2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-05 10:49:38

ᠵᠣᠬᠢᠶᠠᠭ᠍ᠴᠢ᠄ ᠫᠠᠨ ᠵᠢᠶ᠍ᠸ ᠭᠤᠤ ᠵᠢᠩ ᠸᠸᠨ ᠵᠢᠩ ᠬᠤᠸᠠ ᠣᠩᠱᠢᠭ᠍ᠰᠠᠨ ᠣᠳᠠᠭ᠎ᠠ᠄ 3

ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠬᠦᠰᠡᠯ ᠪᠤᠳᠤᠯ ᠵᠢᠡᠨ ᠠᠭᠤᠵᠢᠷᠠᠳᠠᠯ᠎ᠠ ᠶᠠᠷᠢᠯᠴᠠᠵᠥ ᠢᠳᠡᠬᠡᠯ ᠵᠤᠷᠢᠭ ᠪᠠ ᠬᠦᠴᠦᠨ ᠴᠢᠳᠠᠯ᠎ᠢ ᠳᠠᠮᠵᠢᠭᠤᠯᠤᠨ᠎ᠠ — ᠪᠦᠬᠦ᠌ ᠤᠯᠤᠰ᠎ᠤᠨ ᠤᠯᠤᠰ ᠲᠦᠷᠦ᠍ ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ

3 ᠰᠠᠷ᠎ᠠ᠎ᠶ᠋ᠢᠨ 4 ᠤ᠋ ᠡᠳᠦᠷ᠎ᠦᠨ 14 ᠴᠠᠭ᠎ᠤᠨ ᠦᠶ᠎ᠡ᠎ᠪᠡᠷ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠥᠪ ᠲᠢᠩᠬᠢᠮ᠎ᠦᠨ ᠬᠣᠢᠲᠤ ᠲᠠᠯ᠎ᠠ᠎ᠳᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠠᠩᠬᠠᠳᠠᠭ᠍ᠴᠢ ᠳᠠᠯᠠᠪᠠᠢ《ᠭᠡᠱᠢᠭᠦᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》ᠨᠡᠭᠡᠭᠡᠭ᠌ᠳᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ 9 ᠭᠡᠱᠢᠭᠦᠨ ᠲᠤᠬᠠᠢ᠎ᠶ᠋ᠢᠨ ᠲᠠᠯᠠᠪᠠᠢ᠎ᠶ᠋ᠢᠨ ᠰᠤᠷᠪᠤᠯᠵᠢᠯᠠᠭ᠍ᠴᠢ᠎ᠲᠠᠶ ᠨᠢᠭᠤᠷᠳᠠᠨ ᠶᠠᠷᠢᠯᠴᠠᠵᠤ᠂ ᠱᠢᠨ᠎ᠡ ᠴᠠᠭ ᠦᠶ᠎ᠡ᠎ᠶ᠋ᠢᠨ ᠡᠷᠡᠯᠬᠡᠭ᠌ᠯᠡᠨ ᠲᠡᠮᠡᠴᠡᠭ᠌ᠴᠢ᠎ᠶ᠋ᠢᠨ ᠦᠯᠢᠭᠡᠷ᠎ᠢ ᠶᠠᠷᠢᠵᠤ᠂ ᠨᠡᠢᠭᠡᠮ᠎ᠦᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠲᠤᠱᠢᠶᠠᠯ᠎ᠬᠠᠷᠢᠭᠤᠴᠠᠯᠭ᠎ᠠ ᠪᠠᠨ ᠭᠦᠢᠴᠡᠳᠭᠡᠭᠦ ᠬᠦᠰᠡᠯ ᠪᠤᠳᠤᠯ᠎ᠢᠶᠠᠨ ᠠᠭᠤᠵᠢᠷᠠᠲᠠᠯ᠎ᠠ ᠶᠠᠷᠢᠯᠴᠠᠵᠤ᠂ ᠢᠲᠡᠭᠡᠯ ᠵᠣᠷᠢᠭ ᠪᠠ ᠬᠦᠴᠦᠨ ᠴᠢᠳᠠᠯ ᠢ᠋ ᠳᠠᠮᠵᠢᠭᠤᠯᠪᠠ᠃

ᠡᠩ ᠲᠡᠷᠢᠭᠦᠨ᠎ᠳᠦ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠤᠭ᠍ᠰᠠᠨ ᠨᠢ ᠳᠤᠮᠳᠠᠳᠤ ᠤᠯᠤᠰ᠎ᠤᠨ ᠣᠩᠭᠣᠴᠠ ᠰᠠᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠪ᠎ᠦᠨ ᠰᠤᠳᠤᠯᠤᠭ᠍ᠴᠢ ᠶᠧ ᠼᠦᠩ ᠭᠡᠱᠢᠭᠦᠨ ᠪᠣᠯᠤᠨ᠎ᠠ᠃《ᠲᠡᠮᠡᠴᠡᠭ᠌ᠴᠢ》 ᠨᠡᠷᠡᠮᠵᠢᠲᠦ᠍᠎ᠶ᠋ᠢᠨ ᠶᠡᠷᠦᠩᠬᠡᠢ ᠲᠥᠯᠥᠪᠯᠡᠭ᠌ᠴᠢ ᠪᠣᠯᠤᠭ᠍ᠰᠠᠨ᠎ᠤ ᠬᠤᠪᠢ᠎ᠳᠤ᠂ ᠲᠡᠷᠡ ᠮᠠᠨ᠎ᠤ ᠤᠯᠤᠰ᠎ᠤᠨ ᠬᠥᠮᠦᠨ ᠰᠠᠭᠤᠯᠭᠠᠭ᠍ᠰᠠᠨ ᠱᠤᠩᠭᠤᠭᠤᠷ᠎ᠤᠨ ᠬᠠᠮᠤᠭ᠎ᠤᠨ ᠱᠢᠨ᠎ᠡ 《ᠬᠢᠷᠢ ᠪᠦᠲᠦᠮᠵᠢ᠎ᠶ᠋ᠢᠨ ᠬᠠᠭᠤᠳᠠᠰᠤ》 ᠵᠢ ᠠᠪᠴᠢᠷᠠᠯ᠎ᠠ —

《ᠲᠡᠮᠡᠴᠡᠭ᠌ᠴᠢ》ᠨᠡᠷᠡᠮᠵᠢᠲᠦ 4 ᠵᠢᠯ᠎ᠦᠨ ᠲᠤᠷᠰᠢ 230 ᠭᠠᠷᠤᠢ ᠤᠳᠠᠭ᠎ᠠ ᠱᠤᠩᠭᠤᠵᠤ᠂ ᠡᠭᠦᠨ᠎ᠳᠦ ᠲᠦᠮᠡᠨ ᠮᠸᠲᠷ᠎ᠤᠨ ᠭᠦᠨ᠎ᠢ ᠳᠠᠪᠠᠬᠰᠠᠨ ᠨᠢ 25 ᠤᠳᠠᠭ᠎ᠠ ᠪᠠᠢᠵᠥ᠂ 32 ᠬᠥᠮᠦᠨ ᠲᠦᠮᠡᠨ ᠮᠸᠲᠷ᠎ᠤᠨ ᠳᠠᠯᠠᠢ᠎ᠶ᠋ᠢᠨ ᠢᠷᠣᠭᠠᠷ᠎ᠲᠤ ᠬᠦᠷᠴᠦ᠍ ᠠᠵᠢᠯ᠎ᠢᠶᠠᠨ ᠥᠷᠨᠢᠭᠦᠯᠵᠦ᠂ ᠲᠦᠮᠡᠨ ᠮᠸᠲᠷ᠎ᠤᠨ ᠭᠦᠨ ᠳ᠋ᠤ ᠱᠤᠩᠭᠤᠭ᠍ᠴᠢ᠎ᠶ᠋ᠢᠨ ᠲᠡᠮᠳᠡᠭ᠌ᠯᠡᠯ᠎ᠢ ᠦᠷᠭᠦᠯᠵᠢᠯᠡᠨ ᠱᠢᠨᠡᠳᠭᠡᠪᠡ; 《ᠵᠢᠶᠤᠤ ᠯᠦᠩ》 ᠨᠡᠷᠡᠮᠵᠢᠲᠦ᠂ 《ᠭᠦᠨ ᠳᠠᠯᠠᠢ᠎ᠶ᠋ᠢᠨ ᠪᠠᠭᠠᠲᠤᠷ》 ᠨᠡᠷᠡᠮᠵᠢᠲᠦ᠂ 《ᠲᠡᠮᠡᠴᠡᠭ᠌ᠴᠢ》 ᠨᠡᠷᠡᠮᠵᠢᠲᠦ ᠭᠤᠷᠪᠠᠨ ᠱᠤᠩᠭᠤᠭᠤᠷ ᠨᠡᠢ᠌ᠲᠡ 1100 ᠭᠠᠷᠤᠢ ᠤᠳᠠᠭ᠎ᠠ ᠱᠤᠩᠭᠤᠵᠤ ᠂ ᠤᠢ᠍ᠢᠷ᠎ᠠ᠎ᠶ᠋ᠢᠨ ᠭᠤᠷᠪᠠᠨ ᠵᠢᠯ᠎ᠳᠦ ᠪᠦᠬᠦ᠌ ᠪᠥᠮᠪᠥᠷᠴᠡᠭ᠎ᠦᠨ ᠬᠠᠭᠠᠰ᠎ᠠᠴᠠ ᠳᠡᠭᠡᠭ᠌ᠰᠢᠬᠢ ᠬᠥᠮᠦᠨ ᠰᠠᠭᠤᠯᠭᠠᠭ᠍ᠰᠠᠨ ᠱᠤᠩᠭᠤᠬᠤ ᠡᠭᠦᠷᠭᠡ᠎ᠶ᠋ᠢ ᠪᠡᠶᠡᠯᠡᠭᠦᠯᠪᠡ᠃

ᠶᠧ ᠼᠦᠩ᠂ ᠢᠷᠡᠭᠡᠳᠦᠢ᠎ᠳᠦ ᠬᠠᠨᠳᠤᠬᠤᠶ᠎ᠠ᠂ ᠨᠡᠩ ᠤᠯᠠᠨ ᠲᠠᠯᠠᠢ᠎ᠶ᠋ᠢᠨ ᠣᠷᠣᠨ᠂ ᠪᠤᠰᠤᠳ ᠭᠦᠨ ᠬᠦᠪ ᠵᠢᠴᠢ ᠲᠤᠢᠯ᠎ᠤᠨ ᠣᠷᠣᠨ᠎ᠤ ᠭᠦᠨ ᠳᠠᠯᠠᠢ᠎ᠳᠦ ᠬᠡᠷᠡᠭ᠌ᠯᠡᠭᠡᠨ᠎ᠦ ᠤᠷᠲᠤᠳᠭᠠᠯ᠎ᠢ ᠥᠷᠨᠢᠭᠦᠯᠵᠦ᠍᠂ ᠨᠡᠩ ᠶᠡᠬᠡ ᠬᠡᠪᠴᠢᠶᠡᠨ᠎ᠦ ᠪᠦᠯᠦᠭ᠌ᠯᠡᠨ ᠲᠣᠣᠷ ᠪᠦᠷᠢᠯᠳᠦᠭᠦᠯᠵᠦ᠍ ᠠᠵᠢᠯᠯᠠᠬᠤ ᠴᠢᠳᠠᠪᠤᠷᠢ᠎ᠶ᠋ᠢ ᠢᠯᠡᠷᠡᠭᠦᠯᠵᠦ᠍᠂ ᠣᠭ᠍ᠲᠠᠷᠭᠤᠢ᠎ᠠᠴᠠ ᠤᠰᠤ ᠬᠦᠷᠲᠡᠯ᠎ᠡ᠂ ᠤᠰᠤ᠎ᠠᠴᠠ ᠳᠠᠯᠠᠢ᠎ᠶ᠋ᠢᠨ ᠢᠷᠣᠭᠠᠷ ᠬᠦᠷᠲᠡᠯᠡᠬᠢ ᠪᠣᠰᠣᠭ᠎ᠠ ᠴᠣᠭ᠍ᠴᠠ ᠪᠡᠷ ᠬᠠᠢᠨ ᠬᠡᠮᠵᠢᠬᠦ᠌᠂ ᠠᠵᠢᠯᠯᠠᠬᠤ ᠪᠠ ᠨᠡᠭᠡᠭᠡᠨ ᠬᠥᠭ᠌ᠵᠢᠭᠦᠯᠬᠦ᠌ ᠲᠣᠨᠣᠭ᠍ᠯᠠᠯ᠎ᠤᠨ ᠱᠢᠰᠲ᠋ᠧᠮ᠎ᠢ ᠪᠠᠢᠭᠤᠯᠤᠨ᠎ᠠ ᠬᠡᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠣᠶᠠᠨ ᠣᠷᠭᠢᠯ᠎ᠳᠤ ᠠᠪᠠᠷᠢᠬᠤ᠎ᠳᠤ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠣᠯ ᠵᠠᠢᠯᠠᠰᠢ ᠦᠬᠡᠢ ᠵᠠᠮᠨᠠᠬᠤ ᠵᠠᠮ ᠮᠥᠨ᠃ ᠡᠮ ᠲᠠᠩ᠎ᠤᠨ ᠰᠤᠳᠤᠯᠭᠠᠨ ᠬᠢᠵᠦ᠍ ᠪᠠᠢᠭ᠎ᠠ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠱᠠᠩᠬᠠᠢ᠎ᠶ᠋ᠢᠨ ᠡᠮ ᠲᠠᠩ᠎ᠤᠨ ᠰᠤᠳᠤᠯᠭᠠᠨ᠎ᠤ ᠭᠠᠵᠠᠷ᠎ᠤᠨ ᠰᠤᠳᠤᠯᠤᠭ᠍ᠴᠢ ᠦ᠋ ᠪᠸᠢ ᠯᠢ ᠭᠡᠱᠢᠭᠦᠨ ᠂ ᠲᠡᠭᠦᠨ᠎ᠦ ᠬᠢᠵᠦ᠍ ᠪᠠᠢᠭ᠎ᠠ ᠰᠠᠭᠤᠷᠢ ᠰᠤᠳᠤᠯᠭᠠᠨ ᠨᠢ 《 0 ᠡᠴᠡ 1 ᠬᠦᠷᠬᠦ᠌ 》 ᠵᠠᠩᠭᠢᠯᠠᠭ᠎ᠠ᠎ᠶ᠋ᠢᠨ ᠱᠠᠲᠤᠨ᠎ᠳᠤ ᠨᠤᠭᠤᠷᠠᠯ ᠪᠦᠳᠦᠷᠢᠯ ᠪᠠ ᠭᠠᠭ᠍ᠴᠠᠭᠠᠷᠳᠠᠯ᠎ᠢᠶᠠᠷ ᠳᠦᠬᠦᠷᠡᠭᠰᠡᠨ ᠪᠠᠢᠨ᠎ᠠ᠃ 《ᠭᠡᠪᠡᠴᠦ᠍ ᠪᠢᠳᠡ ᠬᠡᠷᠪᠡ ᠡᠨᠡ ᠬᠦ᠌ ᠵᠠᠩᠭᠢᠯᠠᠭ᠎ᠠ᠎ᠶ᠋ᠢᠨ ᠠᠯᠬᠤᠮ᠎ᠢ ᠪᠡᠶᠡᠯᠡᠭᠦᠯᠵᠥ ᠴᠢᠳᠠᠪᠠᠯ ᠱᠢᠨ᠎ᠡ ᠡᠮ᠎ᠳᠦ ᠪᠠᠲᠤ ᠪᠡᠬᠢ ᠰᠠᠭᠤᠷᠢ ᠲᠠᠯᠪᠢᠵᠤ ᠦᠭᠴᠤ᠂ ᠡᠪᠡᠳᠴᠢᠲᠡᠨ᠎ᠳᠦ ᠬᠢᠵᠠᠭᠠᠯᠠᠰᠢ ᠦᠭᠡᠢ ᠶᠡᠬᠡ ᠬᠦᠰᠡᠯ ᠡᠷᠡᠮᠡᠯᠵᠡᠯ ᠠᠪᠴᠢᠷᠠᠬᠤ ᠪᠣᠯᠤᠨ᠎ᠠ》 ᠬᠡᠪᠡ᠃

ᠳᠤᠮᠳᠠᠳᠤ ᠤᠯᠤᠰ᠎ᠤᠨ ᠲᠡᠮᠦᠷ ᠵᠠᠮ᠎ᠤᠨ ᠪᠦᠯᠦᠭᠯᠡᠯ ᠤ᠋ᠨ ᠬᠥᠬᠡᠨᠠᠭᠤᠷ ᠲᠥᠪᠡᠳ᠎ᠦᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠭᠦᠸᠧ ᠵᠢᠶ ᠠᠨ ᠭᠡᠱᠢᠭᠦᠨ ᠬᠥᠬᠡᠨᠠᠭᠤᠷ ᠲᠥᠪᠡᠳ᠎ᠦᠨ ᠲᠡᠮᠦᠷ ᠵᠠᠮ᠎ᠤᠨ ᠠᠵᠢᠯᠲᠠᠨ ᠯᠢ ᠪᠢᠶᠤᠤ ᠯᠢᠨ᠎ᠦ ᠲᠠᠩᠭᠤᠯᠠ᠎ᠶ᠋ᠢ 17 ᠵᠢᠯ ᠪᠠᠲᠤ ᠰᠠᠬᠢᠭ᠍ᠰᠠᠨ ᠦᠯᠢᠭᠡᠷ᠎ᠢ ᠶᠠᠷᠢᠪᠠ᠃ 《ᠥᠨᠳᠥᠷᠯᠢᠭ ᠭᠠᠵᠠᠷ ᠲᠤ᠌ ᠬᠦᠢᠳᠡᠨ ᠪᠦᠭᠡᠳ ᠬᠦᠴᠢᠯᠲᠥ᠋ᠷᠥᠭ᠌ᠴᠢ ᠳᠤᠲᠠᠭ᠍ᠳᠠᠵᠤ᠂ ᠬᠥᠷᠥᠰᠥ ᠨᠢ ᠬᠦᠯᠳᠡᠭᠦᠦ᠂ ᠠᠮᠢ ᠠᠬᠤᠢ ᠨᠢ ᠬᠡᠪᠡᠷᠡᠭ᠂ ᠡᠢᠨ ᠬᠦ᠌ ᠬᠠᠳᠠᠭᠤ ᠪᠡᠷᠬᠡᠰᠢᠶᠠᠯᠳᠠᠢ ᠪᠠᠢᠭᠠᠯᠢ᠎ᠶ᠋ᠢᠨ ᠣᠷᠴᠢᠨ ᠲᠣᠭᠣᠷᠢᠨ ᠨᠢ ᠪᠢᠳᠡᠨ᠎ᠦ ᠬᠥᠭ᠌ᠵᠢᠯᠲᠡ᠎ᠶ᠋ᠢᠨ ᠠᠯᠬᠤᠭ᠎ᠠ᠎ᠶ᠋ᠢ ᠬᠠᠷᠱᠢᠯᠠᠵᠤ ᠳᠡᠢᠯᠦᠭᠰᠡᠨ ᠦᠭᠡᠢ ᠮᠦᠷᠳᠡᠭᠡᠨ ᠪᠢᠳᠡᠨ᠎ᠦ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ᠎ᠪᠠᠷ ᠲᠡᠷᠢᠭᠦᠨ᠎ᠦ ᠬᠢ᠎ᠶ᠋ᠢ ᠡᠭᠦᠳᠬᠦ᠌ ᠴᠤᠭ ᠵᠤᠷᠢᠭ ᠢ᠋ ᠬᠥᠭ᠌ᠵᠢᠭᠡᠪᠡ》 ᠭᠡᠵᠤ ᠲᠡᠷᠡ ᠬᠡᠯᠡᠨ᠎ᠠ᠃

《ᠪᠢᠳᠡ ᠪᠣᠯ ᠴᠥᠮ ᠱᠢᠨ᠎ᠡ ᠠᠶᠠᠨ᠎ᠤ ᠡᠷᠡᠯᠬᠡᠭ᠌ᠯᠡᠨ ᠲᠡᠮᠡᠴᠡᠭ᠌ᠴᠢ᠂ ᠳᠤᠮᠳᠠᠳᠤ᠎ᠶ᠋ᠢᠨ ᠵᠡᠭᠦᠳᠦ᠍᠎ᠶ᠋ᠢᠨ ᠠᠬᠢᠭᠤᠯᠤᠭ᠍ᠴᠢ ᠮᠥᠨ》᠂ ᠡᠨᠡ ᠪᠣᠯ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠡᠷᠡᠭ ᠡᠷᠬᠢᠯᠡᠭ᠌ᠴᠢ᠂ ᠳᠤᠮᠳᠠᠳᠤ ᠤᠯᠤᠰ᠎ᠤᠨ ᠬᠠᠷᠠᠭ᠎ᠠ ᠵᠡᠮᠳᠡᠭ᠌ᠴᠦᠳ ᠎ᠤᠨ ᠨᠡᠢᠭᠡᠮᠯᠢᠭ᠎ᠦᠨ ᠲᠡᠷᠢᠭᠦᠯᠡᠭ᠌ᠴᠢ ᠯᠢ ᠴᠢᠩ ᠵᠥᠩ ᠭᠡᠱᠢᠭᠦᠨ᠎ᠦ ᠰᠡᠳᠭᠢᠯ᠎ᠦᠨ ᠦᠭᠡ ᠪᠣᠯᠤᠨ᠎ᠠ᠃ ᠨᠢᠭᠡᠨ ᠬᠦᠨᠳᠦ ᠳᠡᠰ ᠤ᠋ᠨ ᠬᠠᠷᠠᠭ᠎ᠠ ᠵᠡᠮᠳᠡᠭ ᠬᠦᠮᠦᠨ ᠪᠣᠯᠤᠭ᠍ᠰᠠᠨ᠎ᠤ ᠬᠤᠪᠢ᠎ᠳᠤ᠂ ᠯᠢ ᠴᠢᠩ ᠵᠦᠩ ᠡᠳᠦᠷ ᠪᠦᠷᠢ ᠭᠠᠭ᠍ᠴᠠᠭᠠᠷ ᠭᠠᠵᠠᠷ ᠳᠣᠣᠷᠠᠬᠢ ᠲᠡᠮᠦᠷ ᠵᠠᠮ᠎ᠵᠢᠡᠷ ᠠᠵᠢᠯ ᠳ᠋ᠠᠭᠠᠨ ᠶᠠᠪᠤᠬᠤ ᠳ᠋ᠠᠭᠠᠨ ᠲᠠᠶᠠᠭ ᠲᠤᠯᠳᠠᠭ ᠪᠦᠭᠡᠳ ᠤᠩᠰᠢᠯᠭ᠎ᠠ ᠵᠢᠨ ᠵᠥᠭᠡᠯᠡᠨ ᠲᠤᠨᠤᠬ ᠲᠤ᠌ ᠲᠦᠰᠢᠭᠯᠡᠨ ᠺᠣᠮᠫᠢᠦ᠋ᠲ᠋ᠧᠷ ᠪᠣᠯᠤᠨ ᠭᠠᠷ ᠤᠲᠠᠰᠤ ᠬᠡᠷᠡᠭᠯᠡᠳᠡᠭ᠃

《ᠬᠠᠷᠰᠢ ᠰᠠᠭᠠᠳ ᠥᠬᠡᠶ ᠣᠷᠴᠢᠨ ᠲᠣᠭᠣᠷᠢᠨ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠦᠭ᠌ᠰᠡᠨ ᠪᠠ ᠣᠲᠣ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠡᠴᠡ ᠪᠣᠯᠵᠣ᠂ ᠬᠠᠷᠠᠭ᠎ᠠ ᠵᠡᠮᠳᠡᠭ᠌ᠴᠦᠳ᠎ᠦᠨ ᠠᠵᠢᠯ᠂ ᠰᠤᠷᠤᠯᠭ᠎ᠠ᠂ ᠠᠮᠢᠳᠤᠷᠠᠯ ᠨᠠᠩ ᠲᠥᠬᠥᠮ ᠪᠣᠯᠪᠠ》᠂ ᠯᠢ ᠴᠢᠩ ᠵᠦᠩ᠂ ᠤᠯᠠᠮ᠎ᠡᠴᠡ ᠤᠯᠠᠨ ᠵᠡᠮᠳᠡᠭ᠌ᠴᠦᠳ ᠭᠡᠷ᠎ᠡᠴᠡ᠎ᠪᠡᠨ ᠭᠠᠷᠴᠤ᠌᠂ ᠨᠡᠢᠭᠡᠮ᠎ᠳᠦ ᠠᠭᠤᠰᠤᠯᠴᠠᠵᠤ᠂ ᠥᠪᠡᠷ ᠥᠪᠡᠷ᠎ᠦᠨ ᠠᠵᠢᠯ ᠲᠦᠷᠦᠯ᠎ᠳᠡᠭᠡᠨ ᠵᠢᠳᠬᠦᠯ ᠴᠢᠷᠮᠠᠢᠯᠭ᠎ᠠ ᠭᠠᠷᠭᠠᠵᠤ᠂ ᠱᠢᠷᠭᠠᠭᠤ ᠬᠠᠲᠠᠭᠤᠵᠢᠯᠲᠠᠢ ᠠᠵᠢᠯᠯᠠᠵᠤ ᠪᠠᠢᠨ᠎ᠠ ᠭᠡᠪᠡ᠃

ᠬᠦᠰᠡᠯ ᠵᠡᠭᠦᠳᠦ᠍᠎ᠶ᠋ᠢᠨ ᠵᠢᠡᠨ ᠲᠥᠯᠥᠭᠡ ᠲᠡᠮᠡᠴᠡᠵᠦ᠍ ᠰᠠᠢᠨ ᠰᠠᠢᠬᠠᠨ ᠢ᠋ ᠪᠦᠲᠦᠭᠡᠨ᠎ᠠ᠃

ᠳᠤᠮᠳᠠᠳᠤ ᠤᠯᠤᠰ᠎ᠤᠨ ᠬᠥᠳᠡᠯᠮᠦᠷᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠮᠦᠸᠸ ᠷᠦᠩ ᠭᠡᠱᠢᠭᠦᠨ ᠡᠢᠮᠦ᠍ ᠨᠢᠭᠡ ᠦᠯᠢᠭᠡᠷ᠎ᠢ ᠬᠤᠪᠢᠶᠠᠯᠴᠠᠪᠠ ᠄ ᠲᠠᠩᠰᠠᠯᠠᠵᠥ᠍ ᠺᠠᠷᠲ᠋ᠯᠠᠭ᠍ᠰᠠᠨ ᠶᠠᠳᠠᠭᠤ ᠬᠦᠴᠢᠷᠳᠡᠯᠲᠡᠢ ᠡᠷᠤᠬᠡ᠎ᠳᠦ ᠵᠢᠭ᠍ᠰᠠᠭᠠᠭ᠍ᠳᠠᠵᠤ ᠥᠩᠭᠡᠷᠡᠭ᠌ᠰᠡᠨ ᠨᠢᠭᠡᠨ ᠵᠠᠯᠠᠭᠤ ᠠᠵᠢᠯ ᠮᠡᠷᠭᠡᠵᠢᠯ᠎ᠦᠨ ᠪᠣᠯᠪᠠᠰᠤᠷᠠᠯ ᠪᠠ ᠦᠢᠯᠡᠰ ᠪᠤᠰᠭᠠᠬᠤ ᠪᠣᠯᠪᠠᠰᠤᠷᠠᠯ ᠬᠦᠷᠳᠡᠭ᠌ᠰᠡᠨ᠎ᠦ ᠲᠠᠷᠠᠭ᠎ᠠ᠂ ᠥᠪᠡᠷ᠎ᠢᠶᠡᠨ ᠶᠠᠳᠠᠭᠤ᠎ᠡᠴᠡ ᠠᠩᠭᠢᠵᠢᠷᠠᠵᠤ ᠪᠠᠶᠠᠵᠢᠭ᠍ᠰᠠᠨ᠎ᠢᠶᠠᠷ ᠪᠠᠷᠠᠬᠤ ᠦᠬᠡᠢ᠂ ᠡᠷᠬᠢᠨ ᠲᠣᠭᠣᠷᠢᠨ᠎ᠤ ᠤᠯᠠᠨ ᠲᠦᠮᠡᠨ᠎ᠢ ᠲᠠᠢ᠌ᠴᠢᠯᠠᠨ ᠠᠵᠢᠯ ᠣᠯᠭᠣᠵᠤ ᠣᠷᠣᠯᠭ᠎ᠠ᠎ᠶ᠋ᠢ ᠨᠢ ᠨᠡᠮᠡᠭ᠌ᠳᠡᠭᠦᠯᠪᠡ᠃ 《ᠠᠵᠢᠯ ᠣᠯᠭᠣᠯᠲᠠ ᠪᠣᠯ ᠨᠢᠭᠡᠨ ᠱᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ᠎ᠶ᠋ᠢᠨ ᠬᠠᠯᠠᠮᠵᠢᠯᠠᠯ ᠳᠡᠮᠵᠢᠯᠭᠡ᠎ᠶ᠋ᠢ ᠬᠡᠷᠡᠭ᠌ᠰᠡᠨ᠎ᠡ᠃ ᠲᠦᠷᠦ᠍᠎ᠶ᠋ᠢᠨ ᠪᠤᠳᠤᠯᠭ᠎ᠠ ᠬᠦᠴᠦ᠍ᠲᠠᠢ᠂ ᠬᠤᠪᠢ ᠬᠥᠮᠦᠨ ᠴᠢᠷᠮᠠᠢᠯᠭ᠎ᠠ ᠲᠠᠢ᠂ ᠦᠢᠯᠡᠴᠢᠯᠡᠭᠡ ᠪᠠᠢᠪᠠᠯ ᠯᠠᠪᠲᠠᠢ ᠠᠵᠢᠯ ᠣᠯᠭᠣᠯᠲᠠ᠎ᠶ᠋ᠢᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠨᠡᠩ ᠤᠯᠠᠨ ᠠᠷᠠᠳ ᠲᠦᠮᠡᠨ᠎ᠳᠦ ᠠᠱᠢᠭ ᠬᠦᠷᠲᠡᠭᠡᠵᠦ᠍ ᠴᠢᠳᠠᠨ᠎ᠠ ᠭᠡᠳᠡᠭ᠎ᠢ ᠪᠢᠳᠡ ᠢᠲᠡᠭᠡᠵᠦ᠍ ᠪᠠᠢᠨ᠎ᠠ》 ᠭᠡᠵᠠᠢ᠃

ᠬᠦᠴᠦ ᠬᠥᠯᠥᠰᠥ᠎ᠪᠡᠷ᠎ᠢᠶᠡᠨ ᠡᠯᠪᠡᠭ ᠬᠤᠷᠢᠶᠠᠯᠳᠠ ᠤᠯᠵᠤ᠂ ᠪᠤᠳᠠᠳᠤ ᠠᠵᠢᠯᠯᠠᠭ᠎ᠠ ᠪᠡᠷ ᠵᠢᠡᠨ ᠬᠦᠰᠡᠯ ᠵᠤᠷᠢᠯᠳᠠ ᠪᠠᠨ ᠪᠠᠳᠤᠳᠬᠠᠨ᠎ᠠ᠃ ᠡᠯ᠎ᠡ ᠠᠵᠢᠯ ᠲᠥᠷᠥᠯ᠎ᠦᠨ ᠡᠷᠡᠯᠬᠡᠭ᠌ᠯᠡᠨ ᠲᠡᠮᠡᠴᠡᠭ᠌ᠴᠢᠳ ᠴᠢᠷᠮᠠᠢᠨ ᠠᠵᠢᠯᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠦᠷᠯᠢᠭ ᠰᠠᠢᠬᠠᠨ ᠬᠠᠭᠤᠳᠠᠰᠤ᠎ᠶ᠋ᠢ ᠬᠠᠮᠲᠤ᠎ᠪᠠᠷ ᠵᠢᠷᠤᠭ᠍ᠯᠠᠪᠠ᠃

《ᠳᠤᠮᠳᠠᠳᠤ ᠤᠯᠤᠰ᠎ᠤᠨ ᠠᠵᠤ ᠠᠬᠤᠢ ᠤᠷᠳᠤ ᠬᠤᠭᠤᠴᠠᠭ᠎ᠠ᠎ᠪᠠᠷ ᠰᠠᠢᠵᠢᠷᠠᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠢᠷᠡᠭᠡᠳᠦᠢ ᠭᠡᠭᠡᠨ ᠰᠠᠷᠠᠭᠤᠯ ᠬᠡᠳᠡᠭ ᠨᠢ ᠰᠡᠵᠢᠭ᠌ᠯᠡᠰᠢ ᠦᠬᠡᠢ ᠶᠤᠮ》᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠎ᠶ᠋ᠢᠨ ᠫᠷᠤᠹᠸᠰᠰᠤᠷ ᠬᠠᠨ ᠪᠦᠦ ᠵᠢᠶᠠᠩ ᠰᠤᠷᠪᠤᠯᠵᠢᠯᠠᠭ᠎ᠠ ᠬᠦᠯᠢᠶᠡᠬᠦ ᠵᠠᠮ ᠳᠡᠭᠡᠷ᠎ᠠ ᠳᠤᠮᠳᠠᠳᠤ ᠭᠠᠳᠠᠭᠠᠳᠤ᠎ᠶ᠋ᠢᠨ ᠰᠣᠷᠪᠣᠯᠵᠢᠯᠠᠭ᠍ᠴᠢᠳ᠎ᠲᠤ ᠳᠤᠮᠳᠠᠳᠤ ᠤᠯᠤᠰ᠎ᠤᠨ ᠠᠵᠤ ᠠᠬᠤᠶ ᠳ᠋ᠤ ᠢᠳᠡᠭᠡᠯ ᠲᠠᠢ ᠪᠠᠢᠭ᠎ᠠ ᠦᠨᠳᠦᠰᠦᠨ ᠯᠣᠭᠢᠭ᠎ᠢ ᠲᠠᠢᠯᠪᠤᠷᠢᠯᠠᠵᠤ ᠥᠭ᠌ᠴᠡᠶ᠃ ᠲᠡᠭᠦᠨ᠎ᠦ ᠦᠵᠡᠬᠦ᠌᠎ᠪᠡᠷ᠂ 《ᠱᠢᠨ᠎ᠡ᠎ᠶ᠋ᠢ ᠡᠭᠦᠳᠬᠦ᠌》᠂ 《ᠳᠣᠲᠣᠭᠠᠳᠤ ᠬᠡᠷᠡᠭ᠌ᠴᠡᠭᠡ》᠂ 《ᠥᠭᠡᠷᠡᠴᠢᠯᠡᠯᠲᠡ》᠂ 《ᠲᠦᠷᠦ᠍᠎ᠶ᠋ᠢᠨ ᠪᠤᠳᠤᠯᠭ᠎ᠠ》᠂ 《ᠠᠮᠤᠷ ᠲᠦᠪᠱᠢᠨ》 ᠵᠡᠷᠭᠡ ᠲᠠᠪᠤᠨ ᠶᠠᠪᠤᠳᠠᠯ ᠢ᠋ ᠭᠣᠣᠯᠳᠠᠯᠭ᠎ᠠ᠎ᠲᠠᠶ ᠰᠠᠢᠲᠤᠷ ᠠᠳᠭᠤᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠳᠠᠪᠠᠭᠤᠯᠢᠭ ᠪᠣᠯᠤᠨ ᠳᠠᠯᠳᠠ ᠬᠦᠴᠦᠨ᠎ᠢ ᠨᠡᠩ ᠭᠦᠢᠴᠡᠳ ᠪᠠᠳᠠᠷᠠᠭᠤᠯᠬᠤ ᠬᠡᠷᠡᠭ᠌ᠲᠡᠢ᠃

ᠳᠤᠮᠳᠠᠳᠤ ᠤᠯᠤᠰ᠎ᠤᠨ ᠠᠵᠤ ᠠᠬᠤᠶ᠎ᠶ᠋ᠢᠨ《ᠬᠢᠯᠭᠠᠰᠤᠨ ᠰᠤᠳᠠᠯ》ᠪᠣᠯᠤᠭ᠍ᠰᠠᠨ᠎ᠤ ᠬᠤᠪᠢ᠎ᠳᠤ᠂ ᠳᠤᠮᠳᠠ ᠪᠠᠭ᠎ᠠ ᠠᠵᠤ ᠠᠬᠤᠢᠯᠠᠯ ᠪᠣᠯ ᠠᠵᠢᠯ ᠣᠯᠭᠣᠯᠲᠠ᠎ᠶ᠋ᠢ ᠥᠷᠭᠡᠳᠭᠡᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠦᠢᠯᠡᠰ ᠪᠤᠰᠬᠠᠬᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠴᠢᠬᠤᠯᠠ ᠬᠦᠴᠦᠨ ᠮᠥᠨ᠃ ᠬᠡᠷᠬᠢᠨ ᠳᠤᠮᠳᠠ ᠪᠠᠭ᠎ᠠ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠬᠠᠮᠠᠭᠠᠯᠠᠵᠤ᠂ ᠳᠤᠮᠳᠠ ᠪᠠᠭ᠎ᠠ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠳᠦ ᠬᠦᠴᠦ᠍ᠨ ᠨᠠᠮᠠᠷᠢᠯᠡᠬᠦ ᠪᠤᠢ?

ᠰᠧᠴᠤᠸᠠᠨ ᠮᠤᠵᠢ᠎ᠶ᠋ᠢᠨ ᠬᠠᠤᠯᠢ ᠴᠠᠭᠠᠵᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠵᠧᠩ ᠬᠤᠩ ᠭᠡᠱᠢᠭᠦᠨ ᠳᠤᠮᠳᠠ ᠪᠠᠭ᠎ᠠ ᠠᠵᠤ ᠠᠬᠤᠢᠯᠠᠯ ᠭᠡᠷᠬᠢᠨ ᠳᠤᠮᠳᠠ ᠪᠠᠭ᠎ᠠ ᠠᠵᠤ ᠠᠬᠤᠢᠯᠠᠯ᠎ᠢ ᠠᠬᠢᠭᠤᠯᠬᠤ ᠬᠠᠤᠯᠢ᠎ᠶ᠋ᠢᠨ ᠵᠠᠭᠠᠯᠳᠤᠯᠭ᠎ᠠ᠎ᠶ᠋ᠢᠨ ᠲᠣᠭ᠍ᠲᠠᠴᠠ᠎ᠪᠠᠷ ᠳᠠᠮᠵᠢᠭᠤᠯᠤᠨ ᠳᠥᠭᠥᠮ ᠳᠥᠲᠡ᠂ ᠥᠨᠳᠥᠷ ᠪᠦᠲᠦᠮᠵᠢᠲᠡᠶ᠂ ᠳᠣᠣᠷ᠎ᠠ ᠥᠪᠡᠷ᠎ᠦᠨ ᠥᠷᠲᠡᠭ᠎ᠢᠶᠡᠷ ᠡᠷᠬᠡ᠎ᠪᠡᠨ ᠬᠠᠮᠠᠭᠠᠯᠠᠭ᠍ᠰᠠᠨ ᠬᠡᠷᠡᠭ᠎ᠦᠨ ᠵᠢᠱ᠌ᠢᠶ᠎ᠡ᠎ᠶ᠋ᠢ ᠬᠤᠪᠢᠶᠠᠯᠴᠠᠭ᠍ᠰᠠᠨ ᠪᠠᠢᠨ᠎ᠠ᠃ 《ᠬᠠᠤᠯᠢᠵᠢᠯ ᠪᠣᠯ ᠬᠠᠮᠤᠭ ᠤ᠋ᠨ ᠰᠠᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ ᠮᠥᠨ᠃ ᠳᠤᠮᠳᠠ ᠪᠠᠭ᠎ᠠ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠳᠤ ᠡᠷᠬᠡᠪᠰᠢ ᠬᠠᠤᠯᠢᠵᠢᠯ ᠳ᠋ᠤ ᠲᠦᠱᠢᠭ᠌ᠯᠡᠬᠦ᠌ ᠬᠡᠷᠡᠭ᠌ᠲᠡᠶ》᠃

ᠠᠭᠤᠷ ᠠᠮᠢᠰᠭᠤᠯ᠎ᠤᠨ ᠬᠤᠪᠢᠷᠠᠯᠲᠠ ᠪᠣᠯ ᠪᠦᠬᠦ᠌ ᠬᠥᠮᠦᠨ ᠲᠥᠷᠥᠯᠬᠢᠲᠡᠨ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠥᠷᠢᠰᠥᠯᠳᠦᠭᠡᠨ ᠮᠥᠨ᠃ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠵᠤᠷᠭᠠᠨ᠎ᠤ ᠳᠡᠳ᠋ ᠳᠠᠷᠤᠭ᠎ᠠ ᠵᠠᠩ ᠱᠢᠩ ᠶᠢᠩ ᠭᠡᠱᠢᠭᠦᠨ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠳᠤ ᠳᠤᠮᠳᠠᠳᠤ ᠤᠯᠤᠰ᠎ᠤᠨ ᠪᠦᠬᠦ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠪᠠ ᠪᠦᠬᠦ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠵᠠᠰᠠᠯᠲᠠ᠎ᠳᠤ ᠣᠷᠣᠯᠴᠠᠬᠤ᠎ᠳᠤ ᠦᠵᠡᠭᠦᠯᠦᠭ᠌ᠰᠡᠨ ᠦᠢᠯᠡᠳᠦᠯ᠎ᠢ ᠲᠠᠨᠢᠯᠴᠠᠭᠤᠯᠪᠠ᠃

《ᠮᠠᠨ᠎ᠤ ᠤᠯᠤᠰ᠎ᠤᠨ ᠳᠠᠬᠢᠯᠳᠠ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ ᠳᠡᠯᠡᠬᠡᠶ᠎ᠶ᠋ᠢᠨ ᠲᠡᠷᠢᠭᠦᠨ᠎ᠳᠦ ᠣᠷᠣᠨ᠎ᠠ》᠂ 《ᠪᠥᠬᠥ᠌ ᠪᠥᠮᠪᠥᠷᠴᠡᠭ᠎ᠦᠨ ᠳᠥᠷᠪᠡᠨ᠎ᠦ ᠨᠢᠭᠡ ᠬᠤᠪᠢ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠨᠣᠭᠣᠭᠠᠷᠠᠭᠤᠯᠤᠯᠲᠠ᠎ᠶ᠋ᠢᠨ ᠲᠠᠯᠠᠪᠠᠶ ᠨᠢ ᠳᠤᠮᠳᠠᠳᠤ ᠤᠯᠤᠰ᠎ᠡᠴᠡ ᠢᠷᠡᠯᠲᠡ᠎ᠲᠡᠶ》 ᠂ 《ᠮᠠᠨ᠎ᠤ ᠤᠯᠤᠰ ᠪᠥᠬᠥ᠌ ᠪᠥᠮᠪᠥᠷᠴᠡᠭ᠎ᠦᠨ ᠥᠷ ᠤ᠋ᠨ ᠦᠶ᠎ᠠ᠂ ᠦᠳᠡ᠎ᠶ᠋ᠢᠨ ᠡᠮᠦᠨ᠎ᠡ᠂ ᠦᠳᠡ᠎ᠶ᠋ᠢᠨ ᠬᠣᠢᠨ᠎ᠠ ᠠᠵᠢᠯᠯᠠᠭᠤᠯᠬᠤ᠂ ᠳᠡᠯᠡᠬᠡᠶ᠎ᠶ᠋ᠢᠨ ᠪᠥᠮᠪᠥᠷᠴᠡᠭ᠎ᠡᠴᠡ ᠣᠢᠷ᠎ᠠ ᠳᠥᠷᠪᠡᠨ ᠲᠣᠭᠣᠷᠢᠯᠳᠠ ᠵᠢᠨ ᠵᠠᠮ᠎ᠤᠨ ᠴᠠᠭ ᠠᠭᠤᠷ᠎ᠤᠨ ᠳᠠᠭᠠᠭᠤᠯᠢ ᠣᠲᠣ᠎ᠶ᠋ᠢ ᠬᠡᠯᠪᠡᠢᠯᠭᠡᠭ᠌ᠰᠡᠨ ᠴᠣᠷ᠎ᠤᠨ ᠭᠠᠭ᠍ᠴᠠ ᠤᠯᠤᠰ ᠪᠣᠯᠵᠣ᠂ 129 ᠤᠯᠤᠰ᠎ᠲᠤ ᠳᠡᠯᠡᠬᠡᠶ᠎ᠶ᠋ᠢᠨ ᠪᠥᠮᠪᠥᠷᠴᠡᠭ᠎ᠦᠨ ᠠᠵᠢᠭ᠍ᠯᠠᠯᠲᠠ᠎ᠶ᠋ᠢᠨ ᠲᠣᠭ᠎ᠠ ᠪᠠᠷᠢᠮᠲᠠ᠎ᠶ᠋ᠢ ᠬᠠᠩᠭᠠᠪᠠ》᠂ 《ᠮᠠᠨ᠎ᠤ ᠤᠯᠤᠰ ᠪᠠᠰᠠ ᠠᠽᠢᠶ᠎ᠠ ᠲᠢᠪ᠎ᠦᠨ ᠣᠯᠠᠨ ᠭᠠᠮᠱᠢᠭ᠎ᠤᠨ ᠲᠥᠷᠥᠯ᠎ᠦᠨ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠠᠢᠭᠤᠯᠪᠠ》 ᠁

ᠳᠤᠮᠳᠠᠳᠤ ᠤᠯᠤᠰ ᠭᠠᠷ ᠬᠣᠯᠪᠣᠨ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠢ ᠠᠷᠭᠠᠴᠠᠭᠠᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠭ᠌ᠰᠡᠨ᠎ᠪᠦᠭᠡᠳ ᠪᠠᠰᠠ《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠳᠦᠭᠡᠨ ᠪᠠᠢᠭᠤᠯᠬᠤ᠎ᠶ᠋ᠢ ᠠᠬᠢᠭᠤᠯᠬᠤ᠎ᠪᠠᠷ ᠳᠠᠮᠵᠢᠨ ᠡᠯ᠎ᠡ ᠤᠯᠤᠰ᠎ᠤᠨ ᠬᠠᠮᠲᠤ᠎ᠶ᠋ᠢᠨ ᠬᠥᠭ᠌ᠵᠢᠯ ᠴᠡᠴᠡᠭ᠌ᠯᠡᠯ᠎ᠢ ᠠᠬᠢᠭᠤᠯᠤᠭ᠍ᠰᠠᠨ ᠪᠠᠢᠨ᠎ᠠ᠃

《ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 〈ᠨᠢᠭᠡ ᠪᠦᠰᠡ ᠨᠢᠭᠡ ᠵᠠᠮ〉 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠡᠯᠭᠡ ᠲᠡᠮᠳᠡᠭ᠎ᠦᠨ ᠴᠢᠨᠠᠷᠲᠠᠶ ᠲᠦᠷᠦᠯ ᠲᠡᠮᠳᠡᠭ ᠪᠣᠯᠤᠭ᠍ᠰᠠᠨ᠎ᠤ ᠬᠤᠪᠢ᠎ᠳᠤ᠂ ᠡᠨᠡ ᠵᠢᠯ᠎ᠦᠨ 2 ᠰᠠᠷ᠎ᠠ᠎ᠶ᠋ᠢᠨ ᠡᠴᠤᠰ ᠪᠣᠯᠲᠠᠯ᠎ᠠ ᠨᠡᠢᠲᠡ 8.5 ᠲᠦᠮᠡᠨ ᠴᠤᠪᠤᠭ᠎ᠠ ᠲᠡᠷᠭᠡ ᠨᠡᠪᠲᠡᠷᠡᠪᠡ》᠃ ᠡᡁᠸᠪᠸᠢ ᠮᠤᠵᠢ᠎ᠶ᠋ᠢᠨ ᠤᠯᠠᠨ ᠤᠯᠤᠰ᠎ᠤᠨ ᠬᠠᠭᠤᠷᠠᠢ ᠭᠠᠷᠠᠮ ᠤ᠋ᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠯᠢᠦ ᠷᠦᠢ ᠯᠢᠩ ᠭᠡᠱᠢᠭᠦᠨ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠲᠣᠷᠭᠠᠨ ᠵᠠᠮ᠎ᠤᠨ ᠬᠥᠭ᠌ᠵᠢᠯ ᠪᠠᠳᠠᠷᠠᠯ᠎ᠢ ᠲᠠᠬᠢᠨ ᠢᠯᠡᠷᠡᠭᠦᠯᠦᠭ᠌ᠰᠡᠨ᠎ᠪᠦᠭᠡᠳ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠩ ᠨᠡᠮᠡᠭ᠌ᠳᠡᠭᠦᠯᠦᠭ᠌ᠰᠡᠨ ᠪᠠᠢᠨ᠎ᠠ ᠭᠡᠵᠤ ᠬᠡᠯᠡᠪᠡ᠃ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠨᠡᠩ ᠤᠯᠠᠨ ᠤᠯᠤᠰ᠎ᠤᠨ ᠪᠠᠷᠠᠭᠠᠨ᠎ᠤ ᠤᠷᠤᠰᠭᠠᠯ ᠲᠦᠷᠦᠯ ᠲᠡᠮᠳᠡᠭ ᠢ᠋ ᠳᠡᠯᠡᠬᠡᠢ᠎ᠶ᠋ᠢᠨ ᠵᠠᠬ᠎ᠠ ᠳᠡᠯᠭᠡᠭᠦᠷ᠎ᠲᠦ ᠬᠦᠷᠭᠡᠬᠦ᠌᠎ᠶ᠋ᠢᠨ ᠵᠡᠷᠭᠡ ᠪᠡᠷ ᠨᠡᠩ ᠤᠯᠠᠨ 《ᠲᠣᠷᠭᠠᠨ ᠵᠠᠮ᠎ᠤᠨ ᠦᠢᠯᠡᠳᠬᠦᠨ》 ᠢ᠋ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠲᠦ ᠠᠪᠴᠢᠷᠠᠵᠤ᠂ ᠠᠷᠠᠳ ᠤᠯᠠᠨ᠎ᠤ ᠠᠮᠢᠳᠤᠷᠠᠯ᠎ᠢ ᠲᠤᠢᠯ᠎ᠤᠨ ᠶᠡᠬᠡ᠎ᠪᠡᠷ ᠪᠠᠶᠠᠯᠢᠭ᠍ᠵᠢᠭᠤᠯᠵᠠᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面