2024-03-05 09:37:34
ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ 4 ᠤ᠋ ᠦᠳᠡ᠎ᠶ᠋ᠢᠨ ᠡᠮᠦᠨ᠎ᠡ ᠪᠡᠭᠡᠵᠢᠩ᠎ᠳᠡᠬᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠩᠬᠠᠳᠤᠭᠠᠷ ᠤᠳᠠᠭ᠎ᠠ ᠵᠢᠨ ᠬᠤᠷᠠᠯ ᠬᠢᠪᠠ᠃ ᠪᠦᠬᠦ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠵᠠᠢ᠃
ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠳᠤ ᠤᠷᠤᠯᠴᠠᠬᠤ ᠶᠤᠰᠤᠳᠠᠢ ᠬᠦᠮᠦᠨ 181 ᠪᠠᠢᠵᠤ᠂ 180 ᠬᠥᠮᠦᠨ ᠣᠷᠣᠯᠴᠠᠵᠤ᠂ 1 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ ᠦ ᠲᠣᠭ᠎ᠠ᠎ᠳᠤ ᠨᠡᠢᠴᠡᠪᠡ᠃
ᠬᠤᠷᠠᠯ᠎ᠡᠴᠡ ᠡᠩ ᠲᠡᠷᠢᠭᠦᠨ᠎ᠳᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠎ᠶ᠋ᠢ ᠳᠡᠪᠱᠢᠭᠦᠯᠦᠨ ᠰᠣᠩᠭᠣᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ ᠶ᠋ᠢᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ᠎ᠦᠨ ᠳᠠᠷᠤᠭ᠎ᠠ ᠡᠭᠦᠷᠭᠡᠯᠡᠨ᠎ᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠡᠷᠢᠭᠦᠯᠡᠭ᠌ᠴᠢᠳ ᠦᠨ ᠪᠦᠯᠬᠦᠮ᠎ᠦᠨ ᠬᠤᠷᠠᠯ ᠢ ᠬᠤᠷᠠᠯᠳᠤᠭᠤᠯᠬᠤ ᠪᠥᠭᠡᠳ ᠡᠷᠬᠢᠯᠡᠨ᠎ᠡ᠃
ᠬᠤᠷᠠᠯ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠡᠳᠦᠷ᠎ᠦᠨ ᠳᠠᠷᠠᠭᠠᠯᠠᠯ᠎ᠢ ᠪᠠᠲᠤᠯᠠᠪᠠ᠃ ᠬᠤᠷᠠᠯ ᠤᠨ ᠡᠳᠦᠷ᠎ᠦᠨ ᠳᠠᠷᠠᠭᠠᠯᠠᠯ᠎ᠢ ᠦᠨᠳᠦᠰᠦᠯᠡᠪᠡᠯ᠂ ᠡᠨᠡ ᠤᠳᠠᠭ᠎ᠠ᠎ᠶ᠋ᠢᠨ ᠶᠡᠬᠡ ᠬᠤᠷᠠᠯ ᠢ 3 ᠰᠠᠷ᠎ᠠ᠎ᠶ᠋ᠢᠨ 5 ᠤ᠋ ᠦᠳᠡ᠎ᠶ᠋ᠢᠨ ᠡᠮᠦᠨ᠎ᠡ ᠡᠬᠢᠯᠡᠬᠦᠯᠵᠦ᠍᠂ 3 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ ᠲᠡᠭᠦᠰᠬᠡᠬᠦ ᠪᠡᠷ ᠳᠤᠬᠳᠠᠪᠠ᠂ ᠬᠤᠷᠠᠯ᠎ᠤᠨ ᠬᠤᠭᠤᠴᠠᠭ᠎ᠠ ᠨᠢ 7 ᠡᠳᠦᠷ ᠪᠤᠯᠤᠨ᠎ᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠦᠨ ᠲᠣᠭ᠍ᠲᠠᠭᠠᠯ ᠢ ᠦᠨᠳᠦᠰᠦᠯᠡᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠠᠩᠬᠠᠳᠤᠭᠠᠷ ᠤᠳᠠᠭ᠎ᠠ ᠵᠢᠨ ᠬᠤᠷᠠᠯ᠎ᠡᠴᠡ ᠳᠡᠪᠰᠢᠭᠦᠯᠦᠨ ᠰᠤᠩᠭᠤᠭᠰᠠᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠨᠠᠷ ᠲᠤᠰ ᠲᠤᠰ ᠤᠳᠠᠭ᠎ᠠ ᠪᠦᠷᠢ᠎ᠶ᠋ᠢᠨ ᠶᠡᠬᠡ ᠬᠤᠷᠠᠯ᠎ᠤᠨ ᠪᠦᠬᠦᠳᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠨ᠎ᠡ᠃ ᠪᠠᠲᠤᠯᠠᠯᠲᠠ ᠬᠢᠬᠦ᠌᠎ᠪᠡᠷ ᠳᠠᠮᠵᠢᠨ᠂ ᠬᠤᠷᠠᠯ᠎ᠡᠴᠡ ᠶᠡᠬᠡ ᠬᠤᠷᠠᠯ᠎ᠤᠨ ᠪᠦᠭᠦᠳᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢ ᠳᠡᠪᠰᠢᠭᠦᠯᠦᠨ ᠰᠤᠩᠭᠤᠪᠠ᠃
ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠯᠢᠦ ᠴᠢ᠂ ᠯᠢᠦ ᠵᠢᠶᠦ᠋ᠨ ᠴᠧᠨ᠂ ᠱᠢᠨ ᠴᠦᠨ ᠶᠢᠩ᠂ ᠯᠧᠦ ᠴᠢᠨ ᠵᠢᠶᠠᠨ᠂ ᠺᠦᠩ ᠱᠤᠤ ᠱᠢᠶᠦ᠋ᠨ᠂ ᠯᠢᠦ ᠵᠢᠶᠠᠨ ᠪᠥᠸᠧ᠎ᠶ᠋ᠢ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠪᠤᠯᠭᠠᠬᠤ᠎ᠪᠠᠷ ᠲᠣᠭ᠍ᠲᠠᠭᠠᠪᠠ᠃ ᠬᠤᠷᠠᠯ᠎ᠡᠴᠡ ᠯᠧᠦ ᠴᠢᠨ ᠵᠢᠶᠠᠨ ᠳ᠋ᠤ ᠶᠡᠬᠡ ᠬᠤᠷᠠᠯ᠎ᠤᠨ ᠥᠭᠦᠯᠡᠭ᠌ᠴᠢ᠎ᠶ᠋ᠢᠨ ᠲᠤᠱᠢᠶᠠᠯ᠎ᠢ ᠬᠠᠪᠰᠤᠷᠭᠠᠨ ᠡᠭᠦᠷᠭᠡᠯᠡᠭᠦᠯᠬᠦ᠎ᠪᠠᠷ ᠲᠣᠭ᠍ᠲᠠᠪᠠ᠃
ᠬᠤᠷᠠᠯ ᠡᠴᠡ ᠪᠠᠳᠤᠯᠠᠯᠳᠠ ᠬᠢᠬᠦ ᠪᠡᠷ ᠳᠠᠮᠵᠢᠨ᠂ ᠶᠡᠬᠡ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠦᠨ ᠰᠠᠨᠠᠯ ᠵᠥᠪᠯᠡᠯᠭᠡ ᠳᠤᠷᠠᠳᠭᠤ ᠴᠠᠭ᠎ᠢ 3 ᠰᠠᠷ᠎ᠠ᠎ᠶ᠋ᠢᠨ 8 ᠤ᠋ 12 ᠴᠠᠭ᠎ᠢᠶᠠᠷ ᠬᠢᠵᠠᠭᠠᠷᠯᠠᠬᠤ᠎ᠪᠠᠷ ᠲᠤᠭᠳᠠᠭᠠᠪᠠ᠃ ᠬᠤᠷᠠᠯ᠎ᠤᠨ ᠬᠤᠭᠤᠴᠠᠭᠠᠨ᠎ᠳᠤ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠪᠦᠯᠬᠦᠮ ᠪᠠ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠤ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠰᠤᠳᠤᠯᠵᠤ᠂ ᠱᠢᠢᠳᠪᠦᠷᠢᠯᠡᠬᠦ᠌ ᠰᠠᠨᠠᠯ ᠳᠤᠷᠠᠳᠴᠤ᠌᠂ ᠲᠡᠷᠢᠭᠦᠯᠡᠭ᠌ᠴᠢᠳ᠎ᠦᠨ ᠪᠦᠯᠬᠦᠮ ᠳᠦ ᠮᠡᠳᠡᠭᠦᠯᠦᠨ ᠲᠣᠭ᠍ᠲᠠᠭᠠᠯ ᠭᠠᠷᠭᠠᠯᠭᠠᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃