2024-03-04 11:00:17
3 ᠰᠠᠷ᠎ᠠ᠎ᠶ᠋ᠢᠨ 3 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠳ᠋ᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠭᠠᠯᠳᠤ ᠲᠡᠷᠭᠡᠨ ᠳ᠋ᠤ ᠰᠠᠭᠤᠵᠤ ᠬᠥᠬᠡᠬᠣᠲᠠ᠎ᠡᠴᠡ ᠮᠣᠷᠳᠠᠵᠤ ᠤᠷᠢᠬᠠᠨ ᠬᠠᠪᠤᠷ᠎ᠤᠨ ᠦᠪᠡᠳᠡᠭ᠌ᠰᠢ ᠬᠤᠷᠠᠯ᠎ᠳᠤ ᠤᠷᠤᠯᠴᠠᠬᠤ ᠪᠡᠷ ᠪᠡᠭᠡᠵᠢᠩ᠎ᠳᠦ ᠬᠦᠷᠴᠦ᠍ ᠢᠷᠡᠯ᠎ᠠ᠃
ᠡᠨᠡ ᠪᠣᠯ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠠᠪᠤᠨ ᠵᠢᠯ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ ᠠᠶᠠᠨ᠎ᠤ ᠬᠣᠶᠠᠳᠤᠭᠠᠷ ᠵᠢᠯ ᠪᠣᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠤ᠂ ᠲᠥᠯᠥᠭᠡᠯᠡᠭ᠌ᠴᠢᠳ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠤ᠋ᠨ ᠲᠤᠭᠤᠷᠢᠨ ᠳ᠋ᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠠᠷᠠᠳ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠴᠤᠭ᠍ᠯᠠᠭᠤᠯᠵᠤ᠂ ᠴᠢᠨᠠᠷ ᠰᠠᠢᠲᠠᠢ ᠰᠠᠨᠠᠯ ᠰᠠᠨᠠᠭᠤᠯᠭ᠎ᠠ ᠪᠠ ᠰᠠᠨᠠᠯ ᠳᠤᠷᠠᠳᠤᠯᠭ᠎ᠠ᠎ᠶ᠋ᠢ ᠳᠡᠪᠱᠢᠭᠦᠯᠬᠦ᠌᠎ᠳᠦ ᠨᠠᠷᠢᠨ ᠨᠢᠮᠪᠠᠢ ᠪᠡᠯᠡᠳᠭᠡᠯ ᠬᠢᠵᠡᠢ᠃
《ᠪᠡᠭᠡᠵᠢᠩ ᠳ᠋ᠤ ᠢᠷᠡᠬᠦ᠌᠎ᠡᠴᠡ ᠡᠮᠦᠨ᠎ᠡ᠂ ᠪᠢᠳᠡ ᠲᠠᠷᠢᠶᠠᠯᠠᠩ᠎ᠤᠨ ᠮᠠᠱᠢᠨᠵᠢᠡᠨ ᠰᠡᠯᠪᠢᠨ ᠵᠠᠰᠠᠬᠤ᠂ ᠡᠰᠢ ᠰᠦᠷᠡᠯ᠎ᠢ ᠴᠡᠪᠡᠷᠯᠡᠬᠦ᠂ ᠦᠷ᠎ᠡ᠎ᠶ᠋ᠢ ᠱᠢᠭ᠌ᠰᠢᠨ ᠰᠣᠩᠭᠣᠬᠤ ᠵᠡᠷᠭᠡ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠵᠢᠡᠨ ᠨᠢᠭᠡᠨᠳᠠ ᠡᠬᠢᠯᠡᠬᠦᠯᠴᠢᠭᠡᠵᠠᠢ᠂ ᠢᠩᠭᠢᠪᠡᠯ ᠪᠢ ᠪᠦᠬᠦ᠌ ᠤᠯᠤᠰ᠎ᠤᠨ ᠬᠣᠶᠠᠷ ᠬᠤᠷᠠᠯ᠎ᠳᠤ ᠨᠡᠩ ᠰᠠᠢ᠌ᠨ ᠣᠷᠣᠯᠴᠠᠵᠤ᠂ ᠲᠤᠰᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠣᠯᠤᠨ᠎ᠠ 》 ᠬᠡᠵᠤ ᠪᠡᠭᠡᠵᠢᠩ᠎ᠳᠦ ᠬᠦᠷᠬᠦ᠌ ᠭᠠᠯᠲᠤ ᠲᠡᠷᠭᠡᠨ ᠳᠡᠭᠡᠷ᠎ᠡ᠂ ᠳ᠋ᠦ᠋ ᠭᠠᠩ ᠲᠥᠯᠥᠭᠡᠯᠡᠭ᠌ᠴᠢ ᠴᠤᠭ ᠵᠤᠯᠢ ᠪᠠᠳᠠᠷᠠᠨᠭᠭᠤᠢ᠂ ᠢᠲᠡᠭᠡᠯ ᠲᠡᠭᠦᠯᠳᠡᠷ ᠪᠠᠢᠯ᠎ᠠ᠃
ᠡᠨᠡ ᠵᠢᠯ ᠲᠡᠷᠡ ᠬᠠᠷ᠎ᠠ ᠬᠥᠷᠥᠰᠥ᠎ᠶ᠋ᠢ ᠬᠠᠮᠠᠭᠠᠯᠠᠬᠤ ᠬᠣᠯᠪᠣᠭ᠍ᠳᠠᠯ ᠪᠦᠬᠦᠢ ᠰᠠᠨᠠᠭᠤᠯᠭ᠎ᠠ ᠶ᠋ᠢ ᠬᠣᠶᠠᠷ ᠬᠤᠷᠠᠯ ᠳᠡᠭᠡᠷ᠎ᠡ ᠲᠡᠪᠰᠢᠬᠦᠯᠬᠦ ᠪᠡᠷ ᠪᠠᠢᠨ᠎ᠠ᠂ ᠡᠭᠦᠨ᠎ᠳᠦ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠴᠢᠬᠤᠯᠠᠴᠢᠯᠠᠨ ᠦᠵᠡᠵᠦ᠍ ᠳᠡᠮᠵᠢᠯᠭᠡ ᠦᠵᠡᠭᠦᠯᠬᠦ᠌᠎ᠶ᠋ᠢ ᠬᠦᠰᠡᠵᠦ᠍ ᠪᠠᠢᠨ᠎ᠠ᠃
7 ᠵᠢᠯ ᠳᠠᠷᠠᠭᠠᠯᠠᠨ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ᠂ ᠦ᠋ ᠶᠢᠩ ᠲᠥᠯᠥᠭᠡᠯᠡᠭ᠌ᠴᠢ ᠬᠠᠷᠢᠭᠤᠴᠠᠯᠭ᠎ᠠ ᠬᠦᠨᠳᠦ ᠭᠡᠳᠡᠭ᠎ᠢ ᠭᠦᠨᠵᠡᠭᠡᠢ ᠣᠢᠯᠠᠭᠠᠯ᠎ᠠ᠃ ᠵᠠᠮ᠎ᠳᠠᠭᠠᠨ ᠲᠡᠷᠡ ᠺᠣᠮᠫᠢᠦ᠋ᠲ᠋ᠧᠷᠶ᠋ᠢᠡᠷ ᠶᠠᠭᠠᠷᠠᠨ ᠠᠵᠢᠯᠯᠠᠵᠤ᠂ ᠳᠡᠪᠱᠢᠭᠦᠯᠬᠦ ᠪᠡᠷ ᠪᠠᠢᠭ᠎ᠠ ᠰᠠᠨᠠᠯ ᠰᠠᠨᠠᠭᠤᠯᠭ᠎ᠠ᠎ᠪᠠᠨ ᠱᠠᠯᠠᠪᠳᠠᠭᠤᠯᠤᠨ ᠵᠠᠰᠠᠵᠤ ᠲᠡᠭᠦᠯᠳᠡᠷᠵᠢᠭᠦᠯᠪᠡ᠃ ᠣᠢᠷ᠎ᠠ᠎ᠶ᠋ᠢᠨ ᠬᠡᠳᠦᠨ ᠵᠢᠯ᠎ᠳᠦ᠂ ᠦ᠋ ᠶᠢᠩ ᠰᠦᠯᠢᠶᠣᠣ ᠪᠦᠷᠬᠦᠪᠴᠢ᠎ᠶ᠋ᠢ ᠬᠡᠷᠡᠭ᠌ᠯᠡᠭ᠌ᠰᠡᠨ ᠪᠠ ᠱᠢᠶ᠋ᠳᠪᠦᠷᠢᠯᠡᠭ᠌ᠰᠡᠨ ᠨᠢ ᠵᠣᠬᠢᠰ ᠥᠬᠡᠶ᠎ᠡᠴᠡ ᠪᠣᠯᠤᠭ᠍ᠰᠠᠨ ᠲᠠᠷᠢᠶᠠᠨ ᠭᠠᠵᠠᠷ᠎ᠤᠨ《ᠬᠤᠪᠠᠨᠴᠢᠷ ᠤ᠋ᠨ ᠪᠣᠬᠢᠷᠲᠤᠯ》᠎ᠤ᠋ᠨ ᠠᠰᠠᠭᠤᠳᠠᠯ᠎ᠢ ᠠᠩᠬᠠᠷᠤᠭ᠍ᠰᠠᠭᠠᠷ ᠢᠷᠡᠵᠡᠶ᠂ ᠡᠨᠡ ᠤᠳᠠᠭ᠎ᠠ ᠬᠤᠷᠠᠯ᠎ᠳᠤ ᠣᠷᠣᠯᠴᠠᠬᠤ᠎ᠳᠠᠭᠠᠨ ᠲᠡᠷᠡ ᠵᠠᠳᠠᠷᠠᠵᠤ ᠪᠣᠯᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠶᠡᠬᠡᠪᠡᠷ ᠳᠡᠮᠵᠢᠬᠦ᠌ ᠲᠤᠬᠠᠶ ᠰᠠᠨᠠᠯ ᠰᠠᠨᠠᠭᠤᠯᠭ᠎ᠠ ᠳᠤᠷᠠᠳᠭᠤ᠎ᠪᠠᠷ ᠪᠠᠢᠨ᠎ᠠ᠃ 《ᠪᠢ ᠥᠪᠡᠷ᠎ᠦᠨ ᠳᠡᠪᠱᠢᠭᠦᠯᠦᠭ᠌ᠰᠡᠨ ᠰᠠᠨᠠᠯ ᠰᠠᠨᠠᠭᠤᠯᠭ᠎ᠠ᠎ᠪᠠᠷ᠎ᠢᠶᠠᠨ ᠳᠠᠮᠵᠢᠭᠤᠯᠤᠨ᠂ ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠲᠤᠭᠤᠷᠢᠨ ᠢ᠋ ᠬᠠᠮᠠᠭᠠᠯᠠᠬᠤ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠳᠤ ᠴᠤᠬᠴᠠᠯᠠᠬᠤ ᠳ᠋ᠤ ᠬᠦᠴᠦᠨ ᠨᠡᠮᠡᠷᠢᠯᠡᠶ᠎ᠡ ᠭᠡᠵᠦ᠍ ᠪᠤᠳᠤᠵᠤ ᠪᠠᠢᠨ᠎ᠠ》 ᠭᠡᠵᠦ᠍ ᠦ᠋ ᠶᠢᠩ ᠬᠡᠯᠡᠪᠡ᠃
ᠥᠭᠡᠷᠡᠴᠢᠯᠡᠯᠲᠡ ᠬᠥᠭ᠌ᠵᠢᠯᠲᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠁ ᠲᠥᠯᠥᠭᠡᠯᠡᠭ᠌ᠴᠢᠳ᠎ᠦᠨ ᠠᠩᠬᠠᠷᠤᠯ ᠲᠠᠯᠪᠢᠵᠤ ᠪᠠᠢᠭ᠎ᠠ ᠰᠡᠳᠦᠪ ᠨᠢ ᠥᠪᠥᠷ ᠮᠣᠩᠭᠣᠯ ᠴᠢᠨᠠᠭ᠍ᠰᠢᠯᠠᠪᠠᠯ ᠪᠦᠬᠦ᠌ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ᠎ᠳᠤ ᠬᠣᠯᠪᠣᠭ᠍ᠳᠠᠨ᠎ᠠ᠃ ᠤᠯᠠᠨ᠎ᠢᠶᠠᠷ᠎ᠢᠶᠠᠨ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠶ᠋ᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠱᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ ᠳ᠋ᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠠᠷᠭ᠎ᠠ ᠤᠬᠠᠭᠠᠨ ᠭᠠᠷᠭᠠᠨ᠎ᠠ ᠭᠡᠵᠦ᠍ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃