2024-03-07 11:14:18
ᠲᠥᠷᠥ ᠶ᠋ᠢᠨ ᠪᠣᠳᠣᠯᠭ᠎ᠠ ᠶ᠋ᠢᠨ ᠠᠱᠢᠭ ᠢ ᠪᠣᠳᠠᠲᠤ ᠦᠶ᠋ᠯᠡᠳᠪᠦᠷᠢᠯᠡᠯ ᠦᠨ ᠬᠦᠴᠦᠨ ᠪᠣᠯᠭᠠᠵᠤ 《ᠱᠢᠵᠢᠷ ᠠᠯᠲᠠᠨ ᠲᠥᠷᠥ᠎ᠶ᠋ᠢᠨ ᠪᠣᠳᠣᠯᠭ᠎ᠠ》 ᠡᠴᠡ 《ᠱᠢᠵᠢᠷ ᠠᠯᠲᠠᠨ ᠦᠷ᠎ᠡ ᠠᠱᠢᠭ》 ᠤᠨᠳᠤᠷᠤᠭᠤᠯᠤᠨᠠ
ᠪᠦᠬᠦ᠌ ᠤᠯᠤᠰ᠎ᠤᠨ ᠬᠣᠶᠠᠷ ᠬᠤᠷᠠᠯ ᠤᠷᠤᠭᠰᠢᠯᠠᠨ ᠳᠠᠪᠰᠢᠬᠤ ᠬᠦᠭ ᠠᠶᠠᠰ᠎ᠢ ᠴᠢᠪᠬᠠᠳᠠᠵᠤ᠂ ᠲᠦᠯᠦᠭᠡᠯᠡᠭᠴᠢ ᠭᠡᠰᠢᠭᠦᠳ ᠨᠡᠢᠰᠯᠡᠯ ᠪᠡᠭᠡᠵᠢᠩ᠎ᠳᠦ ᠴᠤᠭ᠍ᠯᠠᠷᠠᠨ ᠲᠦᠷᠦ᠍᠎ᠶ᠋ᠢᠨ ᠶᠠᠪᠤᠳᠠᠯ᠎ᠢ ᠬᠠᠮᠲᠤ᠎ᠪᠠᠷ ᠵᠥᠪᠯᠡᠨ᠎ᠠ᠃
《ᠵᠣᠯ᠎ᠢᠶᠠᠷ ᠲᠤᠬᠠᠶ᠎ᠶ᠋ᠢᠨ ᠲᠠᠯᠠᠪᠠᠶ᠎ᠳᠤ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠣᠨᠣᠰᠤᠭ᠍ᠰᠠᠨ᠎ᠨᠢ ᠨᠠᠳᠠ᠎ᠳᠤ ᠮᠠᠰᠢ ᠶᠡᠬᠡ ᠵᠣᠷᠢᠭ᠍ᠵᠢᠭᠤᠯᠤᠯ ᠪᠣᠯᠵᠠᠶ᠃ ᠪᠢ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠂ ᠱᠢᠨ᠎ᠡ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠶ ᠪᠣᠯᠭᠠᠬᠤ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ》᠂《ᠪᠣᠳᠠᠲᠤ ᠠᠵᠢᠯᠯᠠᠭ᠎ᠠ᠎ᠪᠠᠷ᠎ᠢᠶᠠᠨ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠬᠡᠨ ᠪᠠᠢᠭᠤᠯᠬᠤ ᠪᠠ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠥᠷ ᠮᠣᠩᠭᠣᠯ᠎ᠠᠴᠠ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠢᠳᠡᠪᠬᠢᠲᠡᠢ᠎ᠪᠡᠷ ᠠᠷᠭ᠎ᠠ ᠪᠤᠳᠤᠯᠭ᠎ᠠ ᠲᠡᠪᠰᠢᠭᠦᠯᠵᠦ᠂ ᠢᠷᠡᠭᠡᠳᠦᠢ᠎ᠶ᠋ᠢᠨ ᠲᠤᠬᠠᠢ ᠪᠠᠷᠠᠯᠠᠯ᠎ᠢᠶᠠᠨ ᠢᠯᠡᠳᠭᠡᠪᠡ᠃
2023 ᠣᠨ᠎ᠤ 6 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠥᠪᠥᠷ ᠮᠣᠩᠭᠣᠯ᠎ᠢ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ ᠭᠡᠵᠦ᠍ ᠱᠠᠭᠠᠷᠳᠠᠪᠠ᠂ ᠡᠨᠡ᠎ᠨᠢ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠵᠤ ᠥᠭ᠌ᠴᠡᠶ᠃
2023 ᠣᠨ᠎ᠤ 10 ᠰᠠᠷ᠎ᠠ᠎ᠳᠤ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨᠰᠠᠨᠠᠯ》 (ᠳᠣᠷᠣᠭ᠍ᠰᠢ 《ᠰᠠᠨᠠᠯ》 ᠭᠡᠵᠦ᠍ ᠳᠥᠭᠥᠮᠴᠢᠯᠡᠨ᠎ᠡ) ᠢ᠋ ᠳᠠᠷᠤᠮᠠᠯᠯᠠᠨ ᠲᠠᠷᠬᠠᠭᠠᠵᠤ᠂ ᠣᠳᠣᠬᠠᠨ ᠤ᠋ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ ᠥᠪᠥᠷ ᠮᠣᠩᠭᠣᠯ 《ᠰᠠᠨᠠᠯ》 ᠢ᠋ ᠨᠠᠢᠳᠠᠪᠤᠷᠢᠵᠢᠭᠤᠯᠬᠤ᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ᠎ᠪᠡᠨ ᠪᠣᠯᠭᠠᠵᠤ᠂ ᠦᠷᠭᠦᠯᠵᠢᠯᠡᠨ ᠠᠬᠢᠭᠤᠯᠵᠤ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠵᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠍᠂ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ᠌ ᠪᠣᠯᠤᠨ᠎ᠠ᠃
ᠡᠨᠡ ᠵᠢᠯᠪᠤᠯ ᠦᠪᠦᠷ ᠮᠤᠩᠭᠤᠯ᠎ᠤᠨ 《ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠣᠨ》 ᠮᠦᠨ᠂ 《ᠰᠠᠨᠠᠯ》 ᠵᠢᠴᠢ ᠡᠯ᠎ᠡ ᠶᠠᠮᠤᠨ ᠵᠥᠪᠯᠡᠯ᠎ᠦᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ᠂ ᠶᠠᠮᠤᠨ ᠣᠷᠣᠨ᠎ᠤ ᠬᠠᠮᠲᠤᠷᠠᠨ ᠠᠵᠢᠯᠯᠠᠬᠤ ᠬᠡᠯᠡᠯᠴᠡᠭᠡᠷ᠎ᠢ ᠰᠠᠢᠲᠤᠷ ᠬᠡᠷᠡᠭᠯᠡᠵᠦ᠂ ᠮᠠᠨ᠎ᠤ ᠣᠷᠣᠨ᠎ᠤ ᠡᠳ᠋ᠯᠡᠵᠦ᠍ ᠪᠠᠢᠭ᠎ᠠ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠂《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠤᠭᠤᠮᠳᠠ ᠰᠢᠪᠲᠤᠯᠬᠤ ᠳᠠᠢᠯᠠᠯᠳᠤᠭᠠᠨ ᠵᠡᠷᠭᠡ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠵᠢ ᠭᠦᠢᠴᠡᠳ ᠰᠠᠢᠲᠤᠷ ᠬᠡᠷᠡᠭᠯᠡᠵᠦ᠂ ᠤᠯᠤᠰ ᠡᠴᠡ ᠬᠦᠭᠵᠢᠯᠲᠡ ᠪᠡᠷ ᠠᠨᠠᠢ ᠭᠠᠵᠠᠷ ᠣᠷᠣᠨ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ᠎ᠦ ᠭᠠᠵᠠᠷ ᠣᠷᠣᠨ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠵᠢ ᠭᠦᠢᠴᠡᠳ ᠰᠠᠢᠲᠤᠷ ᠬᠡᠷᠡᠭᠯᠡᠵᠦ᠂ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠨᠢᠭᠡᠪᠦᠷᠢ᠎ᠶ᠋ᠢ ᠴᠦᠮ ᠦᠨᠡᠨ ᠪᠣᠳᠠᠲᠠᠶ᠂ ᠤᠢᠯᠠᠭᠠᠭᠤᠰᠢᠲᠠᠢ ᠠᠷᠭ᠎ᠠ ᠬᠡᠮᠵᠢᠶ᠎ᠡ ᠪᠤᠯᠭᠠᠨ ᠬᠤᠪᠢᠷᠠᠭᠤᠯᠵᠤ᠂ ᠳᠡᠮᠵᠢᠯᠭᠡ ᠵᠢᠨ ᠵᠦᠢᠯᠡᠰ ᠨᠢᠭᠡᠪᠦᠷᠢ ᠵᠢ ᠨᠢᠳᠦᠨ᠎ᠳᠦ ᠦᠵᠡᠭ᠌ᠳᠡᠮ᠎ᠡ᠂ ᠭᠠᠷ᠎ᠲᠤ ᠪᠠᠷᠢᠭᠳᠠᠮ᠎ᠠ ᠲᠦᠷᠦᠯ ᠵᠦᠢᠯ ᠪᠤᠯᠭᠠᠨ ᠬᠤᠪᠢᠷᠠᠭᠤᠯᠵᠤ᠂ 《ᠰᠠᠨᠠᠯ》 ᠤ᠋ᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳᠤᠮᠳᠠ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠂ ᠰᠢᠨ᠎ᠡ ᠠᠶᠠᠨ ᠳ᠋ᠠᠭᠠᠨ ᠡᠷᠡᠮᠡᠬᠡᠢᠯᠡᠨ ᠤᠷᠤᠭᠰᠢᠯᠠᠵᠤ᠂ ᠱᠢᠨ᠎ᠡ ᠴᠠᠭ ᠦᠶ᠎ᠡ ᠵᠢ ᠤᠭᠲᠤᠶ᠎ᠠ᠃
《 ᠰᠠᠨᠠᠯ 》 ᠤ᠋ᠨ ᠪᠠᠢᠷᠢᠯᠠᠭᠤᠯᠤᠯᠲᠠ
ᠰᠡᠳᠬᠢᠯ᠎ᠢ ᠤᠷᠮᠠᠰᠢᠭᠤᠯᠵᠤ ᠢᠲᠡᠭᠡᠯ᠎ᠢ ᠬᠦᠪᠴᠢᠯᠡᠨ᠎ᠡ
《ᠰᠠᠨᠠᠯ》 ᠳ᠋ᠤ ᠭᠣᠣᠯᠳᠠᠭᠤ ᠨᠢᠭᠡ ᠭᠣᠣᠯ ᠰᠡᠳᠦᠪ᠂ ᠲᠠᠪᠤᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠂ ᠬᠣᠶᠠᠷ ᠱᠠᠲᠤ ᠦᠶ᠎ᠡ᠎ᠶᠢᠨ ᠬᠠᠷᠠᠯᠲᠠ᠂ ᠲᠤᠯᠤᠭᠠᠨ ᠭᠣᠣᠯᠳᠠᠯᠭ᠎ᠠ᠎ᠲᠠᠢ ᠡᠭᠦᠷᠭᠡ ᠪᠠ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠨᠦᠭᠦᠳ ᠪᠠᠭᠲᠠᠨ᠎ᠠ᠃
ᠨᠢᠭᠡ ᠭᠣᠣᠯ ᠰᠡᠳᠦᠪ᠄
ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ᠎ᠶᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃
ᠲᠠᠪᠤᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠄
ᠪᠤᠳᠠᠲᠠᠢ ᠪᠡᠷ ᠬᠡᠯᠡᠪᠡᠯ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠣᠨ᠎ᠠ᠃
ᠬᠣᠶᠠᠷ ᠱᠠᠲᠤ ᠦᠶ᠎ᠡ ᠵᠢᠨ ᠬᠠᠷᠠᠯᠲᠠ ᠄
2027 ᠣᠨ ᠪᠣᠯᠬᠤ᠎ᠳᠤ᠂ ᠶᠡᠷᠦᠩᠬᠡᠢᠯᠡᠭᠰᠡᠨ ᠠᠵᠤ ᠠᠬᠤᠢ᠎ᠶᠢᠨ ᠪᠣᠳᠠᠲᠤ ᠬᠦᠴᠦᠨ ᠢ᠋ ᠪᠦᠬᠦ ᠤᠯᠤᠰ᠎ᠤᠨ ᠳᠤᠮᠳᠠ ᠲᠦᠪᠰᠢᠨ᠎ᠳᠦ ᠤᠷᠤᠭᠤᠯᠵᠦ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ ᠵᠢ ᠪᠦᠬᠦ ᠤᠯᠤᠰ᠎ᠤᠨ ᠳᠤᠮᠳᠠᠴᠢ ᠲᠦᠪᠰᠢᠨ᠎ᠳᠦ ᠬᠦᠷᠭᠡᠵᠦ᠂ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠵᠢ ᠢᠯᠴᠢ᠎ᠶᠢᠨ ᠴᠠᠬᠢᠯᠭᠠᠨ᠎ᠤ ᠬᠡᠪᠴᠢᠶ᠎ᠡ ᠡᠴᠡ ᠲᠠᠪᠠᠭᠤᠯᠵᠦ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠭᠦᠨ᠎ᠤ ᠬᠠᠩᠭᠠᠯᠭ᠎ᠠ ᠢ᠋ᠢᠨ ᠴᠢᠲᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ 《ᠤᠮᠠᠷᠠᠲᠦ ᠢ᠋ᠢᠨ ᠭᠤᠷᠪᠠᠨ ᠤᠷᠤᠨ》 ᠤ᠋ ᠬᠠᠯᠬᠠᠪᠴᠢ ᠤᠢ ᠢ᠋ᠢᠨ ᠰᠢᠰᠲᠸᠮ᠎ᠤᠨ ᠪᠦᠲᠦᠭᠡᠨ ᠪᠠᠢᠭᠤᠯᠤᠯᠲᠠ ᠢ᠋ᠢᠨ ᠢᠨᠵᠸᠨ᠋ᠸᠷᠢᠩ᠎ᠤᠨ ᠪᠣᠭᠣᠮᠲᠠ ᠰᠢᠪᠲᠤᠯᠬᠤ ᠲᠠᠢᠯᠠᠯᠳᠤᠭᠠᠨ᠎ᠳᠤ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠵᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠦ᠎ᠶᠢ ᠵᠠᠰᠠᠭᠰᠠᠨ ᠢᠯᠡᠷᠬᠡᠢ ᠦᠷ᠎ᠡ ᠪᠦᠲᠦᠮᠵᠢ ᠵᠢ ᠤᠯᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠢ᠋ᠢᠨ ᠦᠢᠯᠡᠲᠦᠯ ᠢ᠋ ᠬᠦᠢᠴᠡᠳ ᠪᠠᠲᠠᠷᠠᠭᠤᠯᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠲᠦᠭᠡᠨ ᠪᠠᠢᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠵᠦ᠂ ᠦᠪᠦᠷ ᠮᠤᠩᠭᠤᠯ᠎ᠤᠨ ᠤᠳᠤᠬᠢᠴᠢᠯᠠᠯᠲᠠ ᠢ᠋ᠢᠨ ᠡᠯ᠎ᠡ ᠠᠵᠢᠯ ᠦᠢᠯᠡᠰ᠎ᠤᠨ ᠰᠢᠨ᠎ᠡ ᠬᠥᠭᠵᠢᠯᠲᠡ᠎ᠶᠢ ᠪᠡᠶᠡᠯᠡᠭᠦᠯᠤᠨ᠎ᠡ᠃
2035 ᠣᠨ ᠪᠣᠯᠬᠤ᠎ᠳᠤ᠂ ᠶᠡᠷᠦᠩᠬᠡᠢᠯᠡᠭᠰᠡᠨ ᠠᠵᠤ ᠠᠬᠤᠢ᠎ᠶᠢᠨ ᠪᠣᠳᠠᠲᠤ ᠬᠦᠴᠦᠨ ᠢ᠋ ᠶᠡᠬᠡ ᠪᠡᠷ ᠲᠡᠭᠡᠭᠰᠢᠯᠡᠭᠦᠯᠵᠦ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠪᠠ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠰᠢᠨ᠎ᠡ ᠳᠡᠭᠲᠡᠷ᠎ᠲᠦ ᠭᠠᠷᠭᠠᠵᠤ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠦᠨᠳᠦᠰᠦᠨ᠎ᠳᠡᠭᠡᠨ ᠪᠠᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠦᠢᠯᠡᠳᠦᠯ᠎ᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠪᠦᠬᠦ ᠤᠯᠤᠰ᠎ᠲᠠᠢ ᠵᠡᠷᠭᠡ ᠪᠡᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠦᠨ᠎ᠡ᠃
ᠲᠤᠯᠤᠭᠠᠨ ᠭᠤᠤᠯᠲᠠᠯᠭ᠎ᠠ ᠲᠠᠢ ᠡᠭᠦᠷᠭᠡ᠄
ᠨᠢᠭᠡ᠎ᠳᠦ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠦᠨ᠎ᠡ;
ᠬᠣᠶᠠᠷ᠎ᠲᠤ ᠠᠵᠤ ᠦᠢᠯᠡᠰ᠎ᠤᠨ ᠪᠦᠳᠦᠴᠡ᠎ᠶᠢ ᠪᠠᠢᠯᠳᠤᠬᠤ ᠪᠤᠳᠤᠯᠭ᠎ᠠ᠎ᠶᠢᠨ ᠴᠢᠨᠠᠷᠳᠠᠢ ᠳᠤᠬᠢᠷᠠᠭᠤᠯᠤᠨ ᠰᠢᠯᠢᠳᠡᠭᠵᠢᠬᠦᠯᠬᠦ ᠵᠢ ᠠᠬᠢᠭᠤᠯᠵᠤ᠂ ᠤᠯᠠᠨ ᠡᠰᠢᠵᠢᠨ ᠬᠦᠭᠵᠢᠵᠦ᠂ ᠤᠯᠠᠨ ᠲᠤᠢᠯ᠎ᠢᠶᠡᠷ ᠲᠤᠯᠭᠠᠭᠤᠷᠢᠯᠠᠭᠤᠯᠤᠭᠰᠠᠨ ᠤᠳᠤᠬᠢᠴᠢᠯᠠᠭᠰᠠᠨ ᠠᠵᠤ ᠦᠢᠯᠡᠰ᠎ᠤᠨ ᠰᠢᠰᠲᠸᠮ᠎ᠢ ᠪᠠᠢᠭᠤᠯᠤᠨ᠎ᠠ;
ᠭᠤᠷᠪᠠ᠎ᠳᠤ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠬᠢ ᠪᠠᠶᠠᠯᠢᠭ᠎ᠤᠨ ᠮᠠᠶᠢᠭ᠎ᠤᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠰᠦᠪᠡᠭ᠌ᠴᠢᠯᠡᠨ᠎ᠡ;
ᠳᠥᠷᠪᠡ᠎ᠳᠦ ᠰᠢᠨ᠎ᠡ ᠬᠡᠯᠪᠡᠷᠢ᠎ᠵᠢᠨ ᠡᠨᠧᠷᠭᠢ᠎ᠶᠢᠨ ᠰᠢᠰᠲᠧᠮ᠎ᠢ ᠪᠠᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠤ ᠬᠠᠩᠭᠠᠯᠭ᠎ᠠ᠎ᠶᠢ ᠪᠠᠲᠤᠯᠠᠬᠤ ᠴᠢᠳᠠᠪᠤᠷᠢ᠎ᠶᠢ ᠨᠡᠮᠡᠭᠳᠡᠭᠦᠯᠦᠨ᠎ᠡ;
ᠲᠠᠪᠤ᠎ᠳᠤ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ ᠤ᠋ ᠶᠡᠷᠦᠩᠬᠡᠢᠯᠡᠭ᠌ᠰᠡᠨ ᠦᠢᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠤᠨ᠎ᠠ;
ᠵᠢᠷᠭᠤᠭ᠎ᠠ᠎ᠳᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠤ ᠢᠳᠡᠪᠬᠢᠲᠡᠶ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ;
ᠲᠤᠯᠤᠭ᠎ᠠ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠦᠨ᠎ᠡ᠃
ᠬᠤᠶᠠᠷ ᠬᠤᠷᠠᠯ᠎ᠤᠨ ᠲᠠᠭᠤᠨ᠄
ᠢᠯᠡᠳᠬᠡᠯ᠎ᠳᠤ ᠡᠨᠡ ᠵᠢᠯ᠎ᠤᠨ ᠠᠵᠢᠯ᠎ᠤᠨ ᠲᠤᠬᠠᠢ ᠰᠢᠨᠵᠢᠯᠡᠬᠦ ᠤᠬᠠᠭᠠᠨᠴᠢ ᠲᠤᠬᠢᠷᠠᠭᠤᠯᠤᠯᠲᠠ ᠬᠢᠵᠦ᠂ ᠵᠢᠱ᠌ᠢᠭᠰᠡᠨ ᠬᠠᠷᠠᠯᠲᠠ ᠬᠦᠮᠦᠰ᠎ᠤᠨ ᠰᠡᠳᠬᠢᠯ᠎ᠢ ᠤᠷᠮᠠᠰᠢᠭᠤᠯᠪᠠ᠃ ᠲᠦᠷᠦ ᠵᠢᠨ ᠪᠤᠳᠤᠯᠭ᠎ᠠ ᠵᠢᠨ ᠴᠢᠭᠯᠡᠯᠲᠡ ᠲᠤᠭᠲᠠᠭᠤᠨ ᠪᠦᠭᠡᠳ ᠢᠳᠡᠪᠬᠢᠲᠡᠢ ᠪᠠᠢᠵᠤ᠂ᠭᠤᠤᠯᠳᠠᠯᠭ᠎ᠠ ᠲᠠᠢ ᠡᠭᠦᠷᠭᠡ ᠵᠢ ᠤᠨᠤᠴᠠᠲᠠᠢ ᠬᠦᠴᠦᠯᠡᠵᠦ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠤᠨ ᠬᠦᠭᠵᠢᠯᠲᠡ ᠵᠢᠨ ᠦᠷᠭᠦᠯᠵᠢᠯᠡᠨ ᠯᠠᠪᠳᠠᠭᠤᠨ ᠵᠢᠡᠷ ᠤᠷᠤᠭᠰᠢᠯᠠᠬᠤ ᠵᠢ ᠠᠬᠢᠭᠤᠯᠬᠤ ᠨᠢ ᠯᠠᠪᠲᠠᠢ᠃ ᠦᠪᠦᠷ ᠮᠤᠩᠭᠤᠯ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ᠶᠡᠷᠦᠩᠬᠡᠢ ᠱᠦᠵᠢ ᠰᠢ ᠵᠢᠨ ᠫᠢᠩ᠎ᠤᠨ ᠵᠢᠭᠠᠭᠰᠠᠨ ᠴᠢᠭᠯᠡᠯ ᠶᠤᠰᠤᠭᠠᠷ᠂ ᠪᠠᠢᠳᠠᠯ᠎ᠤᠨ ᠬᠤᠪᠢᠷᠠᠯᠲᠠ᠎ᠳᠤ ᠵᠤᠬᠢᠴᠠᠭᠤᠯᠤᠨ ᠠᠵᠢᠯ᠎ᠤᠨ ᠰᠢᠨ᠎ᠡ ᠠᠷᠭ᠎ᠡ ᠬᠡᠮᠵᠢᠢᠡᠲᠤᠭᠲᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠪᠦᠷ ᠮᠤᠩᠭᠤᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠤᠯᠤᠨ ᠵᠢᠱ᠌ᠢᠶᠡᠴᠢ ᠦᠪᠡᠷᠲᠡᠭᠡᠨ ᠵᠠᠰᠠᠬᠤ ᠤᠷᠤᠨ᠎ᠢ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠬᠤᠶᠠᠷ ᠶᠡᠬᠡ ᠶᠠᠪᠤᠳᠠᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠲᠦᠷᠦ ᠵᠢᠨ ᠪᠤᠳᠤᠯᠭ᠎ᠠ ᠵᠢ ᠨᠠᠢᠳᠠᠪᠤᠷᠢᠵᠢᠭᠤᠯᠬᠤ ᠢᠨᠵᠧᠨ᠋ᠧᠷᠢᠩ᠂ ᠡᠯᠡᠰᠦᠷᠭᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠤᠭᠴᠠᠵᠢᠭᠤᠯᠬᠤ ᠢᠨᠵᠧᠨ᠋ᠧᠷᠢᠩ᠂ ᠬᠠᠢᠷ᠎ᠠ ᠬᠠᠯᠠᠮᠵᠢ ᠵᠢᠨ ᠢᠨᠵᠧᠨ᠋ᠧᠷᠢᠩ᠂ ᠦᠨᠡᠨᠴᠢ ᠢᠲᠡᠭᠡᠮᠵᠢ ᠵᠢᠨ ᠪᠠᠢᠭᠤᠯᠤᠯᠲᠠ ᠵᠢᠨ ᠢᠨᠵᠧᠨ᠋ᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨ᠋ᠧᠷᠢᠩ᠂ ᠴᠢᠯᠦᠭᠡᠲᠦ ᠠᠷᠠᠯᠵᠢᠶᠠᠨ᠎ᠤ ᠤᠷᠤᠨ᠎ᠢ ᠡᠭᠦᠳᠦᠨ ᠪᠠᠢᠭᠤᠯᠬᠤ ᠢᠨᠵᠧᠨ᠋ᠧᠷᠢᠩ ᠵᠡᠷᠭᠡ 《ᠵᠢᠷᠭᠤᠭᠠᠨ ᠢᠨᠵᠧᠨ᠋ᠧᠷᠢᠩ》᠎ᠢ ᠭᠦᠨᠵᠡᠭᠡᠢ ᠬᠡᠷᠡᠭᠵᠢᠭᠦᠯᠵᠦ᠂ᠪᠦᠬᠦ ᠬᠦᠴᠦᠨ ᠵᠢᠡᠷ ᠵᠢᠡᠨ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠤᠷᠤᠵᠤ᠂ᠡᠬᠡ ᠤᠯᠤᠰ᠎ᠤᠨ ᠤᠮᠠᠷᠠᠲᠤ ᠵᠢᠨ ᠦᠵᠡᠮᠵᠢ ᠵᠢᠨ ᠤᠷᠤᠨ ᠵᠢᠡᠨ ᠨᠡᠩ ᠦᠵᠡᠰᠭᠦᠯᠡᠩᠲᠦ ᠰᠠᠢᠬᠠᠨ ᠪᠤᠯᠭᠠᠨ ᠪᠦᠲᠦᠭᠡᠨ ᠪᠠᠢᠭᠤᠯᠤᠨ᠎ᠠ᠃
ᠶᠠᠮᠤᠨ ᠵᠦᠪᠯᠡᠯ᠎ᠤᠨ ᠬᠦᠴᠦᠲᠦ ᠳᠡᠮᠵᠢᠯᠭᠡ
《ᠰᠠᠨᠠᠯ》 ᠢ᠋ ᠥᠪᠥᠷ ᠮᠣᠩᠭᠣᠯ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ᠎ᠶᠢᠨ ᠲᠥᠯᠥᠭᠡ᠂ 3 ᠰᠠᠷ᠎ᠠ᠎ᠶᠢᠨ 4᠎ᠤ᠋ ᠡᠳᠦᠷ ᠪᠣᠯᠲᠠᠯ᠎ᠠ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠵᠡᠷᠭᠡ 35 ᠶᠠᠮᠤᠨ ᠵᠦᠪᠯᠡᠯ ᠨᠢᠭᠡᠴᠢ ᠡᠴᠡ 《ᠰᠠᠨᠠᠯ》 ᠤ᠋ᠨ ᠢᠵᠢ ᠪᠦᠷᠢᠳᠦᠭᠦᠯᠦᠭᠰᠡᠨ 40 ᠲᠥᠷᠥ᠎ᠶᠢᠨ ᠪᠣᠳᠣᠯᠭ᠎ᠠ᠎ᠶᠢ ᠨᠡᠢᠲᠡᠯᠡᠭᠰᠡᠨ ᠪᠤᠶᠤ ᠨᠡᠢᠲᠡᠯᠡᠬᠦ᠎ᠪᠡᠷ ᠲᠥᠯᠥᠪᠯᠡᠵᠦ᠂ ᠥᠪᠥᠷ ᠮᠣᠩᠭᠣᠯ᠎ᠤᠨ ᠡᠯ᠎ᠡ ᠬᠦᠷᠢᠶᠡᠨ᠎ᠳᠡᠬᠢ ᠴᠢᠨᠠᠷ ᠰᠠᠢᠲᠠᠢ ᠬᠥᠭᠵᠢᠯᠲᠡ᠎ᠶᠢ ᠣᠯᠠᠨ ᠲᠠᠯ᠎ᠠ ᠡᠴᠡ ᠳᠡᠮᠵᠢᠵᠦ ᠪᠠᠢᠨ᠎ᠠ᠃
ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠡᠴᠡ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠳᠡᠯᠭᠡᠷᠡᠭᠦᠯᠬᠦ᠂ ᠠᠵᠤ ᠦᠢᠯᠡᠰ᠎ᠦᠨ ᠰᠠᠭᠤᠷᠢ᠎ᠶᠢ ᠲᠠᠬᠢᠨ ᠦᠢᠯᠡᠳᠬᠦ᠂ ᠬᠥᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ᠎ᠦ ᠦᠨᠡᠰᠦ᠎ᠶᠢ ᠶᠡᠷᠦᠩᠬᠡᠢᠯᠡᠨ ᠠᠰᠢᠭ᠍ᠯᠠᠬᠤ᠂ ᠳᠤᠮᠳᠠ ᠪᠠᠭ᠎ᠠ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠳᠠᠭᠠᠭᠠᠯᠲᠠ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠤᠯᠤᠰ᠎ᠤᠨ ᠲᠤᠰᠬᠠᠢ ᠨᠠᠷᠢᠯᠢᠭ᠋ ᠣᠨᠴᠠ ᠰᠢᠨ᠎ᠡ 《ᠪᠢᠴᠢᠬᠠᠨ ᠠᠪᠤᠷᠭᠤ ᠬᠥᠮᠥᠨ》 ᠤ᠋ ᠠᠵᠤ ᠠᠬᠤᠢᠯᠠᠯ᠂ ᠲᠣᠭᠠᠴᠢᠯᠠᠭᠰᠠᠨ ᠬᠡᠯᠪᠡᠷᠢ᠎ᠶᠢ ᠬᠤᠪᠢᠷᠠᠭᠤᠯᠬᠤ ᠲᠤᠷᠰᠢᠯᠲᠠ᠎ᠶᠢᠨ ᠴᠡᠭ᠎ᠤᠨ ᠬᠤᠳᠠ᠂ ᠬᠣᠪᠣᠷ ᠰᠢᠷᠣᠢ᠎ᠶᠢᠨ ᠠᠵᠤ ᠦᠢᠯᠡᠰ ᠵᠡᠷᠭᠡ ᠲᠠᠯ᠎ᠠ᠎ᠶᠢᠨ ᠬᠥᠭᠵᠢᠯᠲᠡ᠎ᠳᠦ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠦᠵᠡᠭᠦᠯᠵᠦ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠪᠥᠬᠥ ᠬᠦᠴᠦᠨ᠎ᠢᠶᠡᠷ ᠠᠬᠢᠭᠤᠯᠵᠤ᠂ ᠠᠵᠤ ᠠᠬᠤᠢ᠎ᠶᠢᠨ ᠪᠦᠲᠦᠴᠡ᠎ᠶᠢᠨ ᠪᠠᠢᠯᠳᠤᠬᠤ ᠪᠤᠳᠤᠯᠭ᠎ᠠ ᠢ᠋ᠢᠨ ᠴᠢᠨᠠᠷᠲᠠᠢ ᠲᠤᠬᠢᠷᠠᠭᠤᠯᠤᠯᠲᠠ ᠵᠢ ᠲᠦᠷᠬᠡᠳᠬᠡᠨ᠎ᠡ᠃
ᠤᠰᠤᠨ ᠠᠰᠢᠭ᠍ᠯᠠᠯᠲᠠ᠎ᠶᠢᠨ ᠶᠠᠮᠤᠨ ᠠᠷᠭ᠎ᠠ ᠬᠡᠮᠵᠢᠶ᠎ᠡ ᠨᠡᠢᠲᠡᠯᠡᠵᠦ ᠥᠪᠥᠷ ᠮᠣᠩᠭᠣᠯ᠎ᠤᠨ ᠦᠶᠡᠷ᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠰᠢᠰᠲ᠋ᠸᠮ᠎ᠢ ᠲᠡᠭᠦᠯᠳᠡᠷᠵᠢᠭᠦᠯᠬᠦ ᠪᠠ ᠤᠰᠤᠨ᠎ᠤ ᠲᠣᠣᠷ᠎ᠤᠨ ᠭᠣᠣᠯᠯᠠᠭ᠍ᠴᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠎ᠶᠢ ᠠᠬᠢᠭᠤᠯᠬᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠣᠷᠴᠢᠨ ᠲᠣᠭᠣᠷᠢᠨ᠎ᠢ ᠰᠡᠷᠭᠦᠭᠡᠬᠦ᠎ᠶᠢ ᠲᠦᠷᠭᠡᠳᠬᠡᠬᠦ ᠂ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠂ ᠣᠶᠤᠨᠲᠤ ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠵᠡᠷᠭᠡ᠎ᠶᠢ ᠳᠡᠮᠵᠢᠪᠡ᠃
ᠤᠯᠤᠰ᠎ᠤᠨ ᠣᠶ ᠰᠢᠭᠤᠢ ᠪᠠ ᠲᠠᠯ᠎ᠠ ᠨᠤᠳᠤᠭ᠎ᠤᠨ ᠲᠣᠪᠴᠢᠶ᠎ᠠ ᠪᠤᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ 《ᠣᠶ ᠰᠢᠭᠤᠢ ᠪᠠ ᠲᠠᠯ᠎ᠠ ᠨᠤᠳᠤᠭ᠎ᠤᠨ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠬᠦ᠂ ᠣᠶ ᠰᠢᠭᠤᠢ ᠲᠠᠯ᠎ᠠ ᠨᠤᠳᠤᠭ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠎ᠶᠢ ᠴᠢᠩᠭᠠᠳᠬᠠᠬᠤ᠂ ᠤᠯᠤᠰ᠎ᠤᠨ ᠴᠡᠴᠡᠷᠯᠢᠭ᠎ᠢᠶᠡᠷ ᠭᠣᠣᠯ ᠴᠣᠭᠴᠠ ᠪᠣᠯᠭᠠᠭᠰᠠᠨ ᠪᠠᠢᠭᠠᠯᠢ᠎ᠶᠢᠨ ᠬᠠᠮᠠᠭᠠᠯᠠᠯᠲᠠ᠎ᠶᠢᠨ ᠤᠷᠤᠨ᠎ᠤ ᠰᠢᠰᠲᠧᠮ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠣᠶ ᠰᠢᠭᠤᠢ ᠲᠠᠯ᠎ᠠ ᠨᠤᠳᠤᠭ᠎ᠤᠨ ᠭᠠᠮᠰᠢᠭ᠋᠎ᠢ ᠰᠡᠷᠭᠡᠢᠯᠡᠨ ᠡᠵᠡᠮᠳᠡᠬᠦ ᠴᠢᠳᠠᠪᠤᠷᠢ᠎ᠶᠢ ᠳᠡᠭᠡᠭᠰᠢᠯᠡᠭᠦᠯᠬᠦ᠂ ᠣᠲᠣ᠌ ᠦᠶ᠎ᠡ᠎ᠶᠢᠨ ᠣᠶ ᠰᠢᠭᠤᠢ ᠲᠠᠯ᠎ᠠ ᠨᠤᠳᠤᠭ᠎ᠤᠨ ᠠᠵᠤ ᠦᠢᠯᠡᠰ᠎ᠢ ᠶᠡᠬᠡ ᠪᠡᠷ ᠬᠥᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠴᠢᠳᠠᠪᠤᠷᠢ᠎ᠶᠢ ᠴᠢᠩᠭᠠᠳᠬᠠᠬᠤ᠂ ᠬᠦᠴᠦᠨ ᠵᠦᠢᠯ᠎ᠦᠨ ᠪᠠᠲᠤᠯᠠᠭ᠎ᠠ ᠲᠤᠯᠭᠠᠭᠤᠷᠢᠯᠠᠯ᠎ᠢ ᠴᠢᠩᠭᠠᠷᠠᠭᠤᠯᠬᠤ ᠵᠡᠷᠭᠡ᠎ᠳᠦ ᠬᠦᠴᠦ ᠨᠡᠮᠡᠷᠢᠯᠡᠪᠡ᠃
ᠡᠳ᠋᠎ᠦᠨ ᠵᠠᠰᠠᠭ᠎ᠤᠨ ᠶᠠᠮᠤᠨ 《〈ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠠᠨᠠᠯ〉 ᠢ᠋ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠡᠳ᠋᠎ᠦᠨ ᠬᠦᠴᠦᠨ᠎ᠦ ᠪᠠᠲᠤᠯᠠᠭ᠎ᠠ᠎ᠶᠢᠨ ᠴᠢᠳᠠᠪᠤᠷᠢ ᠪᠠ ᠲᠦᠭᠰᠢᠭᠦᠷᠢ᠎ᠶᠢ ᠰᠡᠷᠭᠡᠢᠯᠡᠬᠦ ᠴᠢᠳᠠᠪᠤᠷᠢ᠎ᠪᠠᠨ ᠨᠡᠮᠡᠭᠳᠡᠭᠦᠯᠬᠦ᠎ᠶᠢ ᠳᠡᠮᠵᠢᠵᠦ᠂ 《ᠤᠮᠠᠷᠠᠲᠦ ᠢ᠋ᠢᠨ ᠭᠤᠷᠪᠠᠨ ᠤᠷᠤᠨ》 ᠤ᠋ ᠢᠨᠵᠧᠨᠧᠷᠢᠩ᠂ ᠰᠢᠨ᠎ᠡ᠎ᠶᠢ ᠡᠭᠦᠳᠬᠦ ᠲᠠᠪᠴᠠᠩ ᠪᠠ ᠰᠢᠨ᠎ᠡ᠎ᠶᠢ ᠡᠭᠦᠳᠬᠦ ᠲᠥᠪ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠵᠦ᠂ ᠪᠠᠷᠠᠭᠠᠨ᠎ᠤ ᠭᠦᠢᠯᠭᠡᠭᠡᠨ᠎ᠦ ᠦᠢᠯᠡᠰ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢ ᠳᠡᠮᠵᠢᠵᠦ᠂ ᠡᠬᠢ ᠪᠠᠶᠠᠯᠢᠭ᠋ ᠡᠨᠧᠷᠭᠢ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠴᠢᠳᠠᠪᠤᠷᠢ᠎ᠪᠠᠨ ᠨᠡᠮᠡᠭᠳᠡᠭᠦᠯᠬᠦ᠎ᠶᠢ ᠳᠡᠮᠵᠢᠵᠦ᠂ ᠲᠠᠷᠢᠶᠠᠯᠠᠩ᠎ᠤᠨ ᠲᠦᠭᠦᠭᠡᠷᠦᠮᠵᠢ ᠪᠠ ᠤᠰᠤᠨ᠎ᠤ ᠡᠬᠢ ᠪᠠᠶᠠᠯᠢᠭ᠋᠎ᠤᠨ ᠪᠠᠲᠤᠯᠠᠭ᠎ᠠ᠎ᠶᠢᠨ ᠴᠢᠳᠠᠪᠤᠷᠢ᠎ᠪᠠᠨ ᠴᠢᠡᠭᠭᠠᠳᠬᠠᠬᠤ᠎ᠶᠢ ᠳᠡᠮᠵᠢᠵᠦ᠂ ᠬᠢᠯᠢ ᠬᠢᠵᠠᠭᠠᠷ᠎ᠢ ᠬᠥᠭᠵᠢᠭᠦᠯᠦᠨ ᠬᠢᠯᠢ ᠬᠢᠵᠠᠭᠠᠷ᠎ᠢ ᠪᠡᠬᠢᠵᠢᠭᠦᠯᠬᠦ ᠵᠡᠷᠭᠡ᠎ᠶᠢ ᠳᠡᠮᠵᠢᠨ᠎ᠡ ᠭᠡᠪᠡ᠃
ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ《ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠵᠢᠭᠦᠯᠬᠦ ᠲᠥᠰᠥᠯ》 ᠢ᠋ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠎ᠤ 《ᠬᠠᠢᠷ᠎ᠠ ᠬᠠᠯᠠᠮᠵᠢ ᠢ᠋ᠢᠨ ᠢᠨᠵᠧᠨᠧᠷᠢᠩ》 ᠪᠣᠯᠣᠨ ᠭᠣᠣᠯᠳᠠᠯᠭ᠎ᠠ ᠲᠠᠢ ᠭᠠᠵᠠᠷ ᠣᠷᠣᠨ᠎ᠤ ᠠᠷᠢᠭᠤᠨ ᠴᠡᠪᠡᠷ᠎ᠢᠶᠡᠷ ᠳᠤᠯᠠᠭᠠᠯᠠᠬᠤ ᠥᠭᠡᠷᠡᠴᠢᠯᠡᠯᠲᠡ᠎ᠶᠢ ᠠᠬᠢᠭᠤᠯᠵᠦ᠂ ᠣᠶᠤᠨᠴᠢ᠎ᠪᠠᠷ ᠢᠯᠴᠢ ᠬᠠᠩᠭᠠᠬᠤ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠠᠵᠢᠯ᠎ᠢ ᠥᠷᠨᠢᠭᠦᠯᠵᠦ᠂ ᠠᠮᠢᠳᠤᠷᠠᠯ᠎ᠤᠨ ᠬᠣᠭ ᠨᠣᠪᠰᠢ᠎ᠶᠢ ᠬᠣᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠪᠣᠬᠢᠷ ᠤᠰᠤ᠎ᠶᠢ ᠬᠣᠷᠢᠶᠠᠨ ᠴᠤᠭᠯᠠᠭᠤᠯᠵᠤ ᠰᠢᠢᠳᠪᠦᠷᠢᠯᠡᠬᠦ ᠲᠦᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠬᠣᠲᠠ ᠪᠠᠯᠭᠠᠰᠤ᠎ᠶᠢᠨ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ᠎ᠶᠢ ᠠᠬᠢᠭᠤᠯᠵᠤ᠂ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠰᠢᠰᠲᠧᠮ ᠢ᠋ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠢᠲᠠᠢ ᠣᠷᠣᠨ ᠰᠠᠭᠤᠴᠠ᠎ᠶᠢᠨ ᠪᠦᠲᠦᠭᠡᠨ ᠪᠠᠢᠭᠤᠯᠤᠯᠲᠠ᠎ᠶᠢ ᠬᠦᠴᠦᠯᠡᠨ ᠠᠬᠢᠭᠤᠯᠵᠤ᠂ ᠬᠣᠲᠠ᠎ᠶᠢᠨ ᠰᠠᠭᠤᠷᠢ ᠲᠦᠭᠦᠭᠡᠷᠦᠮᠵᠢ᠎ᠶᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠦ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠡᠮᠬᠢ ᠵᠢᠷᠤᠮ᠎ᠲᠠᠢ ᠠᠬᠢᠭᠤᠯᠤᠨ᠂ ᠬᠣᠲᠠ᠎ᠶᠢᠨ ᠤᠰᠤ ᠵᠠᠯᠠᠵᠤ ᠤᠰᠤᠲᠤᠯ᠎ᠢ ᠰᠡᠷᠭᠡᠢᠯᠡᠬᠦ ᠢᠨᠵᠧᠨᠧᠷᠢᠩ᠎ᠦᠨ ᠰᠢᠰᠲᠧᠮ ᠢ᠋ ᠲᠦᠷᠭᠡᠳᠬᠡᠨ ᠪᠠᠢᠭᠤᠯᠵᠤ᠂ ᠪᠥᠬᠥ ᠣᠷᠣᠨ ᠪᠦᠰᠡ᠎ᠶᠢᠨ ᠬᠠᠶ᠋ᠢᠮᠢᠶᠠᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠰᠢᠰᠲᠧᠮᠵᠢᠭᠦᠯᠦᠨ ᠠᠬᠢᠭᠤᠯᠤᠨ᠎ᠠ ᠬᠡᠪᠡ᠃
ᠠᠷᠠᠳ᠎ᠤᠨ ᠶᠠᠪᠤᠳᠠᠯ᠎ᠤᠨ ᠶᠠᠮᠤᠨ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ》 ᠵᠢ ᠳᠠᠷᠤᠮᠠᠯᠯᠠᠨ ᠲᠠᠷᠬᠠᠭᠠᠵᠤ᠂ ᠨᠠᠷᠢᠯᠢᠬ ᠤᠨᠤᠴᠠᠲᠠᠢ ᠪᠡᠷ ᠦᠨᠳᠦᠰᠦᠨ ᠵᠦᠢᠯ ᠢ᠋ ᠪᠠᠲᠤᠯᠠᠬᠤ ᠰᠢᠰᠲ᠋ᠸᠮ᠎ᠤᠨ ᠪᠠᠢᠭᠤᠯᠤᠯᠲᠠ᠎ᠶᠢ ᠠᠬᠢᠭᠤᠯᠬᠤ᠂ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠰᠢᠰᠲ᠋ᠸᠮ᠎ᠤᠨ ᠪᠠᠢᠭᠤᠯᠤᠯᠲᠠ᠎ᠶᠢ ᠲᠦᠷᠭᠡᠳᠬᠡᠬᠦ᠂ ᠬᠡᠦᠬᠡᠳ᠎ᠦᠨ ᠠᠰᠠᠷᠠᠮᠵᠢ᠎ᠶᠢᠨ ᠲᠦᠪᠰᠢᠨ᠎ᠢ ᠳᠡᠭᠡᠭᠰᠢᠯᠡᠭᠦᠯᠬᠦ᠂ ᠨᠡᠢᠭᠡᠮ᠎ᠦᠨ ᠬᠡᠷᠡᠭ ᠶᠠᠪᠤᠳᠠᠯ᠎ᠤᠨ ᠦᠢᠯᠡᠴᠢᠯᠡᠭᠡᠨ᠎ᠦ ᠴᠢᠳᠠᠪᠤᠷᠢ᠎ᠶᠢ ᠪᠡᠬᠢᠵᠢᠭᠦᠯᠦᠨ ᠳᠡᠭᠡᠭᠰᠢᠯᠡᠭᠦᠯᠬᠦ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠣᠯᠣᠨ ᠨᠢᠭᠦᠯᠡᠰᠦᠩᠭᠦᠢ᠎ᠶᠢᠨ ᠦᠢᠯᠡᠰ᠎ᠦᠨ ᠦᠢᠯᠡᠳᠦᠯ᠎ᠢ ᠪᠠᠳᠠᠷᠠᠭᠤᠯᠬᠤ᠂ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠲᠣᠬᠢᠷᠠᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ 6 ᠲᠠᠯ᠎ᠠ᠎ᠪᠠᠷ ᠭᠣᠣᠯᠳᠠᠯᠭ᠎ᠠ᠎ᠪᠠᠨ ᠪᠣᠯᠭᠠᠵᠦ᠂ 29 ᠵᠦᠢᠯ᠎ᠦᠨ ᠪᠣᠳᠠᠲᠠᠢ ᠳᠡᠮᠵᠢᠬᠦ ᠠᠷᠭ᠎ᠠ ᠬᠡᠮᠵᠢᠶ᠎ᠡ᠎ᠶᠢ ᠪᠤᠢ ᠪᠣᠯᠭᠠᠬᠤ᠎ᠶᠢᠨ ᠬᠠᠮᠲᠤ ᠪᠣᠳᠠᠲᠠᠢ ᠡᠭᠦᠷᠭᠡ᠂ ᠬᠠᠷᠢᠭᠤᠴᠠᠯᠭᠠᠲᠤ ᠵᠤᠷᠭᠠᠨ ᠲᠣᠪᠴᠢᠶ᠎ᠠ ᠪᠠ ᠨᠢᠭᠡᠴᠢ᠎ᠶᠢ ᠵᠦᠢᠯ ᠳᠠᠷᠠᠭᠠᠯᠠᠨ ᠲᠣᠳᠣᠷᠬᠠᠢᠯᠠᠵᠤ᠂ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠦᠨᠡᠨ ᠬᠦ᠌ ᠪᠠᠲᠤᠯᠠᠪᠠ᠃
ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠦᠪᠯᠡᠯ ᠡᠴᠡ ᠥᠪᠥᠷ ᠮᠣᠩᠭᠣᠯ᠎ᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠭᠣᠣᠯ ᠰᠢᠵᠢᠮ ᠲᠠᠢ ᠨᠢᠬᠳᠠ ᠤᠶᠠᠯᠳᠤᠭᠤᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ᠋ ᠪᠠᠲᠦ ᠴᠤᠬᠴᠠᠯᠠᠬᠤ ᠵᠢᠱ᠌ᠢᠶ᠎ᠡ ᠦᠵᠡᠭᠦᠯᠬᠦ ᠤᠷᠤᠨ ᠢ᠋ ᠪᠠᠢᠭᠤᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠴᠢᠨᠠᠷ ᠰᠠᠢᠲᠠᠢ ᠪᠡᠶᠡᠯᠡᠭᠦᠯᠭᠦ ᠵᠢ ᠵᠢᠯᠤᠭᠤᠳᠪᠠ᠃
ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ 《ᠥᠪᠥᠷ ᠮᠣᠩᠭᠣᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠢ ᠪᠠᠳᠠᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠳᠡᠮᠵᠢᠬᠦ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢᠲᠡᠢ ᠪᠠᠢᠯᠭᠠᠬᠤ ᠬᠠᠮᠢᠶᠠᠷᠤᠯᠲᠠ᠎ᠶᠢ ᠥᠭᠡᠷᠡᠴᠢᠯᠡᠨ ᠲᠡᠭᠦᠯᠳᠡᠷᠵᠢᠭᠦᠯᠭᠦ᠎ᠶᠢ ᠳᠡᠮᠵᠢᠬᠦ᠂ ᠠᠭᠤᠷᠬᠠᠢ ᠮᠠᠯᠲᠠᠬᠤ ᠵᠢᠴᠢ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠷᠥᠯ ᠵᠦᠢᠯ᠎ᠦᠨ ᠬᠡᠷᠡᠭᠯᠡᠬᠦ ᠭᠠᠵᠠᠷ᠎ᠤᠨ ᠪᠠᠲᠤᠯᠠᠭ᠎ᠠ᠎ᠶᠢ ᠴᠢᠩᠭᠠᠳᠬᠠᠬᠤ᠂ ᠡᠨᠧᠷᠭᠢ᠎ᠶᠢᠨ ᠰᠤᠷᠪᠤᠯᠵᠢ ᠬᠢᠮᠢ᠎ᠶᠢᠨ ᠠᠵᠤ ᠦᠢᠯᠡᠳᠪᠦᠷᠢ᠎ᠶᠢᠨ ᠲᠦᠷᠦᠯ᠎ᠦᠨ ᠬᠦᠷᠢᠶᠡᠯᠡᠩ ᠲᠣᠭᠣᠷᠢᠭ᠋᠎ᠤᠨ ᠭᠠᠵᠠᠷ ᠰᠢᠷᠣᠢ᠎ᠶᠢ ᠵᠦᠢ ᠵᠣᠬᠢᠰᠲᠠᠢ ᠬᠡᠷᠡᠭᠯᠡᠬᠦ ᠬᠡᠷᠡᠭᠴᠡᠭᠡ᠎ᠶᠢ ᠪᠠᠲᠤᠯᠠᠬᠤ᠂ ᠨᠡᠢᠭᠡᠮ᠎ᠦᠨ ᠪᠡᠯᠡ ᠮᠥᠩᠭᠥ᠎ᠵᠢ ᠰᠠᠭᠤᠷᠢ ᠭᠠᠵᠠᠷ ᠰᠢᠨᠵᠢᠯᠡᠭᠡᠨ᠎ᠦ ᠪᠠᠢᠴᠠᠭᠠᠯᠲᠠ᠎ᠳᠤ ᠣᠷᠣᠯᠴᠠᠭᠤᠯᠬᠤ ᠲᠤᠷᠰᠢᠯᠲᠠ᠎ᠶᠢᠨ ᠴᠡᠭ᠎ᠢ ᠥᠷᠨᠢᠭᠦᠯᠬᠦ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠪᠠᠢᠴᠠᠭᠠᠵᠤ ᠨᠡᠭᠡᠭᠡᠨ ᠠᠰᠢᠭ᠍ᠯᠠᠬᠤ ᠡᠷᠴᠢᠮ᠎ᠢ ᠴᠢᠩᠭᠠᠷᠠᠭᠤᠯᠬᠤ᠂ ᠪᠣᠬᠢᠷᠲᠤᠯ ᠦᠭᠡᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠬᠦ᠂ ᠨᠡᠭᠦᠷᠡᠰᠦ ᠯᠦ᠍ᠭᠡ ᠳᠠᠭᠠᠯᠳᠤᠨ ᠡᠭᠦᠰᠦᠭᠰᠡᠨ ᠡᠬᠢ ᠪᠠᠶᠠᠯᠢᠭ᠋᠎ᠢ ᠶᠡᠷᠦᠩᠬᠡᠢᠯᠡᠨ ᠨᠡᠭᠡᠭᠡᠨ ᠠᠰᠢᠭ᠍ᠯᠠᠬᠤ᠎ᠶᠢ ᠵᠣᠷᠢᠭ᠍ᠵᠢᠭᠤᠯᠬᠤ᠂ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠎ᠶᠢ ᠴᠢᠩᠭᠠᠳᠬᠠᠬᠤ ᠵᠡᠷᠭᠡ ᠭᠤᠤᠯᠳᠠᠯᠭ᠎ᠠ ᠲᠠᠢ 8 ᠲᠠᠯ᠎ᠠ᠎ᠪᠠᠷ 20 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠨᠡᠢᠲᠡᠯᠡᠵᠦ᠂ ᠥᠪᠥᠷ ᠮᠣᠩᠭᠣᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠠᠵᠤ ᠠᠬᠤᠢ᠎ᠶᠢᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠦᠨᠡᠨᠬᠦ ᠠᠬᠢᠭᠤᠯᠤᠨ᠎ᠠ᠃
᠁
ᠠᠰᠢᠭ᠍ᠲᠠᠢ ᠲᠦᠷᠦ᠎ᠶᠢᠨ ᠪᠣᠳᠣᠯᠭ᠎ᠠ ᠨᠤᠭᠤᠳ ᠨᠢ ᠪᠦᠬᠦ ᠣᠷᠣᠨ᠎ᠤ ᠠᠷᠠᠳ ᠲᠦᠮᠡᠨ᠎ᠤ ᠨᠡᠩ ᠤᠷᠭᠢᠯᠤᠮ᠎ᠠ ᠬᠠᠯᠠᠭᠤᠨ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠢᠳᠡᠷᠭᠡᠭ ᠠᠯᠬᠤᠭ᠎ᠠ ᠪᠡᠷ ᠤᠷᠤᠬᠰᠢᠯᠠᠬᠤ ᠵᠢ ᠵᠤᠷᠢᠬᠵᠢᠭᠤᠯᠪᠠ᠃
ᠴᠢᠬᠤᠯᠠ ᠶᠡᠬᠡ ᠲᠦᠷᠦᠯ ᠵᠦᠢᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ
《ᠰᠠᠨᠠᠯ》 ᠢ᠋ ᠳᠠᠷᠤᠮᠠᠯᠯᠠᠨ ᠲᠠᠷᠬᠠᠭᠠᠭ᠍ᠰᠠᠨ᠎ᠤ ᠳᠠᠷᠠᠭ᠎ᠠ᠂ ᠥᠪᠥᠷ ᠮᠣᠩᠭᠣᠯ 《ᠰᠠᠨᠠᠯ》 ᠳ᠋ᠤ ᠲᠣᠳᠣᠷᠬᠠᠢᠯᠠᠭ᠍ᠰᠠᠨ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠤᠨ ᠲᠣᠭᠣᠷᠢᠨ᠎ᠳᠤ᠂ 7 ᠲᠠᠯ᠎ᠠ᠎ᠶ᠋ᠢᠨ ᠬᠡᠷᠡᠭ᠌ᠵᠢᠭᠦᠯᠬᠦ᠌ ᠲᠥᠰᠦᠯ ᠪᠠ 2024 ᠣᠨ᠎ᠤ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠳᠠᠩᠰᠠ ᠵᠢ ᠵᠣᠬᠢᠶᠠᠨ ᠪᠠᠢᠭᠤᠯᠤᠨ ᠵᠠᠰᠠᠪᠤᠷᠢ ᠣᠷᠣᠭᠤᠯᠤᠭ᠍ᠰᠠᠨ ᠪᠠ ᠲᠣᠭ᠍ᠲᠠᠭᠠᠵᠤ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠬᠡᠵᠦ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠪᠠᠷ ᠬᠦᠳᠦᠴᠢ ᠪᠣᠯᠭᠠᠵᠤ᠂ 《ᠰᠠᠨᠠᠯ》 ᠢ᠋ ᠪᠤᠳᠠᠲᠠᠢᠵᠢᠭᠤᠯᠤᠨ ᠨᠠᠢᠳᠠᠪᠤᠷᠢᠵᠢᠭᠤᠯᠬᠤ ᠵᠢ ᠠᠬᠢᠭᠤᠯᠵᠦ ᠪᠠᠢᠨ᠎ᠠ᠃
ᠣᠳᠣᠬᠠᠨ ᠪᠣᠯᠲᠠᠯ᠎ᠠ᠂ ᠴᠢᠬᠤᠯᠠ ᠶᠡᠬᠡ ᠲᠥᠷᠥᠯ ᠵᠦᠶ᠋ᠯ᠎ᠦᠨ ᠨᠠᠷᠢᠨ ᠲᠠᠩᠰᠠ᠎ᠶ᠋ᠢᠨ ᠳᠣᠲᠣᠷᠠᠬᠢ 86 ᠴᠢᠬᠤᠯᠠ ᠶᠡᠬᠡ ᠲᠥᠷᠥᠯ ᠵᠦᠶ᠋ᠯ᠎ᠦᠨ 54 ᠲᠦᠷᠦᠯ ᠵᠦᠢᠯ ᠨᠢ ᠨᠢᠭᠡᠨᠲᠡ ᠠᠵᠢᠯ ᠡᠬᠢᠯᠡᠭᠦᠯᠪᠡ; ᠪᠤᠰᠤᠳ 32 ᠲᠥᠷᠥᠯ ᠵᠦᠶ᠋ᠯ᠎ᠨᠢ ᠶᠠᠭ ᠡᠮᠦᠨᠡᠬᠢ ᠬᠤᠭᠤᠴᠠᠭᠠᠨ᠎ᠤ ᠭᠠᠷ ᠭᠦᠢᠴᠡᠳᠬᠡᠯ᠎ᠢ ᠲᠦᠷᠭᠡᠳᠭᠡᠨ ᠭᠦᠶ᠋ᠴᠡᠳᠭᠡᠵᠦ᠍᠂ ᠵᠢᠱ᠌ᠢᠯᠲᠡ᠎ᠪᠡᠷ 2024 ᠣᠨ᠎ᠳᠤ 29 ᠲᠥᠷᠥᠯ ᠵᠦᠶ᠋ᠯ᠎ᠢ ᠠᠵᠢᠯ ᠡᠬᠢᠯᠡᠭᠦᠯᠵᠦ᠍᠂ 2025 ᠣᠨ᠎ᠳᠤ 3 ᠲᠥᠷᠥᠯ ᠵᠦᠶ᠋ᠯ᠎ᠢ ᠠᠵᠢᠯ ᠡᠬᠢᠯᠡᠭᠦᠯᠬᠦ ᠪᠤᠯᠤᠨ᠎ᠠ᠃
《ᠰᠠᠨᠠᠯ》 ᠤ᠋ᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠨᠡᠭᠦᠷᠡᠰᠦ ᠴᠠᠬᠢᠯᠭᠠᠨ᠎ᠤ ᠦᠨᠳᠦᠰᠦᠨ ᠵᠦᠶ᠋ᠯ᠎ᠢ ᠪᠠᠲᠤᠯᠠᠬᠤ᠎ᠶ᠋ᠢ ᠴᠢᠩᠭᠠᠳᠭᠠᠵᠤ᠂ ᠤᠯᠤᠰ᠎ᠤᠨ ᠲᠥᠯᠥᠪᠵᠢᠭᠦᠯᠭᠡ᠎ᠶ᠋ᠢᠨ ᠳᠣᠲᠣᠷᠠᠬᠢ ᠨᠡᠭᠦᠷᠡᠰᠦ ᠴᠠᠬᠢᠯᠭᠠᠨ᠎ᠤ ᠪᠦᠲᠦᠭᠡᠨ ᠪᠠᠢᠭᠤᠯᠤᠯᠲᠠ ᠵᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠨᠡᠭᠦᠷᠡᠰᠦ ᠴᠠᠬᠢᠯᠭᠠᠨ᠎ᠤ ᠲᠥᠷᠥᠯ ᠵᠦᠢᠯ᠎ᠢ ᠨᠥᠭᠡᠴᠡᠯᠡᠨᠠ᠃

ᠥᠪᠥᠷ ᠮᠣᠩᠭᠣᠯ᠎ᠤᠨ ᠪᠦᠦ ᠹᠸᠩ ᠨᠡᠭᠦᠷᠡᠰᠦ᠎ᠪᠡᠷ ᠰᠠᠭᠤᠷᠢᠯᠠᠭ᠍ᠰᠠᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ 4×100 ᠲᠦᠮᠡᠨ ᠲᠣᠨ \\ ᠵᠢᠯ ᠦᠨ ᠨᠡᠭᠦᠷᠡᠰᠦ᠎ᠪᠡᠷ ᠠᠯᠺᠧᠨ ᠨᠡᠭᠦᠷᠦᠭᠴᠢ ᠦᠶ᠋ᠯᠡᠳᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠤ 260 ᠲᠦᠮᠡᠨ ᠲᠣᠨ \\ ᠵᠢᠯ᠎ᠦᠨ ᠲᠥᠷᠥᠯ ᠵᠦᠶ᠋ᠯ᠃
《ᠰᠠᠨᠠᠯ》 ᠤ᠋ᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠬᠣᠷᠢᠨᠭᠡᠷ᠎ᠤᠨ ᠮᠥᠩᠭᠥᠨ ᠭᠦᠶ᠋ᠯᠭᠡᠭᠡᠨ᠎ᠦ ᠳ᠋ᠠᠢᠲ᠋ᠠ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠢ ᠰᠤᠳᠤᠯᠤᠨ ᠪᠠᠢᠭᠤᠯᠪᠠ᠃

ᠬᠣᠷᠢᠨᠭᠡᠷ᠎ᠤᠨ ᠮᠥᠩᠭᠥᠨ ᠭᠦᠶ᠋ᠯᠭᠡᠭᠡᠨ᠎ᠦ ᠳ᠋ᠠᠢᠲ᠋ᠠ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠦᠨ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠳ᠋ᠠᠢᠲ᠋ᠠ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠃
《ᠰᠠᠨᠠᠯ》 ᠤ᠋ᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠬᠠᠲᠤᠨ ᠭᠤᠤᠯ᠎ᠤᠨ 《ᠶᠡᠬᠡ ᠲᠤᠬᠤᠢ》 ᠵᠢᠨ ᠠᠮᠢ ᠠᠬᠤᠶ ᠣᠷᠴᠢᠨ ᠲᠣᠭᠣᠷᠢᠨ᠎ᠤ᠋ ᠱᠢᠰᠲ᠋ᠧᠮ᠎ᠢ᠋ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠂ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠰᠥᠨᠥᠭᠡᠬᠦ᠌ ᠳᠠᠢᠯᠠᠯᠳᠤᠭᠠᠨ᠂ ᠾᠧᠰᠢ ᠵᠢᠨ ᠬᠤᠩᠬᠢᠯ — ᠲᠠᠺᠠᠯᠢᠮᠠᠺᠠᠨ ᠡᠯᠡᠰᠦᠨ ᠴᠦᠯ᠎ᠦᠨ ᠬᠥᠪᠡᠭᠡᠨ᠎ᠳᠡᠬᠢ ᠬᠣᠷᠢᠭ᠍ᠯᠠᠨ ᠴᠣᠬᠢᠬᠤ ᠳᠠᠢᠯᠠᠯᠳᠤᠭᠠᠨ᠎ᠢ ᠪᠦᠬᠦ ᠬᠦᠴᠦᠨ ᠵᠢᠡᠷ ᠵᠢᠡᠨ ᠰᠠᠢᠲᠤᠷ ᠬᠢᠨ᠎ᠠ᠃

ᠬᠠᠲᠤᠨ ᠭᠤᠤᠯ᠎ᠤᠨ《ᠶᠡᠬᠡ ᠲᠤᠬᠤᠢ》 ᠵᠢᠨ ᠨᠣᠭᠣᠭᠠᠷᠠᠭᠤᠯᠤᠯᠲᠠ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠃
《ᠰᠠᠨᠠᠯ》 ᠤ᠋ᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠲᠦᠷᠭᠡᠪᠴᠢᠯᠡᠨ ᠪᠠᠢᠭᠤᠯᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ ᠵᠢᠡᠷ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠤᠯᠭᠠᠨ ᠪᠦᠲᠦᠭᠡᠨ ᠪᠠᠢᠭᠤᠯᠤᠨ᠎ᠠ᠃

ᠤᠯᠠᠭᠠᠨᠬᠠᠳᠠᠬᠣᠲᠠ ᠶ᠋ᠢᠨ ᠰᠦᠩᠱᠠᠨ ᠲᠣᠭᠣᠷᠢᠭ ᠥᠨᠳᠥᠷᠪᠠᠷᠢᠮᠵᠢᠶᠠᠲᠤ ᠲᠠᠷᠢᠶᠠᠨ ᠭᠠᠵᠠᠷ ᠦᠨ ᠪᠦᠲᠦᠭᠡᠨᠪᠠᠢᠭᠤᠯᠤᠯᠲᠠ ᠶ᠋ᠢ ᠯᠠᠪᠳᠠᠭᠤᠨ ᠪᠠᠲᠤᠲᠠᠶᠠᠬᠢᠭᠤᠯᠵᠦ ᠪᠠᠢᠨ᠎ᠠ᠃
《ᠰᠠᠨᠠᠯ》 ᠤ᠋ᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ᠎ᠦᠨ ᠰᠠᠭᠤᠷᠢᠨ᠎ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠥᠪᠴᠢ᠂ ᠲᠩᠷᠢ᠂ ᠤᠯᠠᠭᠠᠨᠪᠤᠬ᠎ᠠ᠂ ᠪᠠᠳᠠᠶ᠎ᠶ᠋ᠢᠨ ᠵᠢᠷᠠᠨ ᠵᠡᠷᠭᠡ ᠡᠯᠡᠰᠦᠨ ᠴᠥᠯ᠂ ᠭᠣᠪᠢ᠂ ᠴᠥᠯᠯᠡᠷᠬᠡᠭ ᠭᠠᠵᠠᠷ ᠣᠷᠣᠨ᠎ᠤ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ᠂ ᠲᠤᠯᠭᠠᠭᠤᠷᠢᠯᠠᠬᠤ ᠴᠢᠨᠠᠷᠲᠠᠶ ᠴᠠᠬᠢᠯᠭᠠᠨ ᠡᠭᠦᠰᠭᠡᠭ᠌ᠴᠢ ᠵᠢᠴᠢ ᠭᠠᠳᠠᠭ᠍ᠰᠢ ᠬᠦᠷᠭᠡᠬᠦ᠌ ᠨᠡᠪᠲᠡᠷᠡᠯ ᠵᠠᠮ᠎ᠢ ᠲᠦᠷᠭᠡᠳᠬᠡᠨ ᠪᠠᠢᠭᠤᠯᠤᠨ᠎ᠠ᠃

ᠪᠥᠬᠥ᠌ ᠤᠯᠤᠰ᠎ᠤᠨ ᠲᠠᠩ ᠴᠣᠭ᠍ᠴᠠ ᠵᠢᠨ ᠬᠡᠪᠴᠢᠶ᠎ᠡ᠎ᠪᠡᠷ ᠬᠠᠮᠤᠭ᠎ᠤᠨ ᠶᠡᠬᠡ ᠬᠡᠷᠡᠯᠴᠢ ᠴᠡᠨᠡᠭ᠎ᠦᠨ ᠡᠯᠡᠰᠦ ᠵᠢ ᠵᠠᠰᠠᠬᠤ ᠲᠥᠷᠥᠯ ᠵᠦᠶ᠋ᠯ — ᠦᠪᠦᠷ ᠮᠤᠩᠭᠤᠯ᠎ᠤᠨ ᠪᠠᠷᠠᠭᠤᠨ ᠬᠡᠰᠡᠭ᠎ᠤᠨ ᠰᠠᠭᠤᠷᠢᠨ᠎ᠤ ᠬᠥᠪᠴᠢ᠎ᠶ᠋ᠢᠨ 200 ᠲᠦᠮᠡᠨ ᠬᠢᠯᠦᠸᠠᠲ᠎ᠤᠨ ᠬᠡᠷᠡᠯᠴᠢ ᠴᠡᠨᠡᠭ᠎ᠦᠨ ᠡᠯᠡᠰᠦ ᠵᠢ ᠵᠠᠰᠠᠬᠤ ᠲᠥᠷᠥᠯ ᠵᠦᠶ᠋ᠯ ᠃
ᠯᠧᠢ ᠫᠠᠨ ᠰᠡᠭᠦᠳᠡᠷᠯᠡᠪᠡ
ᠰᠠᠨᠠᠯ ᠤᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠷᠠᠱᠢᠶᠠᠨ᠎ᠤ ᠤᠯᠤᠰ ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ ᠶ᠋ᠢᠨ ᠣᠷᠣᠨ ᠢ ᠡᠭᠦᠳᠦᠨ ᠪᠠᠢᠭᠤᠯᠬᠤ ᠶ᠋ᠢ ᠳᠡᠮᠵᠢᠨ᠎ᠡ᠃

ᠷᠠᠱᠢᠶᠠᠨ ᠤ ᠯᠦ᠍ ᠵᠢᠶᠤᠤᠸᠠᠨ ᠬᠠᠯᠠᠭᠤᠨ ᠷᠠᠱᠢᠶᠠᠨ ᠤ ᠠᠮᠠᠷᠠᠯᠲᠠ ᠶ᠋ᠢᠨᠭᠠᠵᠠᠷ ᠤᠨ ᠲᠦᠷᠦᠯ ᠵᠦᠢᠯ᠃
ᠢᠵᠢ ᠪᠦᠷᠢᠳᠦᠭᠦᠯᠦᠭᠰᠡᠨ ᠲᠥᠷᠥ ᠶ᠋ᠢᠨ ᠪᠣᠳᠣᠯᠭ᠎ᠠ
2023 ᠣᠨ᠎ᠤ 11 ᠰᠠᠷ᠎ᠠ᠎ᠶ᠋ᠢᠨ 9 ᠤ᠋ ᠡᠳᠦᠷ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠎ᠦᠨ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》 ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ 《ᠰᠠᠨᠠᠯ》 ᠢ᠋ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠵᠤᠷᠭᠠᠨ᠎ᠤ ᠬᠠᠷᠢᠭᠤᠴᠠᠯᠭᠠᠲᠠᠨ ᠫᠠᠨ ᠶᠠᠩ ᠪᠢᠨ᠄
《ᠰᠠᠨᠠᠯ》 ᠳ᠋ᠤ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠢ᠋ ᠪᠥᠲᠥᠭᠡᠨ ᠪᠠᠢᠭᠤᠯᠬᠤ ᠲᠤᠬᠠᠢ ᠱᠢᠰᠲ᠋ᠧᠮ᠎ᠲᠡᠶ ᠪᠠᠢᠷᠢᠯᠠᠭᠤᠯᠤᠯᠲᠠ ᠬᠢᠪᠠ᠃ ᠲᠠᠷᠠᠭᠠᠴᠢ᠎ᠶ᠋ᠢᠨ ᠠᠯᠬᠤᠮ᠎ᠳᠤ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠳᠥᠷᠪᠡᠨ ᠲᠠᠯ᠎ᠠ᠎ᠠᠴᠠ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠨ᠎ᠠ᠄
ᠨᠢᠭᠡᠳᠦᠭᠡᠷ᠎ᠲᠦ᠂ ᠲᠥᠬᠥᠭᠡᠷᠦᠮᠵᠢ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠭᠤᠷᠢ᠎ᠶ᠋ᠢ ᠪᠡᠬᠢᠵᠢᠭᠦᠯᠦᠨ᠎ᠡ᠃ ᠬᠣᠶᠠᠷ ᠲᠠᠯ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠤᠤᠯᠳᠠᠯᠭ᠎ᠠ᠎ᠲᠠᠶ ᠴᠢᠩᠭᠠᠳᠭᠠᠨ᠎ᠠ᠄ ᠨᠢᠭᠡ ᠲᠠᠯ᠎ᠠ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠪᠦᠲᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠢᠭᠤᠯᠬᠤ᠎ᠶ᠋ᠢᠨ ᠬᠠᠮᠲᠤ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠲᠦᠭᠦᠭᠡᠷᠦᠮᠵᠢ᠎ᠶ᠋ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠍᠂ ᠲᠠᠷᠢᠶᠠᠯᠠᠬᠤ᠎ᠳᠤ ᠲᠣᠬᠢᠷᠠᠬᠤ᠂ ᠭᠠᠩᠳᠠᠵᠤ ᠤᠰᠤᠲᠤᠪᠠᠴᠤ᠌ ᠬᠤᠷᠢᠶᠠᠯᠲᠠ᠎ᠶ᠋ᠢ ᠪᠠᠲᠤᠯᠠᠬᠤ᠂ ᠥᠨᠳᠥᠷ ᠲᠣᠭ᠍ᠲᠠᠭᠤᠨ ᠬᠤᠷᠢᠶᠠᠯᠲᠠ᠎ᠲᠠᠶ ᠣᠳᠣᠬᠢᠴᠢᠯᠠᠭ᠍ᠰᠠᠨ ᠠᠮᠤ ᠪᠤᠳᠠᠭᠠᠨ᠎ᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠤᠨ᠎ᠠ᠃ ᠨᠦᠬᠦᠭᠡ ᠲᠠᠯ᠎ᠠ᠎ᠪᠠᠷ ᠲᠦᠬᠦᠭᠡᠷᠤᠮᠵᠢᠳᠤ ᠲᠠᠷᠢᠶᠠᠯᠠᠩ᠎ᠢ ᠬᠥᠭ᠌ᠵᠢᠭᠦᠯᠵᠦ᠍᠂ ᠨᠢᠭᠡ ᠪᠦᠯᠦᠭ ᠤᠶᠤᠨᠲᠤ ᠬᠦᠯᠡᠮᠵᠢ ᠪᠠ ᠨᠡᠷᠡᠨ᠎ᠦ ᠭᠡᠷᠡᠯ᠎ᠦᠨ ᠬᠦᠯᠡᠮᠵᠢ ᠪᠠᠢᠭᠤᠯᠬᠤ᠎ᠶ᠋ᠢ ᠲᠡᠮᠵᠢᠵᠤ᠂ ᠬᠠᠱᠢᠶᠠᠯᠠᠨ ᠲᠡᠵᠢᠭᠡᠵᠦ᠍ ᠠᠷᠠᠴᠢᠯᠠᠬᠤ᠎ᠶ᠋ᠢ ᠲᠦᠷᠭᠡᠳᠭᠡᠨ ᠬᠥᠭ᠌ᠵᠢᠭᠦᠯᠤᠨ᠎ᠠ᠃ ᠠᠮᠢ ᠠᠬᠤᠶ᠎ᠶ᠋ᠢ ᠬᠠᠮᠠᠭᠠᠯᠠᠬᠤ ᠪᠠ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠨᠡᠮᠡᠭ᠌ᠳᠡᠭᠦᠯᠬᠦ᠌ ᠦᠭᠡᠶ ᠪᠠᠢᠬᠤ ᠤᠷᠢᠲᠠᠯ ᠳᠣᠣᠷ᠎ᠠ᠂ ᠭᠣᠪᠢ᠂ ᠡᠯᠡᠰᠦ ᠮᠠᠩᠬ᠎ᠠ ᠵᠡᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠱᠢᠭ᠍ᠯᠠᠨ ᠲᠦᠭᠦᠭᠡᠷᠦᠮᠵᠢᠲᠦ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠰᠦᠪᠡᠭ᠌ᠴᠢᠯᠡᠨ᠎ᠡ᠃
ᠬᠣᠶᠠᠳᠤᠭᠠᠷ᠎ᠲᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍ ᠦᠢᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠢᠭᠡ ᠲᠠᠯ᠎ᠠ᠎ᠪᠠᠷ᠂ ᠦᠷ᠎ᠡ ᠪᠣᠢᠵᠢᠭᠤᠯᠬᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ᠃ ᠳᠠᠪᠠᠭᠤᠯᠢᠭ ᠣᠨᠴᠠᠯᠢᠭ᠍ᠲᠤ ᠡᠭᠦᠯᠳᠡᠷ᠎ᠢ ᠪᠣᠢᠵᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠰᠠᠭᠠᠯᠢ᠎ᠶ᠋ᠢᠨ ᠦᠨᠢᠶᠡᠨ᠎ᠦ ᠡᠭᠦᠯᠳᠡᠷ ᠪᠣᠢᠵᠢᠭᠤᠯᠬᠤ᠎ᠶ᠋ᠢᠨ ᠬᠠᠮᠲᠤᠷᠠᠨ ᠪᠣᠭᠣᠮᠲᠠ ᠱᠢᠪᠲᠤᠯᠬᠤ᠎ᠶ᠋ᠢ ᠥᠷᠨᠢᠭᠦᠯᠵᠦ᠍᠂ ᠱᠢᠷ᠎ᠠ ᠪᠤᠷᠴᠠᠭ᠂ ᠡᠷᠳᠡᠨᠢ ᠱᠢᠰᠢ᠂ ᠲᠥᠮᠥᠰᠥ᠎ᠶ᠋ᠢᠨ ᠦᠷ᠎ᠡ ᠪᠣᠢᠵᠢᠭᠤᠯᠬᠤ ᠲᠣᠮᠣ ᠱᠢᠶᠠᠨ᠎ᠢ ᠪᠦᠲᠦᠭᠡᠨ ᠪᠠᠢᠭᠤᠯᠵᠤ᠂ ᠲᠡᠷᠢᠭᠦᠨ ᠵᠡᠷᠭᠡ᠎ᠶ᠋ᠢᠨ ᠰᠦ ᠶ᠋ᠢᠨ ᠢᠷᠡᠯᠲᠡ᠂ ᠦᠷ᠎ᠡ᠎ᠶ᠋ᠢᠨ ᠢᠷᠡᠯᠲᠡ ᠪᠠ ᠡᠪᠡᠰᠦᠨ᠎ᠦ ᠢᠷᠡᠯᠲᠡ᠎ᠶ᠋ᠢᠨ ᠰᠠᠭᠤᠷᠢᠨ᠎ᠢ ᠪᠠᠢᠭᠤᠯᠤᠨ᠎ᠠ᠃ ᠨᠦᠬᠦᠭᠡ ᠲᠠᠯ᠎ᠠ᠎ᠪᠠᠷ᠂ ᠮᠡᠷᠭᠡᠵᠢᠯ᠎ᠦᠨ ᠬᠤᠷᠠᠮᠠᠯ᠎ᠢ ᠠᠬᠢᠭᠤᠯᠤᠨ᠎ᠠ᠃ ᠠᠮᠤ ᠪᠤᠳᠠᠭ᠎ᠠ ᠲᠣᠰᠣ ᠵᠡᠷᠭᠡ ᠭᠤᠤᠯ ᠪᠣᠯᠬᠤ ᠲᠠᠷᠢᠮᠠᠯ᠎ᠤᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠴᠢᠨᠠᠷ ᠰᠠᠢᠲᠠᠶ ᠥᠨᠳᠥᠷ ᠲᠠᠭᠠᠭᠠᠴᠠ ᠲᠠᠢ ᠱᠢᠨ᠎ᠡ ᠡᠭᠦᠯᠳᠡᠷ ᠪᠠ ᠥᠨᠳᠥᠷ ᠪᠦᠲᠦᠮᠵᠢᠲᠡᠶ ᠱᠢᠨ᠎ᠡ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠵᠦ᠍᠂ ᠨᠢᠭᠡ ᠪᠦᠯᠦᠭ 《ᠲᠣᠨ᠎ᠤ ᠲᠡᠰ᠎ᠤᠨ ᠠᠮᠤ ᠵᠢᠨ ᠲᠠᠷᠢᠶ᠎ᠠ》 ᠪᠠ ᠡᠷᠳᠡᠨᠢ ᠱᠢᠰᠢ᠂ ᠱᠢᠷ᠎ᠠ ᠪᠤᠷᠴᠠᠭ᠎ᠤᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠭᠤᠤᠯᠳᠠᠯᠭ᠎ᠠ᠎ᠲᠠᠶ ᠱᠢᠶᠠᠨ᠎ᠢ ᠪᠥᠲᠥᠭᠡᠨ ᠪᠠᠢᠭᠤᠯᠵᠤ᠂ ᠤᠯᠤᠰ᠎ᠤᠨ ᠴᠢᠬᠤᠯᠠ 《ᠠᠮᠤ ᠪᠤᠳᠠᠭᠠᠨ᠎ᠤ ᠬᠥᠮᠥᠷᠭᠡ》 ᠶ᠋ᠢ ᠪᠠᠢᠭᠤᠯᠤᠨ᠎ᠠ᠃
ᠭᠤᠷᠪᠠᠳᠤᠭᠠᠷ᠎ᠲᠤ᠂ ᠠᠵᠤ ᠦᠢᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠦᠨ᠎ᠡ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭᠳᠡᠭᠦᠨ᠎ᠢ ᠨᠠᠷᠢᠯᠢᠭ ᠭᠦᠨᠵᠡᠭᠡᠶ ᠡᠳ᠋ᠰᠢᠬᠦᠯᠬᠦ᠎ᠶ᠋ᠢ ᠶᠡᠬᠡᠪᠡᠷ ᠬᠥᠭ᠌ᠵᠢᠭᠦᠯᠵᠦ᠍᠂ ᠨᠢᠭᠡ ᠪᠦᠯᠦᠭ ᠤᠯᠤᠰ᠎ᠤᠨ ᠣᠳᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ ᠪᠣᠯᠤᠨ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠪᠠᠯᠭᠠᠰᠤ᠎ᠶ᠋ᠢ ᠪᠦᠲᠦᠭᠡᠨ ᠪᠠᠢᠭᠤᠯᠬᠤ᠎ᠶ᠋ᠢ ᠳᠡᠮᠵᠢᠵᠦ᠍᠂ ᠠᠵᠤ ᠦᠢᠯᠡᠰ᠎ᠦᠨ ᠲᠥᠪᠯᠡᠷᠡᠨ ᠬᠥᠭ᠌ᠵᠢᠬᠦ᠌᠎ᠶ᠋ᠢ ᠠᠬᠢᠭᠤᠯᠤᠨ᠎ᠠ᠃ ᠪᠣᠬᠢᠷᠲᠤᠯ ᠦᠭᠡᠢ ᠣᠷᠭᠠᠨᠢᠭ ᠲᠦᠷᠦᠯ ᠲᠡᠮᠳᠡᠭ᠎ᠢ ᠡᠭᠦᠳᠴᠦ᠍᠂ ᠲᠠᠷᠢᠶᠠᠯᠠᠩ᠎ᠤᠨ ᠦᠢᠯᠡᠳᠪᠦᠷᠢᠯᠡᠯ ᠪᠣᠯᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ 《ᠭᠤᠷᠪᠠᠨ ᠪᠦᠲᠦᠭᠡᠭ᠌ᠳᠡᠬᠦᠨ ᠨᠢᠭᠡ ᠲᠡᠮᠳᠡᠭ》 ᠢ᠋ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠢᠭᠡ ᠪᠦᠯᠦᠭ ᠴᠢᠨᠠᠷ ᠰᠠᠢᠲᠠᠢ᠂ ᠦᠷᠢᠰᠦᠯᠳᠦᠬᠦ᠌ ᠬᠦᠴᠦᠨ᠎ᠢᠶᠡᠷ ᠴᠢᠩᠭ᠎ᠠ᠂ ᠳᠠᠢᠴᠢᠯᠠᠬᠤ ᠦᠢᠯᠡᠳᠦᠯ᠎ᠢᠶᠡᠷ ᠢᠯᠡᠷᠬᠡᠢ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠳᠡᠭ᠎ᠢ ᠡᠭᠦᠲᠤᠨ᠎ᠠ᠃
ᠳᠥᠷᠪᠡᠳᠦᠭᠡᠷ᠎ᠲᠦ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠠ᠃ ᠨᠢᠭᠡ ᠲᠠᠯ᠎ᠠ᠎ᠪᠠᠷ ᠭᠠᠵᠠᠷ ᠱᠢᠷᠣᠶ᠎ᠶ᠋ᠢᠨ ᠳᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠡᠵᠡᠩᠨᠡᠯᠲᠡ᠎ᠶ᠋ᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠤᠨ᠎ᠠ᠃ ᠭᠠᠵᠠᠷ ᠰᠢᠷᠤᠢ᠂ ᠪᠡᠯᠴᠢᠭᠡᠷ ᠮᠠᠯᠵᠢᠯ᠎ᠤᠨ ᠲᠠᠯᠠᠪᠠᠢ ᠵᠢᠨ ᠡᠵᠡᠡᠭᠨᠡᠯᠳᠡ ᠵᠢᠨ ᠡᠷᠭᠡ ᠵᠢ ᠰᠢᠯᠵᠢᠭᠦᠯᠭᠦ ᠦᠢᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠦᠨ᠎ᠠ᠃ ᠨᠥᠭᠥᠭᠡ ᠲᠠᠯ᠎ᠠ᠎ᠪᠠᠷ᠂ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠪᠤᠵᠠᠭᠠᠢᠷᠠᠭᠤᠯᠤᠨ᠂ ᠨᠢᠭᠡ ᠪᠦᠯᠦᠭ ᠵᠢᠱ᠌ᠢᠶ᠎ᠡ ᠦᠵᠡᠭᠦᠯᠬᠦ᠌ ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠮᠠᠯᠴᠢᠨ ᠲᠠᠷᠢᠶᠠᠴᠢᠳ᠎ᠤᠨ ᠬᠣᠷᠱᠢᠶ᠎ᠠ᠎ᠶ᠋ᠢ ᠪᠣᠢᠵᠢᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠨᠡᠢᠭᠡᠮᠴᠢᠯᠡᠭ᠌ᠰᠡᠨ ᠦᠶ᠋ᠯᠡᠴᠢᠯᠡᠭᠡ᠎ᠶ᠋ᠢ ᠶᠡᠬᠡᠪᠡᠷ ᠬᠥᠭ᠌ᠵᠢᠭᠦᠯᠦᠨ᠂ ᠨᠢᠭᠡ ᠪᠦᠯᠦᠭ ᠲᠠᠷᠢᠶᠠᠯᠠᠩ᠎ᠤᠨ ᠠᠵᠤ ᠦᠢᠯᠡᠰᠵᠢᠭ᠌ᠰᠡᠨ ᠤᠯᠤᠰ᠎ᠤᠨ ᠭᠤᠤᠯᠳᠠᠯᠭ᠎ᠠ᠎ᠲᠠᠶ ᠲᠤᠯᠤᠭᠠᠢᠯᠠᠭᠴᠢ ᠠᠵᠤ ᠠᠬᠤᠢᠯᠠᠯ᠎ᠢ ᠮᠠᠭᠠᠳᠯᠠᠨ ᠲᠣᠭ᠍ᠲᠠᠭᠠᠬᠤ᠎ᠶ᠋ᠢ ᠳᠡᠮᠵᠢᠨ᠎ᠠ᠃
ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠲᠥᠯᠥᠪᠵᠢᠭᠦᠯᠭᠡ᠎ᠶ᠋ᠢᠨ ᠵᠤᠷᠭᠠᠨ᠎ᠤ ᠳᠠᠷᠤᠭ᠎ᠠ ᠴᠧᠨ ᠺᠸ ᠯᠦᠩ ᠄
ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠶ᠋ᠯᠡᠳᠪᠦᠷᠢ᠎ᠶ᠋ᠢᠨ ᠰᠠᠭᠤᠷᠢ ᠨᠡᠯᠢᠶᠡᠳ ᠰᠠᠢᠨ ᠪᠠᠢᠵᠤ᠂ ᠤᠯᠤᠰ᠎ᠤᠨ ᠳᠣᠲᠣᠭᠠᠳᠤ᠎ᠶ᠋ᠢᠨ ᠴᠢᠬᠤᠯᠠ ᠲᠦᠭᠦᠬᠡᠶ ᠮᠠᠲ᠋ᠧᠷᠢᠶᠠᠯ ᠪᠣᠯᠤᠨ ᠵᠠᠪᠰᠠᠷ᠎ᠤᠨ ᠦᠶ᠋ᠯᠡᠳᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠪᠣᠯᠤᠨ᠎ᠠ᠃ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠪᠠ ᠠᠵᠤ ᠦᠶ᠋ᠯᠡᠰ᠎ᠦᠨ ᠳᠠᠪᠠᠭᠤᠯᠢᠭ᠎ᠲᠤ ᠰᠠᠭᠤᠷᠢᠯᠠᠨ᠂ ᠣᠯᠠᠨ ᠡᠱᠢᠵᠢᠨ ᠬᠥᠭ᠌ᠵᠢᠭᠰᠡᠨ᠂ ᠣᠯᠠᠨ ᠲᠤᠢᠯ᠎ᠢᠶᠠᠷ ᠲᠤᠯᠭᠠᠭᠤᠷᠢᠯᠠᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠬᠤ᠎ᠨᠢ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《 ᠨᠢᠭᠡ ᠪᠡᠬᠢᠯᠡᠯᠲᠡ》 ᠶ᠋ᠢᠨ ᠦᠶ᠋ᠯᠡᠳᠦᠯ᠎ᠢ ᠴᠢᠨᠠᠭᠰᠢᠲᠠ ᠳᠡᠭᠡᠭ᠌ᠰᠢᠯᠡᠭᠦᠯᠵᠦ᠍᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌ ᠪᠠ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠨᠠᠩ ᠰᠠᠢᠨ ᠦᠶ᠋ᠯᠡᠴᠢᠯᠡᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ《ᠰᠠᠨᠠᠯ》 ᠤ᠋ᠨ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠢᠳᠠᠪᠤᠷᠢᠵᠢᠭᠤᠯᠤᠯᠳᠠ᠎ᠶ᠋ᠢ ᠰᠠᠢᠲᠤᠷ ᠠᠳᠭᠤᠵᠦ᠂ ᠭᠤᠤᠯᠳᠠᠭᠤ ᠭᠤᠷᠪᠠᠨ ᠲᠠᠯ᠎ᠠ᠎ᠠᠴᠠ ᠥᠪᠥᠷ ᠮᠣᠩᠭᠣᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠪᠣᠯᠤᠨ᠎ᠠ᠃
ᠨᠢᠭᠡ᠎ᠳᠦ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠤᠨ᠎ᠠ᠃ ᠲᠠᠪᠴᠠᠩ᠎ᠤᠨ ᠪᠠᠢᠭᠤᠯᠤᠯᠳᠠ ᠵᠢᠨ ᠲᠠᠯ᠎ᠠ᠎ᠪᠠᠷ᠂ ᠤᠯᠤᠰ᠎ᠤᠨ ᠬᠣᠪᠣᠷ ᠱᠢᠷᠣᠶ᠎ᠶ᠋ᠢᠨ ᠴᠢᠳᠠᠮᠵᠢ᠎ᠶ᠋ᠢᠨ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌ ᠲᠥᠪ᠎ᠦᠨ ᠥᠨᠳᠥᠷ ᠲᠦᠪᠱᠢᠨ ᠪᠦᠬᠦᠢ ᠪᠠᠢᠭᠤᠯᠤᠯᠲᠠ᠎ᠶ᠋ᠢ ᠠᠬᠢᠭᠤᠯᠤᠨ᠎ᠠ᠃ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠴᠠᠭᠠᠨ ᠢᠳᠡᠭᠡᠨ ᠵᠡᠷᠭᠡ ᠳᠠᠪᠠᠭᠤᠯᠢᠭ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠶ᠋ᠯᠡᠳᠬᠦ᠌ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠲᠥᠪ᠂ ᠵᠠᠪᠰᠠᠷ᠎ᠤᠨ ᠲᠤᠷᠱᠢᠯᠲᠠ᠎ᠶ᠋ᠢᠨ ᠰᠠᠭᠤᠷᠢᠨ ᠵᠢᠴᠢ ᠤᠬᠠᠭᠲᠠᠬᠤᠨ ᠤ᠋ ᠰᠢᠯᠭᠠᠨ ᠪᠠᠲᠤᠯᠠᠬᠤ ᠲᠦᠪ᠎ᠢ ᠪᠠᠢᠷᠢᠱᠢᠭᠤᠯᠤᠨ ᠪᠠᠢᠭᠤᠯᠤᠨ᠎ᠠ᠃ ᠠᠵᠤ ᠠᠬᠤᠢᠯᠠᠯ᠎ᠢ ᠬᠦᠴᠦᠷᠬᠡᠭ᠌ᠵᠢᠭᠦᠯᠬᠦ᠌ ᠲᠠᠯ᠎ᠠ᠎ᠪᠠᠷ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠥᠪᠥᠷ ᠮᠣᠩᠭᠣᠯ᠎ᠤᠨ ᠲᠤᠰᠭᠠᠢᠵᠢᠭ᠍ᠰᠠᠨ ᠨᠠᠷᠢᠯᠢᠭ ᠣᠨᠴᠠᠭᠠᠢ ᠱᠢᠨ᠎ᠡ ᠳᠤᠮᠳᠠ ᠪᠠᠭ᠎ᠠ ᠠᠵᠤ ᠠᠬᠤᠢᠯᠠᠯ᠂ ᠦᠢᠯᠡᠳᠬᠦ᠌ ᠦᠢᠯᠡᠰ᠎ᠦᠨ ᠲᠠᠡᠭ ᠲᠦᠷᠦᠯ᠎ᠦᠨ ᠮᠠᠩᠯᠠᠢ ᠰᠢᠯᠭᠠᠷᠠᠭᠤᠯᠬᠤ᠂ ᠲᠤᠯᠤᠭᠠᠢᠯᠠᠬᠴᠢ ᠠᠵᠤ ᠠᠬᠤᠢᠯᠠᠯ ᠵᠡᠷᠭᠡ᠎ᠶ᠋ᠢᠨ ᠡᠩᠨᠡᠭᠡ᠎ᠶ᠋ᠢ ᠪᠣᠢᠵᠢᠭᠤᠯᠬᠤ᠎ᠶ᠋ᠢ ᠳᠠᠮᠵᠢᠨ᠎ᠠ᠃ ᠴᠢᠳᠠᠪᠤᠷᠢᠲᠠᠨ᠎ᠢ ᠬᠥᠮᠦᠵᠢᠭᠦᠯᠬᠦ᠌ ᠲᠠᠯ᠎ᠠ᠎ᠪᠠᠷ᠂ ᠦᠶ᠋ᠯᠡᠳᠬᠦ᠌ ᠦᠶ᠋ᠯᠡᠰ᠎ᠦᠨ ᠴᠢᠳᠠᠪᠤᠷᠢᠲᠠᠨ᠎ᠢ ᠳᠡᠮᠵᠢᠬᠦ᠌ ᠲᠥᠯᠥᠪᠯᠡᠭᠡ᠎ᠶ᠋ᠢ ᠲᠦᠰᠦᠪᠯᠡᠨ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠬᠠᠨᠳᠤᠭᠤᠯᠤᠨ᠂ ᠨᠢᠭᠡ ᠪᠦᠯᠦᠭ ᠮᠡᠷᠭᠡᠵᠢᠯ᠂ ᠴᠢᠳᠠᠪᠤᠷᠢ᠂ ᠬᠠᠮᠢᠶᠠᠷᠤᠯᠲᠠ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠳᠡᠮᠵᠢᠨ᠎ᠡ᠃
ᠬᠣᠶᠠᠷ᠎ᠲᠤ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠲᠦᠷᠭᠡᠳᠭᠡᠨ᠎ᠡ᠃ ᠬᠠᠳᠠᠭᠠᠯᠠᠯᠲᠠ᠎ᠶ᠋ᠢᠨ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ᠂ ᠪᠣᠯᠣᠳ ᠲᠡᠮᠦᠷ᠂ ᠪᠠᠷᠢᠯᠭ᠎ᠠ᠎ᠶ᠋ᠢᠨ ᠮᠠᠲ᠋ᠧᠷᠢᠶᠠᠯ᠂ ᠥᠩᠭᠡᠲᠦ ᠲᠡᠮᠦᠷᠯᠢᠭ ᠵᠡᠷᠭᠡ ᠠᠵᠢᠯ ᠲᠥᠷᠥᠯ᠎ᠦᠨ ᠡᠨᠧᠷᠭᠢ ᠠᠷᠪᠢᠯᠠᠨ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ ᠪᠠᠭᠠᠰᠭᠠᠬᠤ ᠮᠡᠷᠭᠡᠵᠢᠯ᠎ᠦᠨ ᠥᠭᠡᠷᠡᠴᠢᠯᠡᠯᠲᠡ ᠥᠷᠨᠢᠭᠦᠯᠬᠦ᠌᠎ᠶ᠋ᠢ ᠳᠡᠮᠵᠢᠵᠦ᠍᠂ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ᠎ᠦ ᠦᠨᠡᠰᠦ᠎ᠶ᠋ᠢ ᠶᠡᠷᠦᠩᠬᠡᠢᠯᠡᠨ ᠠᠱᠢᠭ᠍ᠯᠠᠬᠤ ᠵᠢᠱ᠌ᠢᠶ᠎ᠡ ᠦᠵᠡᠭᠦᠯᠬᠦ᠌ ᠰᠠᠭᠤᠷᠢᠨ᠂ ᠣᠷᠳᠣᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠣᠷᠣᠨ᠎ᠢ ᠴᠢᠨᠠᠷ ᠰᠠᠢᠲᠠᠶ ᠪᠥᠲᠥᠭᠡᠨ ᠪᠠᠢᠭᠤᠯᠬᠤ᠎ᠶ᠋ᠢ ᠳᠡᠮᠵᠢᠨ᠎ᠡ᠃ ᠨᠡᠮᠡᠭ᠌ᠳᠡᠯ᠎ᠦᠨ ᠬᠡᠮᠵᠢᠶ᠎ᠡ᠎ᠶ᠋ᠢ ᠥᠷᠭᠡᠳᠭᠡᠬᠦ᠌ ᠲᠠᠯ᠎ᠠ᠎ᠪᠠᠷ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠢ ᠬᠥᠭ᠌ᠵᠢᠭᠦᠯᠭᠦ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠳᠡᠮᠵᠢᠵᠦ᠍᠂ ᠬᠡᠷᠡᠯᠴᠢ ᠴᠡᠨᠡᠭ᠎ᠦᠨ ᠦᠶ᠋ᠯᠡᠳᠬᠦ᠌ ᠦᠶ᠋ᠯᠡᠰ᠎ᠦᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠶ ᠬᠥᠭ᠌ᠵᠢᠬᠦ᠌᠎ᠶ᠋ᠢ ᠬᠥᠲᠥᠯᠦᠨ ᠵᠢᠯᠣᠭᠣᠳᠤᠨ᠎ᠠ᠃ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠲᠡᠮᠵᠢᠨ᠎ᠡ᠃ ᠰᠦᠷᠦᠭᠵᠢᠯ᠎ᠢ ᠪᠤᠢ ᠪᠤᠯᠭᠠᠬᠤ ᠲᠠᠯ᠎ᠠ ᠪᠡᠷ᠂ ᠬᠦᠬᠡᠬᠤᠳᠠ ᠵᠢᠨ ᠰᠦ ᠵᠢᠨ ᠦᠢᠯᠡᠰ᠎ᠤᠨ ᠰᠦᠷᠦᠭᠵᠢᠯ᠎ᠢ ᠵᠢᠯᠤᠭᠤᠳᠤᠨ ᠤᠯᠤᠰ᠎ᠤᠨ ᠲᠡᠰ᠎ᠤᠨ ᠲᠡᠷᠢᠭᠦᠨ᠎ᠤ ᠦᠢᠯᠡᠳᠭᠦ ᠦᠢᠯᠡᠰ᠎ᠤᠨ ᠰᠦᠷᠦᠭᠵᠢᠯ᠎ᠢ ᠪᠤᠢ ᠪᠤᠯᠭᠠᠨ ᠲᠡᠭᠡᠭᠰᠢᠯᠡᠭᠦᠯᠭᠦ ᠲᠤᠰᠬᠠᠢ ᠲᠦᠷᠤᠯ᠎ᠤᠨ ᠠᠵᠢᠯᠯᠠᠭ᠎ᠠ ᠵᠢ ᠬᠡᠷᠡᠭᠵᠢᠭᠦᠯᠦᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 3 ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠴᠢᠳᠠᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠳᠡᠮᠵᠢᠵᠦ᠍᠂ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠵᠤ᠂ ᠱᠢᠨ᠎ᠡ ᠮᠡᠷᠭᠡᠵᠢᠯ᠎ᠢᠶᠡᠷ ᠱᠢᠨ᠎ᠡ ᠠᠵᠤ ᠦᠶ᠋ᠯᠡᠰ᠎ᠢ ᠪᠣᠢᠵᠢᠭᠤᠯᠤᠨ᠂ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠤᠨ᠎ᠠ᠃
ᠭᠤᠷᠪᠠ᠎ᠳᠤ ᠱᠢᠨ᠎ᠡ ᠬᠡᠯᠪᠡᠷᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠪᠢᠳᠠ ᠪᠦᠬᠦ᠌ ᠤᠯᠤᠰ᠎ᠤᠨ ᠨᠢᠭᠡ ᠴᠤᠬ᠍ᠴᠠᠵᠢᠭᠤᠯᠤᠬ᠍ᠰᠠᠨ ᠪᠤᠳᠤᠯᠭ᠎ᠠ ᠵᠢᠨ ᠴᠢᠳᠠᠪᠤᠷᠢ᠎ᠶ᠋ᠢᠨ ᠰᠦᠯᠵᠢᠶᠡᠨ᠎ᠦ ᠤᠯᠤᠰ᠎ᠤᠨ ᠭᠦᠢᠰᠦ ᠴᠡᠭ᠎ᠦᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠣᠷᠢᠨᠭᠡᠷ ᠳ᠋ᠠᠢᠲ᠋ᠠ᠎ᠶ᠋ᠢᠨ ᠲᠥᠪ᠎ᠦᠨ ᠰᠦᠷᠦᠭᠵᠢᠯ᠎ᠦᠨ ᠲᠤᠭ᠎ᠠ ᠪᠠᠷᠢᠮᠲᠠ᠎ᠶᠢ ᠰᠢᠢᠳᠪᠤᠷᠢᠯᠡᠬᠦ ᠴᠢᠲᠠᠪᠤᠷᠢ ᠵᠢᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠲᠡᠮᠵᠢᠨ᠎ᠠ᠃ ᠥᠪᠥᠷ ᠮᠣᠩᠭᠣᠯ᠎ᠢ ᠳᠡᠮᠵᠢᠵᠦ᠍ ᠪᠠᠢᠭᠠᠳ ᠣᠶ ᠱᠢᠭᠤᠶ᠎ᠶ᠋ᠢᠨ ᠭᠠᠯ ᠰᠡᠷᠭᠡᠢᠯᠡᠯᠲᠡ᠎ᠶ᠋ᠢᠨ ᠪᠠᠴᠢᠮ ᠪᠠᠢᠳᠠᠯ᠎ᠢ ᠠᠷᠭᠠᠴᠠᠬᠤ ᠴᠢᠮᠡᠭᠡ ᠬᠣᠯᠪᠣᠭᠠᠨ᠎ᠤ ᠲᠣᠨᠣᠭ᠍ᠯᠠᠯ ᠪᠣᠯᠤᠨ ᠡᠳ᠋ ᠪᠠᠷᠠᠭ᠎ᠠ ᠲᠣᠬᠢᠷᠠᠭᠤᠯᠬᠤ᠎ᠶ᠋ᠢ ᠴᠢᠩᠭᠠᠳᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃