2024-03-04 10:50:34
— ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ ᠡᠬᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
ᠡᠭᠡᠯᠢᠲᠦ ᠬᠠᠪᠤᠷ ᠰᠠᠭᠠᠳᠠᠬᠤ ᠪᠡᠷ᠂ ᠲᠦᠮᠡᠨ ᠪᠤᠳᠠᠰ ᠲᠦᠯᠵᠢᠨ ᠠᠮᠢᠯᠠᠨ᠎ᠠ᠃ 3 ᠰᠠᠷ᠎ᠠ᠎ᠶ᠋ᠢᠨ 4 ᠤ᠋ ᠡᠳᠦᠷ ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ ᠪᠡᠭᠡᠵᠢᠩ᠎ᠳᠦ ᠡᠬᠢᠯᠡᠯ᠎ᠠ᠃ ᠤᠷᠢᠬᠠᠨ ᠰᠠᠯᠬᠢ᠎ᠶ᠋ᠢ ᠤᠭ᠍ᠲᠤᠨ ᠂ 34 ᠡᠲᠡᠭᠡᠳ ᠢᠯᠭᠠᠯ᠎ᠤᠨ 2100 ᠭᠠᠷᠤᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠨᠢᠭᠡ ᠲᠠᠩᠬᠢᠮ᠎ᠳᠤ ᠴᠤᠭ᠍ᠯᠠᠷᠠᠵᠤ ᠂ ᠤᠯᠤᠰ᠎ᠤᠨ ᠶᠡᠬᠡ ᠪᠤᠳᠤᠯᠭ᠎ᠠ ᠵᠢ ᠬᠠᠮᠲᠤ᠎ᠪᠠᠷ ᠵᠥᠪᠯᠡᠵᠦ᠍ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠬᠤ ᠪᠤᠯᠤᠯ᠎ᠠ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠲᠡᠦᠬᠡ᠎ᠶ᠋ᠢᠨ ᠬᠦᠷᠳᠦ ᠲᠡᠮᠡᠴᠡᠯ᠎ᠦᠨ ᠤᠯᠠ ᠮᠥᠷ᠎ᠢ ᠳᠤᠷᠠᠢᠯᠭᠠᠨ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠢᠳᠡᠷᠡᠭᠦᠨ ᠠᠯᠬᠤᠭ᠎ᠠ᠎ᠶ᠋ᠢ ᠭᠡᠷᠡᠴᠢᠯᠡᠨ᠎ᠡ᠃ 2023 ᠣᠨ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠮᠥᠨ᠃ ᠤᠨᠴᠠᠭᠠᠢ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠣᠷᠴᠢᠨ ᠲᠣᠭᠣᠷᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠂ ᠭᠠᠳᠠᠭᠠᠳᠤ ᠳᠠᠷᠤᠯᠲᠠ᠎ᠶ᠋ᠢ ᠲᠠᠭᠠᠭᠠᠵᠤ᠂ ᠳᠣᠲᠣᠭᠠᠳᠤ᠎ᠶ᠋ᠢᠨ ᠬᠦᠴᠢᠷᠳᠡᠯ᠎ᠢ ᠢᠯᠠᠨ ᠳᠠᠪᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠠᠵᠤ ᠠᠬᠤᠢ᠎ᠶ᠋ᠢᠨ ᠰᠡᠷᠭᠦᠯᠲᠡ ᠬᠥᠭ᠌ᠵᠢᠯᠲᠡ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠬᠢᠯᠪᠠᠷ ᠪᠤᠰᠤ᠎ᠪᠠᠷ ᠢᠷᠡᠭ᠌ᠰᠡᠨ᠂ ᠬᠥᠮᠦᠰ᠎ᠢ ᠵᠣᠷᠢᠭ᠍ᠵᠢᠭᠤᠯᠤᠬᠰᠠᠨ ᠠᠮᠵᠢᠯᠲᠠ ᠪᠦᠳᠦᠮᠵᠢ ᠣᠯᠵᠠᠢ᠃ ᠨᠢᠭᠡ ᠵᠢᠯ᠎ᠦᠨ ᠲᠤᠷᠰᠢ ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠤᠨ ᠂ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠢᠴᠠᠭᠠᠨ ᠰᠤᠳᠤᠯᠤᠯᠲᠠ ᠬᠢᠬᠦ᠌ ᠂ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠬᠦ᠌ ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠭᠦᠨᠵᠡᠭᠡᠢ ᠥᠷᠨᠢᠭᠦᠯᠵᠦ᠍ ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠪᠡ᠃
ᠡᠨᠡ ᠵᠢᠯ ᠪᠣᠯ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠬᠤ ᠪᠥᠭᠡᠳ ᠪᠠᠰᠠ ᠴᠤ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠡᠴᠡ ᠮᠠᠷᠺᠰ ᠯᠧᠨᠢᠨ᠎ᠦ ᠦᠵᠡᠯ᠎ᠦᠨ ᠨᠢᠭᠡᠳᠦᠮᠡᠯ ᠹᠷᠣᠨᠲ᠎ᠤᠨ ᠤᠨᠤᠯ ᠂ ᠲᠦᠷᠦ᠍᠎ᠶ᠋ᠢᠨ ᠨᠠᠮ᠎ᠤᠨ ᠤᠨᠤᠯ ᠂ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠤᠨᠤᠯ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠭ᠍ᠰᠠᠨ ᠠᠭᠤᠤ ᠶᠡᠬᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ ᠡᠴᠡ ᠡᠯ᠎ᠡ ᠠᠷᠠᠳᠴᠢᠯᠠᠭ᠍ᠰᠠᠨ ᠨᠠᠮ ᠪᠦᠯᠦᠭ ᠂ ᠨᠠᠮ ᠪᠦᠯᠦᠭ᠎ᠦᠨ ᠪᠤᠰᠤ ᠬᠥᠮᠦᠰ ᠂ ᠠᠷᠠᠳ᠎ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠤᠳᠤᠷᠢᠳᠤᠨ ᠤᠯᠤᠰ ᠲᠦᠷᠦ᠍᠎ᠶ᠋ᠢᠨ ᠪᠠᠢᠭᠤᠯᠤᠯ᠎ᠤᠨ ᠲᠠᠯ᠎ᠠ᠎ᠪᠠᠷ ᠬᠢᠭ᠌ᠰᠡᠨ ᠠᠭᠤᠤ ᠶᠡᠬᠡ ᠡᠭᠦᠳᠦᠯᠲᠡ ᠮᠥᠨ ᠭᠡᠳᠡᠭ᠎ᠢ 75 ᠵᠢᠯ᠎ᠦᠨ ᠦᠢᠯᠡᠳᠦᠯᠭᠡ ᠭᠡᠷᠡᠴᠢᠯᠡᠭ᠌ᠰᠡᠨ ᠪᠠᠢᠨ᠎ᠠ᠃ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠂ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠪᠠᠢᠭᠤᠯᠤᠮᠵᠢ᠂ ᠠᠷᠠᠳ᠎ᠤᠨ ᠠᠷᠠᠳᠴᠢᠯᠠᠯ᠎ᠤᠨ ᠴᠢᠬᠤᠯᠠ ᠪᠡᠶᠡᠯᠡᠭ᠌ᠳᠡᠬᠦ᠌ ᠬᠡᠯᠪᠡᠷᠢ ᠪᠣᠯᠤᠭ᠍ᠰᠠᠨ᠎ᠤ ᠬᠤᠪᠢ᠎ᠳᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠲᠦᠷᠦ᠍᠎ᠶ᠋ᠢ ᠵᠠᠰᠠᠬᠤ ᠱᠢᠰᠲ᠋ᠧᠮ᠎ᠦᠨ ᠴᠢᠬᠤᠯᠠ ᠪᠦᠷᠢᠯᠳᠦᠬᠦᠨ ᠬᠡᠰᠡᠭ ᠮᠥᠨ ᠂ ᠳᠤᠮᠳᠠᠳᠤ ᠤᠯᠤᠰ᠎ᠤᠨ ᠣᠨᠴᠠᠯᠢᠭ ᠲᠠᠢ ᠪᠠᠢᠭᠤᠯᠤᠯ᠎ᠤᠨ ᠲᠤᠬᠢᠷᠠᠭᠤᠯᠤᠯᠲᠠ ᠮᠥᠨ᠃ ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠢ ᠰᠠᠢᠲᠤᠷ ᠬᠥᠭ᠌ᠵᠢᠭᠦᠯᠵᠦ᠍ ᠂ ᠨᠠᠮ᠎ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠵᠢ ᠪᠠᠷᠢᠮᠳᠠᠯᠠᠪᠠᠯ ᠯᠠᠪᠲᠠᠢ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍ ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠭᠡᠷᠡᠯ ᠰᠠᠴᠤᠷᠠᠩᠭᠤᠢ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍ ᠴᠢᠳᠠᠨ᠎ᠠ᠃
ᠶᠡᠷᠦᠩᠬᠡᠶ ᠱᠦᠵᠢ ᠰᠢ ᠵᠢᠨ ᠫᠢᠩ᠂《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠢᠡᠨ ᠬᠦᠴᠦᠷᠬᠡᠭᠵᠢᠭᠦᠯᠬᠦ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠪᠣᠯ ᠱᠢᠨ᠎ᠡ ᠴᠠᠭ ᠦᠶ᠎ᠡ ᠱᠢᠨ᠎ᠡ ᠠᠶᠠᠨ ᠳ᠋ᠠᠬᠢ ᠨᠠᠮ ᠪᠠ ᠤᠯᠤᠰ᠎ᠤᠨ ᠭᠤᠤᠯ ᠡᠭᠦᠷᠭᠡ ᠮᠥᠨ》ᠭᠡᠵᠦ᠍ ᠴᠢᠬᠤᠯᠠᠴᠢᠯᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠭᠡᠬᠦ᠌ ᠡᠨᠡ ᠬᠦ᠌ ᠰᠠᠷᠠᠭᠤᠯ ᠳᠠᠷᠳᠠᠩ ᠵᠠᠮ᠎ᠢᠶᠠᠷ ᠡᠷᠡᠮᠡᠬᠡᠢᠯᠡᠨ ᠤᠷᠤᠭ᠍ᠰᠢᠯᠠᠬᠤ᠎ᠳᠤ᠂ ᠪᠢᠳᠡ ᠢᠷᠡᠭᠡᠳᠦᠢ ᠭᠡᠭᠡᠨ ᠰᠠᠷᠠᠭᠤᠯ ᠪᠠᠢᠬᠤ᠎ᠶ᠋ᠢ ᠭᠦᠨᠵᠡᠭᠡᠢ ᠮᠡᠳᠡᠵᠦ᠍ ᠪᠠᠢᠨ᠎ᠠ᠂ ᠭᠡᠪᠡᠴᠦ᠍ ᠤᠷᠤᠭ᠍ᠰᠢᠯᠠᠯᠳᠠ ᠵᠢᠨ ᠵᠠᠮ ᠲᠡᠭᠡᠷ᠎ᠡ ᠨᠢᠳᠤ ᠠᠯᠳᠠᠮ᠎ᠠ ᠲᠡᠭᠰᠢ ᠲᠠᠯ᠎ᠠ ᠪᠢᠰᠢ᠂ ᠯᠠᠪᠲᠠᠢ ᠡᠯ᠎ᠡ ᠵᠦᠢᠯ᠎ᠦᠨ ᠲᠥᠰᠦᠭᠡᠯᠡᠵᠦ᠍ ᠪᠣᠯᠬᠤ ᠪᠠ ᠲᠥᠰᠦᠭᠡᠯᠡᠬᠦᠶ᠎ᠡ ᠪᠡᠷᠬᠡ ᠠᠶᠤᠯ ᠲᠦᠭ᠌ᠰᠢᠭᠦᠷᠢ ᠪᠠ ᠥᠷᠢᠰᠥᠯᠳᠦᠭᠡᠨ᠂ ᠬᠦᠴᠢᠷ ᠪᠡᠷᠬᠡᠱᠢᠶᠡᠯ ᠬᠠᠷᠰᠢ ᠰᠠᠭᠠᠳ ᠴᠢᠨᠠᠭ᠍ᠰᠢᠯᠠᠪᠠᠯ ᠲᠤᠬ᠍ᠰᠢᠨ ᠳᠠᠪᠠᠯᠭᠠᠨ ᠱᠢᠷᠦᠭᠦᠨ ᠰᠠᠯᠬᠢᠨ᠎ᠳᠤ ᠲᠤᠯᠭᠠᠷᠠᠬᠤ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠥᠷᠥ᠎ᠶ᠋ᠢᠨ ᠳᠠᠪᠠᠭᠤᠯᠢᠭ ᠪᠣᠯᠤᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ᠂ ᠳᠠᠢᠴᠢᠯᠠᠵᠤ ᠪᠣᠯᠬᠤ ᠢᠳᠡᠪᠬᠢ ᠬᠦᠴᠦᠨ ᠵᠦᠶ᠋ᠯ ᠪᠦᠬᠦᠨ᠎ᠢ ᠳᠠᠢᠴᠢᠯᠠᠵᠤ᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠪᠦᠯᠬᠦᠮᠳᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠪᠠᠯ ᠰᠠᠶᠢ ᠤᠯᠤᠰ᠎ᠵᠢᠡᠨ ᠬᠦᠴᠦᠷᠬᠡᠭᠵᠢᠭᠦᠯᠬᠦ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠡᠦᠬᠡ᠎ᠶ᠋ᠢᠨ ᠠᠭᠤᠤ ᠦᠶ᠋ᠯᠡᠰ᠎ᠢ ᠢᠯᠠᠯᠲᠠ᠎ᠲᠠᠶ᠎ᠪᠠᠷ ᠠᠬᠢᠭᠤᠯᠵᠤ ᠴᠢᠳᠠᠨ᠎ᠠ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠪᠢᠳᠡ ᠨᠠᠮ᠎ᠤᠨ ᠲᠤᠭ᠎ᠤᠨ ᠳᠣᠣᠷ᠎ᠠ《ᠬᠠᠳᠠᠭᠤ ᠪᠡᠬᠢ ᠪᠤᠯᠤᠳ ᠲᠡᠮᠦᠷ》ᠪᠣᠯᠤᠨ ᠪᠦᠯᠬᠦᠮᠳᠡᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠠᠮᠤᠭ᠎ᠤᠨ ᠶᠡᠬᠡ ᠢᠵᠢᠯ ᠲᠥᠪ᠎ᠲᠦ ᠲᠣᠭᠣᠷᠢᠭ᠎ᠢ ᠰᠠᠢᠲᠤᠷ ᠵᠢᠷᠤᠵᠤ᠂ ᠪᠦᠯᠬᠦᠮᠳᠡᠯ᠎ᠢᠶᠡᠷ ᠬᠦᠴᠦᠨ᠎ᠢ ᠨᠢᠭ᠍ᠲᠠᠷᠠᠭᠤᠯᠵᠤ᠂ ᠲᠡᠮᠡᠴᠡᠯ᠎ᠢᠶᠡᠷ ᠠᠭᠤᠤ ᠦᠢᠯᠡᠰ᠎ᠢ ᠪᠦᠲᠦᠭᠡᠳᠡᠭ ᠯᠡ ᠶᠤᠮ ᠪᠣᠯ᠂ ᠶᠠᠮᠠᠷᠪᠠ ᠰᠠᠯᠬᠢ ᠳᠠᠪᠠᠯᠭᠠᠨ ᠴᠤ᠌ ᠭᠡᠳ ᠪᠢᠳᠡᠨ᠎ᠦ ᠬᠠᠳᠠᠨ ᠪᠠᠳᠤ ᠡᠷᠴᠢ ᠵᠣᠷᠢᠭ᠎ᠢ ᠭᠤᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠢᠷ ᠪᠡᠷᠬᠡᠱᠢᠶᠡᠯ ᠴᠦ᠍ ᠭᠡᠳ ᠪᠢᠳᠡᠨ᠎ᠦ ᠢᠳᠡᠷᠡᠭᠦᠨ ᠠᠯᠬᠤᠭ᠎ᠠ᠎ᠶ᠋ᠢ ᠬᠣᠷᠢᠭ᠍ᠯᠠᠵᠤ ᠴᠢᠳᠠᠬᠤ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠨᠡᠷᠡᠮᠵᠢᠲᠦ ᠲᠤᠮᠤ ᠬᠥᠯᠭᠡ ᠣᠩᠭᠣᠴᠠ ᠯᠠᠪᠲᠠᠢ ᠰᠠᠯᠬᠢ ᠳᠠᠪᠠᠯᠭᠠᠨ᠎ᠢ ᠵᠦᠰᠦᠨ ᠳᠠᠷᠪᠠᠭᠤᠯ ᠬᠡᠢᠰᠭᠡᠨ ᠬᠤᠯᠠ ᠠᠶᠠᠯᠠᠵᠤ ᠴᠢᠳᠠᠨ᠎ᠠ᠃
ᠵᠥᠪᠯᠡᠬᠦ᠌ ᠠᠷᠠᠳᠴᠢᠯᠠᠯ ᠪᠣᠯ ᠨᠠᠮ ᠡᠴᠡ ᠠᠷᠠᠳ ᠲᠦᠮᠡᠨ᠎ᠢ ᠤᠳᠤᠷᠢᠳᠤᠨ ᠤᠯᠤᠰ ᠣᠷᠣᠨ᠎ᠢ ᠪᠦᠲᠦᠮᠵᠢᠲᠡᠢ ᠵᠠᠰᠠᠬᠤ᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ ᠴᠢᠬᠤᠯᠠ ᠪᠠᠢᠭᠤᠯᠤᠯ᠎ᠤᠨ ᠵᠢᠷᠤᠭ ᠲᠦᠯᠦᠪᠯᠡᠬᠡ ᠮᠥᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠭᠠᠢ ᠵᠥᠪᠯᠡᠬᠦ᠌ ᠪᠠᠢᠭᠤᠯᠤᠮᠵᠢ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠌᠂ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ ᠶ᠋ᠢ ᠪᠠᠷᠢᠮᠲᠠᠯᠠᠵᠤ᠂ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠤ ᠲᠠᠯᠪᠢᠭ᠍ᠰᠠᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠪᠠᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠯᠠᠪᠲᠠᠢ ᠱᠢᠨ᠎ᠡ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢᠲᠤᠷ ᠡᠭᠦᠷᠭᠡᠯᠡᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
ᠤᠯᠠᠨ᠎ᠤ ᠬᠦᠴᠦᠨ ᠬᠠᠮᠳᠤᠷᠠᠪᠠᠯ ᠲᠦᠮᠡᠨ ᠵᠢᠶᠦ᠋ᠨᠢ᠋ ᠡᠷᠭᠦᠵᠦ᠍᠂ ᠬᠦᠮᠦᠨ᠎ᠤ ᠰᠡᠳᠭᠢᠯ ᠨᠢᠬᠳᠠᠷᠠᠪᠠᠯ ᠲᠠᠢᠱᠠᠨ ᠠᠭᠤᠯᠠ᠎ᠶ᠋ᠢ ᠨᠡᠭᠦᠯᠭᠡᠨ᠎ᠡ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ 》 ᠤ᠋ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠲᠥᠰᠦᠪ᠎ᠢ ᠠᠯᠬᠤᠮ ᠠᠯᠬᠤᠮ᠎ᠢᠶᠠᠷ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠢᠷᠠᠭᠤ ᠠᠯᠳᠠᠷ ᠪᠠ ᠬᠦᠰᠡᠯ ᠵᠡᠭᠦᠳᠦ᠍ ᠪᠢᠯᠬᠠᠭ᠍ᠰᠠᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠎ᠳᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡ ᠦᠩᠭᠡ ᠭᠡᠷᠡᠯ ᠳᠡᠢ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠨ᠂ ᠦᠨᠡᠨ ᠦᠭᠡ ᠬᠡᠯᠡᠵᠦ᠍᠂ ᠰᠠᠢᠨ ᠠᠷᠭ᠎ᠠ ᠪᠤᠳᠤᠯᠭ᠎ᠠ ᠲᠡᠪᠰᠢᠬᠦᠯᠵᠦ᠂ ᠪᠣᠳᠠᠲᠠᠶ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠬᠦᠯᠬᠦ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ᠃
ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃