2024-03-05 09:34:20
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠬᠣᠶᠠᠳᠤᠭᠠᠷ ᠬᠤᠷᠠᠯ 5 ᠤ᠋ ᠦᠳᠡ᠎ᠶ᠋ᠢᠨ ᠡᠮᠦᠨᠡᠬᠢ 9 ᠴᠠᠭ᠎ᠲᠤ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠵᠥ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠢᠳ ᠯᠢ ᠴᠢᠶᠠᠩ᠎ᠤᠨ ᠵᠠᠰᠠᠭ᠎ᠤᠨ ᠣᠷᠳᠣᠨ᠎ᠤ ᠠᠵᠢᠯ᠎ᠤᠨ ᠲᠤᠬᠠᠶ ᠢᠯᠡᠳᠭᠡᠯ᠎ᠢ ᠰᠣᠨᠣᠰᠴᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠳᠤᠬᠠᠢ ᠮᠡᠳᠡᠭᠦᠯᠦᠯᠲᠡ ᠵᠢᠴᠢ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠵᠥ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠪᠤᠯᠤᠨ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠳᠤᠬᠠᠢ ᠮᠡᠳᠡᠭᠦᠯᠦᠯᠲᠡ ᠵᠢᠴᠢ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠨ᠎ᠠ᠂ ᠪᠦᠬᠦ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠎ᠦᠨ ᠬᠢᠭᠰᠡᠨ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ᠎ᠶ᠋ᠢ ᠰᠣᠨᠣᠰᠤᠨ᠎ᠠ᠃ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠥᠬᠥᠳᠡ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠨ᠎ᠡ᠃
5 ᠤ᠋ ᠦᠳᠡ᠎ᠶ᠋ᠢᠨ ᠡᠮᠦᠨ᠎ᠡ᠂ ᠪᠦᠬᠦ᠌ ᠤᠯᠤᠰ᠎ᠤᠨ ᠤᠯᠤᠰ ᠲᠦᠷᠦ᠍ ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ ᠳᠤ ᠣᠷᠣᠯᠴᠠᠬᠰᠠᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ᠎ᠶ᠋ᠢ ᠰᠣᠨᠣᠰᠤᠨ᠎ᠠ᠃ 5 ᠤ᠋ ᠦᠳᠡ᠎ᠶ᠋ᠢᠨ ᠬᠣᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ ᠳᠤᠭᠤᠢᠯᠠᠩ᠎ᠤᠨ ᠬᠤᠷᠠᠯ ᠬᠤᠷᠠᠯᠳᠤᠭᠤᠯᠵᠥ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠨ᠎ᠡ᠃
ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠡᠬᠢᠯᠡᠯᠲᠡ᠎ᠶ᠋ᠢᠨ ᠬᠤᠷᠠᠯ᠎ᠢ ᠠᠬᠤᠶ ᠲᠠᠯᠠᠪᠠᠶ᠎ᠶ᠋ᠢᠨ ᠱᠢᠭᠤᠳ ᠨᠡᠪᠲᠡᠷᠡᠭᠦᠯᠭᠡ ᠬᠢᠵᠦ᠍ ᠂ ᠱᠢᠨᠬᠤᠸᠠ ᠰᠦᠯᠵᠢᠶ᠎ᠡ ᠡᠬᠢᠯᠡᠯᠲᠡ᠎ᠶ᠋ᠢᠨ ᠬᠤᠷᠠᠯ ᠢ᠋ ᠠᠬᠤᠢ ᠳᠠᠯᠠᠪᠠᠢ ᠵᠢᠨ ᠵᠢᠷᠤᠭ ᠪᠠ ᠥᠰᠥᠭ ᠪᠢᠴᠢᠭ ᠵᠢᠡᠷ ᠱᠢᠭᠤᠳ ᠨᠡᠪᠲᠡᠷᠡᠭᠦᠯᠭᠡ ᠬᠢᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃