2024-03-05 08:28:07
ᠰᠤᠩᠭᠤᠭᠤᠯᠢ ᠪᠡᠷ ᠳᠠᠮᠵᠢᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠵᠥ ᠶᠡᠬᠡ ᠬᠤᠷᠠᠯ᠎ᠤᠨ ᠵᠥᠪᠯᠡᠬᠦ᠌ ᠵᠦᠢᠯ᠎ᠢ ᠪᠠᠲᠤᠯᠠᠪᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ 4 ᠤ᠋ ᠦᠳᠡ᠎ᠶ᠋ᠢᠨ ᠡᠮᠦᠨ᠎ᠡ ᠪᠡᠭᠡᠵᠢᠩ᠎ᠳᠡᠬᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠡᠯᠡᠳᠭᠡᠯ ᠬᠤᠷᠠᠯ ᠬᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠵᠡᠢ᠃ ᠬᠤᠷᠠᠯ᠎ᠠᠴᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠵᠤ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠥᠪᠯᠡᠬᠦ᠌ ᠵᠦᠢᠯ᠎ᠢ ᠪᠠᠲᠤᠯᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠤᠳᠤ ᠪᠠᠢᠭ᠎ᠠ ᠲᠥᠯᠥᠭᠡᠯᠡᠭ᠌ᠴᠢ 2956 ᠪᠤᠢ᠃ 3 ᠰᠠᠷ᠎ᠠ᠎ᠶ᠋ᠢᠨ 3 ᠤ᠋ ᠡᠳᠦᠷ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠲᠤ ᠨᠡᠷ᠎ᠡ ᠮᠡᠳᠡᠬᠦᠯᠦᠭᠰᠡᠨ ᠳᠦᠯᠦᠬᠡᠯᠡᠭᠴᠢ 2897 ᠪᠤᠢ᠃ 4 ᠤ᠋ ᠡᠳᠦᠷ᠎ᠦᠨ ᠪᠡᠯᠡᠳᠭᠡᠯ ᠬᠤᠷᠠᠯ᠎ᠳᠤ 2853 ᠬᠥᠮᠦᠨ ᠣᠷᠣᠯᠴᠠᠵᠤ ᠂ 103 ᠬᠥᠮᠦᠨ ᠣᠷᠣᠯᠴᠠᠭ᠍ᠰᠠᠨ ᠦᠭᠡᠢ ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠵᠡᠢ᠃
ᠵᠤᠤ ᠯᠸ ᠵᠶ᠋ᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ 2024 ᠣᠨ᠎ᠤ 3 ᠰᠠᠷ᠎ᠠ᠎ᠶ᠋ᠢᠨ 5 ᠤ᠋ ᠡᠳᠦᠷ ᠬᠤᠷᠠᠯᠳᠤᠨ᠎ᠠ ᠂ ᠶᠡᠬᠡ ᠬᠤᠷᠠᠯ᠎ᠤᠨ ᠡᠯ᠎ᠡ ᠵᠦᠢᠯ᠎ᠦᠨ ᠪᠡᠯᠡᠳᠭᠡᠯ ᠠᠵᠢᠯ ᠴᠦᠮ ᠪᠡᠯᠡᠬᠡᠨ ᠪᠣᠯᠵᠠᠢ ᠭᠡᠵᠦ᠍ ᠨᠡᠢᠲᠡᠯᠡᠪᠡ᠃
ᠵᠣᠣ ᠯᠸ ᠵᠢᠶ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠵᠢᠯᠣᠭᠣᠳᠭᠤ ᠦᠵᠡᠯ ᠰᠠᠨᠠᠭ᠎ᠠ ᠪᠣᠯ ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ ᠴᠢᠩᠭᠠᠳᠭᠠᠨ᠂ 《ᠳᠥᠷᠪᠡᠨ ᠢᠲᠡᠭᠡᠯ》᠎ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ᠎ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠎ᠵᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠦᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠳᠤᠷ ᠪᠠᠷᠢᠮᠲᠠᠯᠠᠨ᠂ ᠪᠦᠷᠢᠨ ᠲᠡᠭᠦᠯᠳᠡᠷ ᠰᠠᠢᠲᠤᠷ ᠬᠡᠷᠡᠭ᠌ᠵᠢᠭᠦᠯᠵᠦ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠂ ᠶᠡᠬᠡ ᠬᠤᠷᠠᠯ᠎ᠤᠨ ᠡᠯ᠎ᠡ ᠵᠦᠶ᠋ᠯ᠎ᠦᠨ ᠡᠭᠦᠷᠭᠡ᠎ᠪᠠᠨ ᠲᠡᠭᠦᠰ ᠠᠮᠵᠢᠯᠲᠠ᠎ᠲᠠᠶ ᠪᠡᠶᠡᠯᠡᠭᠦᠯᠵᠦ᠂ ᠶᠡᠬᠡ ᠬᠤᠷᠠᠯ᠎ᠢ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠬᠦ᠌ ᠠᠳᠭᠤᠵᠤ ᠪᠣᠳᠠᠲᠠᠶ ᠬᠢᠬᠦ᠂ ᠪᠦᠯᠬᠦᠮᠳᠡᠨ ᠳᠠᠪᠱᠢᠭ᠍ᠰᠠᠨ ᠶᠡᠬᠡ ᠬᠤᠷᠠᠯᠪᠤᠯᠭᠠᠨ ᠬᠤᠷᠠᠯᠳᠤᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢᠴᠢᠯᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠢᠲᠡᠭᠡᠯ ᠵᠣᠷᠢᠭ᠎ᠢᠶᠠᠨ ᠪᠠᠲᠤᠳᠭᠠᠨ᠂ ᠨᠢᠭᠡ ᠰᠡᠳᠭᠢᠯ ᠨᠡᠢᠲᠡ᠎ᠶᠢᠨ ᠵᠣᠷᠢᠭ᠎ᠢᠶᠡᠷ ᠱᠢᠷᠭᠠᠭᠤ ᠬᠠᠳᠠᠭᠤᠵᠢᠯᠲᠠᠢ ᠠᠵᠢᠯᠯᠠᠵᠤ᠂ ᠡᠷᠡᠯᠬᠡᠭ᠌ᠯᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ ᠵᠢᠭᠠᠵᠤ ᠭᠠᠷᠭᠠᠪᠠ᠃
ᠪᠡᠯᠡᠳᠭᠡᠯ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 181 ᠬᠥᠮᠦᠨ᠎ᠢᠶᠡᠷ ᠪᠦᠷᠢᠯᠳᠦᠵᠦ᠍᠂ ᠯᠢ ᠬᠣᠩ ᠵᠥᠩ ᠶᠡᠬᠡ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ᠎ᠪᠠᠷ ᠰᠣᠩᠭᠣᠭ᠍ᠳᠠᠵᠠᠢ᠃
ᠪᠠᠲᠤᠯᠠᠯᠳᠠ ᠬᠢᠵᠤ ᠪᠠᠳᠤᠯᠠᠭᠰᠠᠨ ᠬᠤᠷᠠᠯ ᠤ᠋ᠨ ᠵᠦᠪᠯᠡᠬᠦ ᠵᠦᠢᠯ ᠢ᠋ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠨᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠵᠦ᠂ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ᠂ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ ᠢ᠋ ᠬᠢᠨᠠᠨ ᠪᠠᠢᠴᠠᠭᠠᠵᠤ᠂ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠢ᠋ ᠬᠢᠨᠠᠨ ᠪᠠᠢᠴᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ(ᠵᠠᠰᠠᠪᠤᠷᠢ ᠣᠷᠣᠭᠤᠯᠬᠤ ᠲᠥᠰᠦᠯ)》ᠵᠢ ᠲᠡᠪᠰᠢᠭᠦᠯᠦᠨ ᠬᠢᠨᠠᠨ ᠵᠦᠪᠯᠡᠭᠦᠯᠬᠦ ᠲᠤᠬᠠᠢ ᠰᠠᠨᠠᠯ ᠵᠥᠪᠯᠡᠯᠭᠡ᠎ᠶ᠋ᠢ ᠬᠢᠨᠠᠨ ᠵᠦᠪᠯᠡᠵᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢ ᠬᠢᠨᠠᠨ ᠵᠦᠪᠯᠡᠵᠦ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢ ᠬᠢᠨᠠᠨ ᠵᠦᠪᠯᠡᠵᠦ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢ ᠬᠢᠨᠠᠨ ᠵᠦᠪᠯᠡᠨ᠎ᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠣᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠸᠯᠠᠢᠲ᠋ᠢ · ᠵᠠᠺᠸᠯ᠂ ᠨᠠᠷᠢᠨ ᠪᠢᠴᠢᠭ᠎ᠦᠨ ᠳᠠᠷᠤᠭ᠎ᠠ ᠯᠢᠦ ᠴᠢ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃