2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-05 10:43:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠢᠯ᠎ᠤᠨ ᠠᠵᠢᠯ ᠬᠠᠪᠤᠷ ᠳᠠᠭᠠᠨ᠂ ᠲᠡᠮᠡᠴᠡᠯ ᠤ᠋ᠨ ᠠᠶᠠᠨ ᠳ᠋ᠠᠭᠠᠨ ᠳᠠᠬᠢᠨ ᠮᠤᠷᠳᠠᠨ᠎ᠠ᠃ 3 ᠰᠠᠷ᠎ᠠ᠎ᠶ᠋ᠢᠨ 5 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ ᠪᠡᠭᠡᠵᠢᠩ᠎ᠳᠦ ᠡᠬᠢᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 3000 ᠱᠢᠬᠠᠮ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠨᠡᠢᠰᠯᠡᠯ ᠬᠤᠳᠠᠨ᠎ᠠ ᠬᠤᠷᠠᠨ ᠴᠤᠭ᠍ᠯᠠᠷᠠᠵᠤ ᠤᠯᠤᠰ᠎ᠤᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠪᠦᠯᠬᠦᠮᠳᠡᠨ ᠲᠡᠮᠡᠴᠡᠵᠦ᠍᠂ ᠡᠷᠡᠮᠡᠬᠡᠢᠯᠡᠨ ᠳᠡᠮᠡᠴᠡᠵᠥ᠂ ᠬᠦᠴᠢᠷ᠎ᠢ ᠰᠦᠷᠦᠨ ᠤᠷᠤᠭ᠍ᠰᠢᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠠᠶᠤᠯ ᠲᠦᠭ᠌ᠰᠢᠭᠦᠷᠢ᠎ᠶ᠋ᠢ ᠠᠷᠢᠯᠭᠠᠬᠤ᠂ ᠪᠣᠭᠣᠮᠲᠠ ᠱᠢᠪᠲᠤᠯᠬᠤ᠂ ᠬᠤᠪᠢᠷᠠᠯᠲᠠ᠎ᠶ᠋ᠢ ᠠᠷᠭᠠᠴᠠᠭᠠᠬᠤ ᠳᠤᠮᠳᠠ ᠱᠢᠨ᠎ᠡ ᠠᠵᠠ ᠲᠣᠬᠢᠶᠠᠯ ᠱᠢᠨ᠎ᠡ ᠬᠢᠷᠢ ᠪᠦᠲᠦᠮᠵᠢ᠎ᠶ᠋ᠢ ᠡᠭᠦᠳᠴᠦ᠍ ᠂ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠢᠲᠡᠭᠡᠯ ᠵᠣᠷᠢᠭ ᠪᠠ ᠢᠳᠡ ᠬᠦᠴᠦᠨ᠎ᠢ ᠲᠤᠢᠯ᠎ᠤᠨ ᠶᠡᠬᠡ᠎ᠪᠡᠷ ᠡᠷᠴᠢᠯᠡᠪᠡ᠃ ᠨᠢᠭᠡ ᠵᠢᠯ᠎ᠦᠨ ᠲᠤᠷᠰᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠍ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠵᠢᠨ ᠳᠤᠭᠤᠷᠢᠨ ᠳ᠋ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠪᠠᠷ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠂ ᠭᠠᠳᠠᠭᠠᠳᠤ ᠬᠠᠷᠢᠯᠴᠠᠭ᠎ᠠ᠂ ᠲᠤᠰ ᠪᠡᠶ᠎ᠡ᠎ᠶ᠋ᠢᠨ ᠪᠠᠢᠭᠤᠯᠤᠯᠲᠠ ᠵᠡᠷᠭᠡ ᠡᠯ᠎ᠡ ᠲᠠᠯ᠎ᠠ᠎ᠶ᠋ᠢᠨ ᠠᠵᠢᠯ ᠱᠢᠨ᠎ᠡ ᠠᠬᠢᠴᠠ᠎ᠲᠠᠶ ᠪᠤᠯᠵᠤ᠂ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃

ᠳᠠᠯᠠᠨ ᠵᠢᠯ ᠤ᠋ᠨ ᠰᠦᠷ ᠳᠠᠯᠠᠢᠴᠠᠲᠠᠶ ᠲᠡᠮᠡᠴᠡᠯ᠂ ᠳᠠᠯᠠᠨ ᠵᠢᠯ ᠤ᠋ᠨ ᠬᠢᠯᠠᠯᠵᠠᠬᠰᠠᠨ ᠠᠮᠵᠢᠯᠳᠠ ᠪᠦᠲᠦᠮᠵᠢ᠃ ᠡᠨᠡ ᠵᠢᠯ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠤᠢ ᠮᠦᠨ᠃ 70 ᠵᠢᠯ᠎ᠦᠨ ᠲᠤᠷᠰᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠨᠢ ᠨᠠᠮ ᠡᠴᠡ ᠠᠷᠠᠳ ᠲᠦᠮᠡᠨ᠎ᠢ ᠤᠳᠤᠷᠢᠳᠤᠨ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ᠎ᠶ᠋ᠢᠨ ᠭᠠᠢᠬᠠᠮᠱᠢᠭ ᠪᠠ ᠨᠡᠢᠭᠡᠮ ᠣᠷᠳᠣ ᠬᠤᠭᠤᠴᠠᠭ᠎ᠠ ᠲᠣᠭ᠍ᠲᠠᠭᠤᠨ ᠪᠠᠢᠬᠤ ᠭᠠᠢᠬᠠᠮᠱᠢᠭ᠎ᠢ ᠡᠭᠦᠳᠬᠦ᠌᠎ᠳᠦ ᠴᠢᠬᠤᠯᠠ ᠪᠠᠢᠭᠤᠯᠤᠯ᠎ᠦᠨ ᠪᠠᠲᠤᠯᠠᠭ᠎ᠠ ᠬᠠᠩᠭᠠᠪᠠ᠃ ᠢᠯᠠᠩᠭᠤᠶ᠎ᠠ ᠱᠢᠨ᠎ᠡ ᠴᠠᠭ ᠦᠶ᠎ᠡ᠎ᠡᠴᠡ ᠨᠠᠭᠠᠰᠢ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠢᠭᠤᠯᠤᠯ᠎ᠦᠨ ᠱᠢᠰᠲ᠋ᠧᠮ ᠲᠠᠰᠤᠷᠠᠯᠲᠠ ᠥᠬᠡᠶ ᠪᠦᠷᠢᠨᠱᠢᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠨᠠᠩ ᠪᠣᠯᠪᠠᠰᠤᠷᠠᠩᠭᠤᠶ ᠪᠣᠯᠵᠣ᠂ ᠨᠠᠩ ᠬᠡᠯᠪᠡᠷᠢᠱᠢᠪᠡ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠪᠣᠳᠠᠲᠤ ᠪᠠᠢᠳᠠᠯ᠎ᠲᠠᠶ ᠨᠡᠢᠴᠡᠬᠦ᠂ ᠨᠡᠢᠭᠡᠮ ᠵᠢᠷᠤᠮᠲᠤ ᠤᠯᠤᠰ᠎ᠤᠨ ᠱᠢᠨᠵᠢ ᠴᠢᠨᠠᠷ᠎ᠢ ᠢᠯᠡᠷᠡᠭᠦᠯᠬᠦ᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ ᠰᠠᠢ᠌ᠨ ᠪᠠᠢᠭᠤᠯᠤᠯ ᠮᠥᠨ᠂ ᠮᠠᠨ᠎ᠤ ᠨᠠᠮ ᠡᠴᠡ ᠠᠷᠠᠳ ᠲᠦᠮᠡᠨ᠎ᠢ ᠤᠳᠤᠷᠢᠳᠤᠨ ᠬᠥᠮᠦᠨ ᠲᠥᠷᠥᠯᠬᠢᠲᠡᠨ᠎ᠦ ᠤᠯᠤᠰ ᠲᠦᠷᠦ᠍᠎ᠶ᠋ᠢᠨ ᠪᠠᠢᠭᠤᠯᠤᠯ᠎ᠤᠨ ᠲᠡᠦᠬᠡᠨ ᠳᠡᠭᠡᠷ᠎ᠠ ᠪᠢᠴᠢᠭᠯᠡᠭᠰᠡᠨ ᠠᠭᠤᠤ ᠶᠡᠬᠡ ᠡᠭᠦᠳᠦᠯᠲᠡ ᠮᠥᠨ᠂ ᠮᠠᠨ᠎ᠤ ᠤᠯᠤᠰ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠲᠡᠦᠬᠡ ᠴᠢᠨᠠᠭ᠍ᠰᠢᠯᠠᠪᠠᠯ ᠳᠡᠯᠡᠬᠡᠢ᠎ᠶ᠋ᠢᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠴᠣ ᠱᠢᠨ᠎ᠡ ᠤᠯᠤᠰ ᠲᠦᠷᠦ᠍᠎ᠶ᠋ᠢᠨ ᠪᠠᠢᠭᠤᠯᠤᠯ ᠮᠥᠨ᠂ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠠᠰᠤᠷᠠᠯᠳᠠ ᠦᠭᠡᠢ ᠬᠥᠭ᠌ᠵᠢᠭᠦᠯᠬᠦ᠌ ᠬᠡᠷᠡᠭ᠌ᠲᠡᠢ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃

ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠠᠷᠠᠳ ᠲᠦᠮᠡᠨ ᠪᠣᠯ ᠱᠢᠢᠳᠪᠦᠷᠢᠯᠡᠭ᠌ᠴᠢ ᠴᠢᠨᠠᠷᠲᠠᠢ ᠬᠦᠴᠦᠨ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠦᠢᠯᠡᠰ ᠮᠥᠨ᠂ ᠪᠠᠰᠠ ᠴᠤ᠌ ᠲᠦᠭ᠌ᠰᠢᠭᠦᠷᠢ ᠪᠠ ᠥᠷᠢᠰᠥᠯᠳᠦᠭᠡᠨ᠎ᠢᠶᠡᠷ ᠳᠦᠭᠦᠷᠦᠭ᠌ᠰᠡᠨ᠂ ᠱᠢᠷᠭᠠᠭᠤ ᠬᠠᠲᠠᠭᠤᠵᠢᠯᠲᠠᠶ ᠴᠢᠷᠮᠠᠢᠯᠭ᠎ᠠ ᠭᠠᠷᠭᠠᠬᠤ ᠴᠢᠬᠤᠯᠠᠲᠠᠶ ᠠᠤᠭ᠎ᠠ ᠶᠡᠬᠡ ᠦᠢᠯᠡᠰ ᠮᠥᠨ᠂ ᠡᠷᠬᠡᠪᠰᠢ ᠪᠦᠬᠦ᠌ ᠠᠷᠠᠳ ᠲᠦᠮᠡᠨ ᠬᠠᠮᠲᠤ᠎ᠪᠠᠷ ᠣᠷᠣᠯᠴᠠᠬᠤ᠂ ᠬᠠᠮᠲᠤ᠎ᠪᠠᠷ ᠪᠦᠳᠦᠭᠡᠨ ᠪᠠᠢᠭᠤᠯᠬᠤ᠂ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠵᠤ᠂ ᠪᠦᠬᠦ᠌ ᠠᠷᠠᠳ ᠲᠦᠮᠡᠨ᠎ᠳᠦ ᠨᠢᠭ᠍ᠲᠠ ᠲᠦᠱᠢᠭ᠌ᠯᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠶᠡᠬᠡ ᠦᠢᠯᠡᠰ᠎ᠢ ᠬᠠᠮᠲᠤ᠎ᠪᠠᠷ ᠪᠦᠲᠦᠭᠡᠬᠦ᠌ ᠬᠡᠷᠡᠭ᠌ᠲᠡᠶ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠪᠦᠬᠦ᠌ ᠠᠷᠠᠳ ᠲᠦᠮᠡᠨ᠎ᠦ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠶ᠋ᠢ ᠬᠥᠭ᠌ᠵᠢᠭᠡᠵᠦ᠍᠂ ᠠᠷᠠᠳ ᠲᠦᠮᠡᠨ᠎ᠦ ᠳᠤᠮᠳᠠ ᠬᠠᠳᠠᠭᠠᠯᠠᠭ᠍ᠳᠠᠵᠤ ᠪᠠᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠳᠤᠷᠠᠯ ᠬᠦᠴᠦᠨ᠎ᠢ ᠪᠦᠷᠢᠯᠳᠦᠭᠦᠯᠪᠡᠯ ᠰᠠᠶᠢ ᠠᠤᠭ᠎ᠠ ᠶᠡᠬᠡ ᠵᠢᠷᠤᠭ ᠲᠥᠰᠦᠪ᠎ᠢ ᠠᠯᠬᠤᠮ ᠠᠯᠬᠤᠮ᠎ᠢᠶᠠᠷ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠃

ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠪᠦᠬᠦ᠌ ᠬᠡᠯᠬᠢᠶᠡᠨ᠎ᠦ᠂ ᠪᠦᠬᠦ᠌ ᠲᠠᠯ᠎ᠠ᠎ᠶ᠋ᠢᠨ᠂ ᠪᠦᠬᠦᠨ᠎ᠢ ᠬᠠᠮᠤᠷᠤᠭ᠍ᠰᠠᠨ ᠠᠷᠠᠳᠴᠢᠯᠠᠯ ᠮᠥᠨ᠂ ᠬᠠᠮᠤᠭ᠎ᠤᠨ ᠥᠷᠭᠡᠨ ᠳᠡᠯᠭᠡᠷ᠂ ᠬᠠᠮᠤᠭ᠎ᠤᠨ ᠦᠨᠡᠨ ᠪᠣᠳᠠᠲᠠᠢ᠂ ᠬᠠᠮᠤᠭ᠎ᠤᠨ ᠲᠤᠰᠠᠲᠠᠢ ᠨᠡᠢᠭᠡᠮ ᠵᠢᠷᠤᠮ᠎ᠤᠨ ᠠᠷᠠᠳᠴᠢᠯᠠᠯ ᠮᠥᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠤᠨ ᠠᠴᠢᠶᠠᠯᠠᠪᠤᠷᠢ ᠮᠥᠨ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠤᠨ ᠠᠯᠢᠪᠠ ᠡᠷᠬᠡ ᠠᠷᠠᠳ ᠲᠦᠮᠡᠨ᠎ᠦ ᠬᠢ ᠪᠣᠯᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢᠶᠠᠷ ᠳᠠᠮᠵᠢᠭᠤᠯᠤᠨ ᠲᠦᠷᠦ᠍᠎ᠶ᠋ᠢᠨ ᠡᠷᠬᠡ᠎ᠶ᠋ᠢ ᠬᠡᠷᠡᠭ᠌ᠵᠢᠭᠦᠯᠬᠦ᠌᠂ ᠨᠡᠩ ᠥᠷᠭᠡᠨ ᠳᠡᠯᠭᠡᠷ᠂ ᠨᠡᠩ ᠪᠦᠷᠢᠨ ᠭᠦᠢᠴᠡᠳ᠂ ᠨᠡᠩ ᠲᠡᠭᠦᠰ ᠲᠡᠭᠦᠯᠳᠡᠷ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌᠎ᠶ᠋ᠢ ᠳᠡᠮᠵᠢᠨ ᠪᠠᠳᠤᠯᠠᠪᠠᠯ᠂ ᠲᠠᠷᠤᠢ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠎ᠶ᠋ᠢ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠳᠡᠭᠡᠷ᠎ᠡ ᠦᠨᠡᠨ ᠬᠦ᠌ ᠪᠣᠳᠠᠲᠠᠢ᠎ᠪᠠᠷ ᠢᠯᠡᠷᠡᠭᠦᠯᠵᠦ᠍᠂ ᠨᠠᠮ ᠪᠣᠯᠤᠨ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠲᠠᠯ᠎ᠠ ᠡᠯ᠎ᠡ ᠱᠠᠳᠤ ᠳᠠᠪᠬᠤᠷᠭ᠎ᠠ᠎ᠶ᠋ᠢᠨ ᠠᠵᠢᠯ ᠳᠡᠭᠡᠷ᠎ᠡ ᠦᠨᠡᠨ ᠬᠦ᠌ ᠪᠣᠳᠠᠲᠠᠢ᠎ᠪᠠᠷ ᠢᠯᠡᠷᠡᠭᠦᠯᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠠᠵᠢᠯ ᠳᠡᠭᠡᠷ᠎ᠡ ᠦᠨᠡᠨ ᠬᠦ᠌ ᠪᠣᠳᠠᠲᠠᠢ᠎ᠪᠠᠷ ᠢᠯᠡᠷᠡᠭᠦᠯᠵᠦ᠍ ᠴᠢᠳᠠᠨ᠎ᠠ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠵᠤ᠂ ᠠᠷᠠᠳ ᠲᠦᠮᠡᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢᠶᠠᠷ ᠳᠠᠮᠵᠢᠭᠤᠯᠤᠨ ᠲᠦᠷᠦ᠍᠎ᠶ᠋ᠢᠨ ᠡᠷᠬᠡ᠎ᠪᠡᠨ ᠪᠦᠲᠦᠮᠵᠢᠲᠡᠢ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠵᠤ᠂ ᠪᠦᠬᠦ᠌ ᠠᠷᠠᠳ ᠲᠦᠮᠡᠨ᠎ᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭ᠌ᠵᠢᠭᠡᠵᠦ᠍᠂ ᠲᠡᠦᠬᠡ᠎ᠶ᠋ᠢᠨ ᠱᠢᠨ᠎ᠡ ᠠᠭᠤᠤ ᠦᠢᠯᠡᠰ᠎ᠢ ᠲᠠᠰᠤᠷᠠᠯᠳᠠ ᠦᠭᠡᠢ ᠡᠭᠦᠳᠦᠨ ᠪᠦᠲᠦᠭᠡᠬᠦ᠌ ᠬᠡᠷᠡᠭ᠌ᠲᠡᠢ᠃

ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠮᠦᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠮᠦᠨ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》ᠢ᠋ᠢᠨᠨ ᠪᠠᠲᠤᠳᠭᠠᠵᠤ᠂《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠍᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠵᠠᠮ ᠨᠡᠭᠡᠭᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠦᠷᠯᠢᠭ ᠰᠠᠢᠬᠠᠨ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠠ᠃ ᠥᠷᠭᠡᠨ ᠣᠯᠠᠨ ᠲᠥᠯᠥᠭᠡᠯᠡᠭ᠌ᠴᠢ ᠠᠷᠠᠳ ᠲᠦᠮᠡᠨ᠎ᠡᠴᠡ ᠢᠷᠡᠭ᠌ᠰᠡᠨ᠂ ᠠᠷᠠᠳ ᠲᠦᠮᠡᠨ᠎ᠳᠤ ᠦᠨᠳᠦᠰᠦᠯᠡᠭ᠌ᠰᠡᠨ ᠳᠠᠪᠠᠭᠤᠯᠢᠭ᠎ᠢᠶᠠᠨ ᠪᠠᠳᠠᠷᠠᠭᠤᠯᠤᠨ᠂ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠴᠤ᠌᠂ ᠠᠷᠠᠳ᠎ᠤᠨ ᠣᠶᠤᠨ ᠤᠬᠠᠭᠠᠨ᠎ᠢ ᠬᠤᠷᠠᠮᠳᠤᠭᠤᠯᠤᠨ᠂ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠬᠥᠭ᠌ᠵᠢᠭᠡᠬᠦ᠌᠎ᠶ᠋ᠢ ᠬᠦᠰᠡᠵᠦ᠍ ᠪᠠᠢᠨ᠎ᠠ᠃

ᠶᠡᠬᠡ ᠬᠤᠷᠠᠯ᠎ᠤᠨ ᠲᠡᠭᠦᠰ ᠠᠮᠵᠢᠯᠲᠠ ᠲᠠᠢ ᠬᠤᠷᠠᠯᠳᠤᠬᠤ᠎ᠶ᠋ᠢ ᠵᠥᠩᠨᠡᠶ᠎ᠡ!

(ᠰᠢᠨᠬᠤᠸᠠ ᠬᠤᠷᠢᠶ᠎ᠠ ᠵᠢᠨ ᠪᠡᠬᠡᠵᠢᠩ᠎ᠤᠨ3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面