2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-05 09:42:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 4 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ ᠤ᠋ᠨ ᠶᠡᠭᠡ ᠬᠤᠷᠠᠯ ᠤ᠋ᠨ ᠲᠠᠩᠬᠢᠮ ᠳ᠋ᠤ ᠬᠤᠷᠢᠨ ᠬᠤᠶᠠᠳᠤᠭᠠᠷ ᠤᠳᠠᠭ᠎ᠠ ᠵᠢᠨ ᠬᠤᠷᠢᠶᠠᠨ ᠲᠠᠷᠤᠭ᠎ᠠ ᠵᠢᠨ ᠬᠤᠷᠠᠯ ᠬᠤᠷᠠᠯᠳᠤᠭᠤᠯᠪᠠ᠃ ᠬᠣᠷᠢᠶᠠᠨ ᠳᠠᠷᠤᠭ᠎ᠠ ᠵᠣᠣ ᠯᠸ ᠵᠢᠶ ᠬᠤᠷᠠᠯ ᠢ᠋ ᠡᠷᠭᠢᠯᠡᠪᠡ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ ᠵᠦᠢᠯ᠎ᠦᠨ ᠲᠥᠰᠦᠯ ᠎ᠢ ᠬᠢᠨᠠᠨ ᠵᠦᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠶᠠᠷ ᠲᠥᠰᠦᠯ᠎ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠤ᠋ᠨ ᠪᠡᠯᠡᠳᠭᠡᠯ ᠬᠤᠷᠠᠯ᠎ᠳᠤ ᠳᠡᠪᠱᠢᠭᠦᠯᠤᠨ ᠰᠤᠨᠭᠭᠤᠭᠤᠯᠢ ᠬᠢᠯᠭᠡᠬᠦ ᠪᠡ ᠪᠠᠳᠤᠯᠠᠯᠳᠠ ᠬᠢᠯᠭᠡᠬᠦ ᠪᠡᠷ ᠲᠤᠬᠳᠠᠵᠠᠢ᠃

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠣᠷᠢᠶᠠᠨ ᠳᠠᠷᠤᠭ᠎ᠠ ᠯᠢ ᠬᠣᠩ ᠵᠥᠩ᠂ ᠸᠠᠩ ᠳ᠋ᠦᠩ ᠮᠢᠩ᠂ ᠱᠢᠶᠤᠤ ᠵᠢᠶᠧ᠂ ᠵᠧᠩ ᠵᠢᠶᠠᠨ ᠪᠠᠩ᠂ ᠳ᠋ᠢᠩ ᠵᠥᠩ ᠯᠢ᠂ ᠬᠤᠸ᠋ ᠮᠢᠩ ᠵᠢᠨ᠂ ᠼᠠᠢ ᠳ᠋ᠠ ᠹᠸᠩ᠂ ᠾᠧ ᠸᠧᠶ᠂ ᠦ᠋ ᠸᠧᠶ ᠬᠤᠸᠠ᠂ ᠲᠢᠶᠸ ᠨᠢᠩ᠂ ᠫᠸᠩ ᠴᠢᠩ ᠬᠤᠸᠠ᠂ ᠵᠠᠩ ᠴᠢᠩ ᠸᠧᠶ᠂ ᠯᠣᠪᠰᠠᠩᠵᠠᠯᠰᠠᠨ᠂ ᠱᠢᠤᠸᠠᠢᠺᠸᠯᠠᠢᠲ· ᠵᠠᠺᠸᠯ ᠬᠤᠷᠠᠯ᠎ᠳᠤ ᠣᠷᠣᠯᠴᠠᠵᠠᠶ᠃

3 ᠎ᠤ᠋ ᠦᠳᠡ᠎ᠶ᠋ᠢᠨ ᠬᠣᠢᠨ᠎ᠠ ᠪᠠ ᠤᠷᠤᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠳᠤ ᠣᠷᠣᠯᠴᠠᠬᠤ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠤᠷᠠᠯ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ ᠵᠦᠢᠯ᠎ᠦᠨ ᠲᠥᠰᠦᠯ᠎ᠢ ᠬᠢᠨᠠᠨ ᠵᠥᠪᠯᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面