣᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠪᠡᠭᠡᠵᠢᠩ᠎ᠳᠦ ᠬᠦᠷᠴᠦ᠍᠂ ᠡᠨᠡ ᠬᠦ᠌ ᠬᠠᠪᠤᠷ᠎ᠤᠨ ᠦᠪᠡᠳᠡᠭ᠌ᠰᠢ ᠬᠤᠷᠠᠯ᠎ᠳᠤ ᠣᠷᠣᠯᠴᠠᠬᠤ ᠪᠤᠯᠤᠯ᠎ᠠ᠃
ᠡᠨᠡ ᠵᠢᠯ ᠪᠣᠯ ᠱᠢᠨ᠎ᠡ ᠳᠤᠮᠳᠠᠳᠤ ᠤᠯᠤᠰ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ ᠮᠥᠨ ᠴᠸ᠋ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠪᠡᠭᠡᠵᠢᠩ᠎ᠳᠦ ᠬᠦᠷᠬᠦ ᠡᠴᠡ ᠡᠮᠦᠨ᠎ᠡ᠂ ᠮᠠᠨ᠎ᠤ ᠣᠷᠣᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠰᠠᠭᠤᠳᠠᠯ ᠪᠣᠯᠤᠨ ᠠᠷᠠᠳ ᠣᠯᠠᠨ᠎ᠤ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠰᠠᠨᠠᠯ ᠳᠤᠷᠠᠳᠤᠯᠭ᠎ᠠ᠎ᠶ᠋ᠢ ᠨᠠᠷᠢᠨ ᠨᠢᠮᠪᠠᠶ ᠲᠤᠭᠤᠷᠪᠢᠨ ᠪᠢᠴᠢᠵᠦ᠍᠂ ᠲᠥᠷᠥ᠎ᠶ᠋ᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠬᠦ᠌᠂ ᠰᠠᠨᠠᠯ ᠰᠠᠨᠠᠭᠤᠯᠭ᠎ᠠ ᠳᠤᠷᠠᠳᠬᠤ᠎ᠳᠤ ᠭᠦᠶ᠋ᠴᠡᠳ ᠪᠡᠯᠡᠳᠭᠡᠯ ᠬᠢᠵᠡᠶ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ ᠬᠠᠳᠠᠭᠠᠯᠠᠮᠵᠢ ᠤᠰᠤᠨ᠎ᠤ ᠡᠬᠢ ᠪᠠᠶᠠᠯᠢᠭ᠎ᠢ ᠠᠮᠢᠳᠤᠯᠢᠭᠵᠢᠭᠤᠯᠬᠤ᠂ ᠤᠰᠤᠨ᠎ᠤ ᠡᠬᠢ ᠪᠠᠶᠠᠯᠢᠭ᠎ᠢ ᠠᠱᠢᠭ᠍ᠯᠠᠬᠤ ᠦᠷ᠎ᠡ ᠪᠦᠲᠦᠮᠵᠢ ᠪᠠ ᠦᠷ᠎ᠡ ᠠᠱᠢᠭ᠎ᠢ ᠳᠡᠭᠡᠭ᠌ᠰᠢᠯᠡᠭᠦᠯᠬᠦ᠌ ᠵᠡᠷᠭᠡ ᠠᠰᠠᠭᠤᠳᠠᠯ᠎ᠢ ᠣᠨᠴᠠᠭᠠᠢ ᠠᠩᠬᠠᠷᠴᠤ᠌᠂ ᠲᠤᠰ ᠤᠳᠠᠭ᠎ᠠ᠎ᠶ᠋ᠢᠨ ᠬᠤᠷᠠᠯ᠎ᠳᠤ ᠤᠷᠤᠯᠴᠠᠬᠤ᠎ᠳᠠᠭᠠᠨ ᠲᠡᠷᠡ《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ 《ᠤᠰᠤᠨ᠎ᠤ ᠬᠡᠮᠵᠢᠶ᠎ᠡ ᠪᠡᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠬᠤ》 ᠪᠠ ᠤᠰᠤ ᠬᠡᠷᠡᠭ᠌ᠯᠡᠬᠦ᠌ ᠡᠷᠬᠡ᠎ᠶ᠋ᠢᠨ ᠲᠦᠷᠢᠮ᠎ᠢ ᠪᠠᠢᠭᠤᠯᠬᠤ ᠲᠤᠬᠠᠢ ᠰᠠᠨᠠᠯ ᠳᠤᠷᠠᠳᠤᠯᠭ᠎ᠠ ᠪᠡᠯᠡᠳᠭᠡᠵᠡᠢ᠃
《ᠪᠢ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠮᠡᠳᠡᠦᠯᠦᠯᠲᠡᠶ᠋ᠢ ᠨᠠᠷᠢᠨ ᠬᠢᠨᠠᠮᠠᠭᠠᠢ ᠰᠣᠨᠣᠰᠭᠤ ᠪᠥᠭᠡᠳ ᠬᠢᠨᠠᠨ ᠵᠥᠪᠯᠡᠵᠦ᠍᠂ ᠰᠠᠢᠲᠤᠷ ᠶᠠᠷᠢᠯᠴᠠᠵᠤ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠢᠳᠡᠪᠬᠢᠲᠡᠢ ᠲᠤᠰᠭᠠᠨ᠎ᠠ》 ᠭᠡᠵᠦ ᠯᠢ ᠪᠢᠨ ᠢᠲᠡᠭᠡᠯ ᠳᠦᠭᠦᠷᠡᠩ ᠬᠡᠯᠡᠪᠡ᠃
《 ᠡᠨᠡ ᠵᠢᠯ ᠪᠢ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌᠂ ᠪᠠᠷᠠᠭᠤᠨ ᠣᠷᠣᠨ᠎ᠤ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠎ᠶᠢᠨ 〈 ᠬᠣᠭᠣᠰᠣᠨ᠌ 〉 ᠢ᠋ ᠨᠥᠬᠥᠪᠥᠷᠢᠯᠡᠬᠦ᠂ ᠨᠡᠢᠳᠡᠮ᠎ᠦᠨ ᠬᠡᠷᠡᠭ᠌ᠯᠡᠭᠡᠨ᠎ᠦ ᠠᠭᠠᠷ᠎ᠤᠨ ᠠᠶᠠᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠣᠭᠣᠷᠢᠨ᠎ᠳᠤ 3 ᠬᠤᠪᠢ ᠰᠠᠨᠠᠯ ᠳᠤᠷᠠᠳᠤᠯᠭ᠎ᠠ ᠳᠡᠪᠱᠢᠭᠦᠯᠦᠨ᠎ᠡ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠯᠢ ᠰᠢ ᠰᠤᠷᠪᠤᠯᠵᠢᠯᠠᠭ᠍ᠴᠢ᠎ᠳᠤ᠂ ᠰᠠᠨᠠᠯ ᠳᠤᠷᠠᠳᠤᠯᠭ᠎ᠠ᠎ᠶ᠋ᠢ ᠶᠣᠰᠣᠲᠠᠶ ᠪᠠᠷᠢᠮᠲᠠ᠎ᠲᠠᠶ᠂ ᠱᠢᠭᠤᠳ ᠣᠢᠯᠠᠭᠠᠮᠵᠢᠲᠠᠢ ᠪᠣᠯᠭᠠᠬᠤ᠎ᠶ᠋ᠢᠨ ᠲᠥᠯᠥᠭᠡ᠂ ᠡᠨᠡ ᠤᠳᠠᠭ᠎ᠠ ᠬᠤᠷᠠᠯ᠎ᠳᠤ ᠣᠷᠣᠯᠴᠠᠬᠤ᠎ᠳᠠᠭᠠᠨ ᠲᠡᠷᠡ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠵᠢᠷᠤᠭ ᠪᠣᠯᠤᠨ ᠳᠤᠮᠳᠠ ᠬᠤᠭᠤᠴᠠᠭᠠᠨ᠎ᠤ ᠦᠨᠡᠯᠡᠯᠲᠡ᠎ᠶ᠋ᠢᠨ ᠮᠡᠳᠡᠭᠦᠯᠦᠯᠲᠡ ᠵᠡᠷᠭᠡ ᠮᠠᠲ᠋ᠧᠷᠢᠶᠠᠯ᠎ᠢ ᠠᠪᠴᠤ᠌ ᠤᠴᠢᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠬᠦᠴᠦᠨ ᠴᠢᠳᠠᠯ᠎ᠢᠶᠠᠨ ᠡᠷᠭᠦᠵᠦ᠍᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠤᠯᠭᠠᠭᠤᠷᠢᠯᠠᠯ ᠪᠣᠯᠤᠨ ᠪᠠᠲᠤᠯᠠᠭ᠎ᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠬᠤ᠎ᠶ᠋ᠢ ᠬᠦᠰᠡᠵᠦ ᠪᠤᠢ ᠭᠡᠵᠦ ᠬᠡᠯᠡᠪᠡ᠃
《 ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠳᠤ᠂ ᠨᠠᠩ ᠣᠯᠠᠨ ᠪᠣᠳᠠᠲᠠᠶ᠎ᠶ᠋ᠢ ᠡᠷᠬᠢᠮᠯᠡᠭ᠌ᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠠᠷᠠᠳ ᠣᠯᠠᠨ᠎ᠤ ᠣᠷᠣᠯᠭ᠎ᠠ᠎ᠶ᠋ᠢ ᠨᠡᠮᠡᠭ᠌ᠳᠡᠭᠦᠯᠵᠦ᠍᠂ ᠠᠷᠠᠳ ᠣᠯᠠᠨ᠎ᠤ ᠠᠮᠢᠳᠤᠷᠠᠯ᠎ᠢ ᠪᠠᠶᠠᠵᠢᠭᠤᠯᠵᠤ ᠂ ᠠᠷᠠᠳ ᠣᠯᠠᠨ᠎ᠤ ᠢᠲᠡᠭᠡᠯ᠎ᠢ ᠴᠢᠩᠭᠠᠳᠭᠠᠬᠤ᠎ᠶ᠋ᠢ ᠪᠢ ᠬᠦᠰᠡᠵᠦ᠍ ᠪᠠᠢᠨ᠎ᠠ᠃ ᠪᠢ ᠯᠠᠪᠲᠠᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠢᠳᠡᠪᠬᠢᠲᠡᠢ ᠲᠤᠰᠭᠠᠬᠤ᠎ᠶ᠋ᠢᠨ ᠬᠠᠮᠲᠤ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠤ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠎ᠡ》 ᠭᠡᠵᠦ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠮᠠᠨᠵᠤᠤᠷ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠯᠢᠩ ᠶᠦᠨ ᠬᠡᠯᠡᠪᠡ᠃
ᠭᠡᠱᠢᠭᠦᠳ᠎ᠦᠨ ᠢᠷᠠᠭᠤ ᠠᠯᠳᠠᠷ᠎ᠢᠶᠠᠨ ᠬᠤᠪᠢ ᠲᠠᠬᠢᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ᠂ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠎ᠪᠡᠷ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠦᠨ᠎ᠡ ᠭᠡᠵᠦ᠍ ᠭᠡᠱᠢᠭᠦᠳ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃