2024-03-05 11:01:26
︱ᠲᠠᠪᠤᠨ ᠥᠪᠡᠷᠲᠡᠭᠡᠨ ᠵᠠᠰᠠᠬᠤ ᠣᠷᠣᠨ ᠨᠤᠳᠤᠬ ᠤ᠋ᠨ ᠵᠢᠡᠨ ᠰᠢᠨ᠎ᠡ ᠬᠤᠪᠢᠷᠠᠯᠲᠠ᠎ᠶᠢ ᠬᠠᠮᠲᠤ ᠪᠠᠷ ᠪᠠᠷᠠᠯᠠᠨ᠎ᠠ
ᠨᠠᠢᠷᠠᠭᠤᠯᠤᠭ᠍ᠴᠢ᠎ᠶᠢᠨ ᠦᠭᠡ᠄
ᠲᠡᠭᠷᠢ ᠠᠭᠤᠯᠠ᠎ᠶᠢᠨ ᠬᠣᠷᠮᠣᠢᠳ᠋ᠡᠬᠢ ᠦᠵᠦᠮ ᠠᠮᠲᠠᠲᠠᠢ᠂ ᠫᠠᠨ ᠯᠦᠩ ᠨᠡᠢᠭᠡᠮ ᠲᠣᠭᠣᠷᠢᠭ᠋᠎ᠤᠨ ᠳᠠᠭᠤᠤ ᠬᠠᠩᠬᠢᠨᠠᠮ᠎ᠠ ᠰᠠᠢᠬᠠᠨ᠂ ᠠᠯᠠᠱᠠ ᠠᠭᠤᠯᠠ᠎ᠶᠢᠨ ᠬᠤᠷᠮᠤᠢ ᠳ᠋ᠡᠬᠢ ᠲᠤᠲᠤᠷᠭ᠎ᠠ ᠵᠢᠭᠠᠰᠤ ᠵᠢᠷᠠᠭᠠᠬᠠᠢ᠎ᠶᠢᠨ ᠦᠨᠦᠷ ᠰᠠᠢᠬᠠᠨ᠂ ᠭᠠᠯᠠ ᠲᠣᠰᠬᠣᠨ᠎ᠤ ᠲᠤᠭᠤᠷ᠎ᠤᠨ ᠴᠡᠴᠡᠭ ᠪᠠᠳᠠᠷᠠᠮ᠎ᠠ ᠰᠠᠢᠬᠠᠨ᠂ ᠯᠢᠨ ᠬᠤᠸᠠᠩ ᠬᠡᠷ ᠤᠷᠤᠨ ᠤ᠋ 13 ᠦᠨᠳᠦᠰᠦᠳᠡᠨ ᠨᠢᠬᠡ ᠬᠡᠷ ᠤ᠋ᠨ ᠬᠦᠮᠦᠨ ᠠᠳᠠᠯᠢ ᠲᠤᠳᠤᠨᠤᠬᠠᠨ ᠁
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠯᠳᠡ ᠮᠦᠨ᠃ ᠶᠡᠷᠦᠩᠬᠡᠢ ᠱᠦᠵᠢ ᠰᠢ᠎ᠶᠢᠨ ᠫᠢᠩ ᠡᠷᠲᠡᠨ ᠡᠳᠦᠭᠡ᠎ᠶᠢᠨ ᠬᠤᠪᠢᠷᠠᠯᠲᠠ ᠪᠤᠯᠤᠨ ᠴᠠᠭ ᠦᠶ᠎ᠡ᠎ᠶᠢᠨ ᠪᠠᠢᠳᠠᠯ᠎ᠢ ᠠᠵᠢᠭ᠍ᠯᠠᠵᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠴᠢᠬᠤᠯᠠ ᠶᠡᠬᠡ ᠤᠤᠭᠠᠯ ᠡᠭᠦᠳᠦᠯᠲᠡ᠎ᠶᠢᠨ ᠴᠢᠨᠠᠷᠲᠠᠢ ᠨᠤᠲᠠᠯᠠᠯᠲᠠ᠎ᠶᠢ ᠭᠠᠷᠭᠠᠵᠤ᠂ ᠲᠡᠭᠦᠨ᠎ᠢ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠤᠭᠤᠮ ᠪᠠ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠤᠭᠤᠮ ᠪᠣᠯᠭᠠᠨ ᠲᠣᠭᠲᠠᠭᠠᠵᠤ᠂ ᠮᠠᠨ ᠤ᠋ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ ᠪᠠ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃
ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠦ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠨᠠᠮ᠎ᠤᠨ ᠠᠴᠢᠳ᠋ᠸ᠋ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠬᠰᠢᠯᠠᠬᠤ ᠢᠲᠡᠭᠡᠯ ᠵᠣᠷᠢᠭ᠋ ᠨᠡᠩ ᠪᠠᠲᠤᠵᠢᠵᠤ᠂ ᠠᠵᠤ ᠠᠬᠤᠢ ᠲᠦᠷᠭᠡᠨ ᠬᠥᠭᠵᠢᠭᠰᠡᠨ᠂ ᠠᠷᠠᠳ᠎ᠤᠨ ᠠᠮᠢᠳᠤᠷᠠᠯ ᠢᠯᠡᠳᠲᠡ ᠰᠠᠢᠵᠢᠷᠠᠭᠰᠠᠨ᠂ ᠦᠨᠳᠦᠰᠦᠲᠡᠨᠪᠦᠯᠬᠦᠮᠳᠡᠨ ᠲᠠᠪᠰᠢᠬᠰᠠᠨ᠂ ᠨᠡᠢᠭᠡᠮ ᠡᠶ᠎ᠡ ᠵᠣᠬᠢᠴᠠᠩᠭᠤᠢ ᠲᠣᠭᠲᠠᠭᠤᠨ᠂ ᠬᠢᠯᠢ᠎ᠶᠢᠨ ᠬᠠᠮᠠᠭᠠᠯᠠᠯᠲᠠ ᠪᠡᠬᠢᠵᠢᠨ ᠠᠮᠤᠷ ᠲᠦᠪᠰᠢᠨ ᠪᠣᠯᠤᠭᠰᠠᠨ ᠶᠡᠬᠡ ᠰᠠᠢᠨ ᠪᠠᠢᠳᠠᠯ ᠢᠯᠡᠷᠡᠵᠡᠢ᠃
ᠲᠦᠮᠡᠨ ᠭᠠᠵᠠᠷ᠎ᠤᠨ ᠠᠭᠤᠯᠠ ᠤᠰᠤ᠂ ᠬᠠᠪᠤᠷ᠎ᠤᠨ ᠤᠷᠢᠬᠠᠨ ᠰᠠᠯᠬᠢ ᠰᠠᠯᠬᠢᠯᠠᠨ᠎ᠠ᠃ ᠪᠠᠰᠠ ᠨᠢᠭᠡ ᠤᠳᠠᠭ᠎ᠠ᠎ᠶᠢᠨ ᠪᠦᠬᠦ ᠤᠯᠤᠰ᠎ᠤᠨ ᠬᠣᠶᠠᠷ ᠬᠤᠷᠠᠯ ᠬᠤᠷᠠᠯᠳᠤᠬᠤ ᠲᠠᠰᠢᠷᠠᠮ᠎ᠢᠶᠠᠷ᠂ 《ᠥᠪᠥᠷ ᠮᠣᠩᠭᠣᠯ᠎ᠤᠨ ᠡᠳᠦᠷ᠎ᠦᠨ ᠰᠣᠨᠢᠨ》 ᠨᠢ 《ᠭᠤᠸᠠᠩᠰᠢ᠎ᠶᠢᠨ ᠡᠳᠦᠷ᠎ᠦᠨ ᠰᠣᠨᠢᠨ》 ᠂ 《ᠲᠥᠪᠡᠳ᠎ᠦᠨ ᠡᠳᠦᠷ᠎ᠦᠨ ᠰᠣᠨᠢᠨ》᠂ 《ᠨᠢᠩᠰᠢᠶᠠ᠎ᠶᠢᠨ ᠡᠳᠦᠷ᠎ᠦᠨ ᠰᠣᠨᠢᠨ》᠂ 《ᠰᠢᠨᠵᠢᠶᠠᠩ᠎ᠤᠨ ᠡᠳᠦᠷ᠎ᠦᠨ ᠰᠣᠨᠢᠨ》 ᠲᠠᠢ ᠬᠠᠮᠲᠤᠷᠠᠨ᠂ 《ᠵᠣᠯ ᠵᠢᠷᠭᠠᠯ ᠴᠡᠴᠡᠭ ᠮᠡᠳᠤ ᠮᠢᠷᠠᠯᠵᠠᠨ᠎ᠠ ︱ 〈ᠨᠠᠮ ᠤ᠋ᠨ ᠠᠴᠢ ᠳ᠋ᠤ ᠲᠠᠯᠠᠷᠬᠠᠵᠤ ᠨᠠᠮ ᠤ᠋ᠨ ᠦᠬᠡ ᠵᠢ ᠰᠤᠨᠤᠰᠴᠤ ᠨᠠᠮ ᠵᠢᠡᠨ ᠲᠠᠭᠠᠨ ᠤᠷᠤᠬᠰᠢᠯᠠᠨ᠎ᠠ〉 ᠲᠠᠪᠤᠨ ᠥᠪᠡᠷᠲᠡᠭᠡᠨ ᠵᠠᠰᠠᠬᠤ ᠣᠷᠣᠨ ᠨᠤᠲᠤᠭ᠎ᠤᠨ᠎ᠢᠶᠠᠨ ᠰᠢᠨ᠎ᠡ ᠬᠤᠪᠢᠷᠠᠯᠲᠠ᠎ᠶᠢ ᠬᠠᠮᠳᠤ ᠪᠡᠷ ᠪᠠᠷᠠᠯᠠᠨ᠎ᠠ》 ᠭᠡᠬᠦ ᠬᠠᠮᠲᠤᠷᠠᠭᠰᠠᠨ ᠮᠡᠳᠡᠭᠡᠯᠡᠯ ᠨᠡᠢᠲᠡᠯᠡᠯ᠎ᠡ᠃ ᠶᠡᠷᠦᠩᠬᠡᠢ ᠱᠦᠵᠢ ᠰᠢ᠎ᠶᠢᠨ ᠫᠢᠩ ᠤ᠋ᠨ ᠣᠴᠢᠵᠤ ᠥᠩᠭᠡᠷᠡᠭᠰᠡᠨ ᠬᠡᠰᠡᠭ ᠭᠠᠵᠠᠷ ᠣᠷᠣᠨ᠎ᠢ ᠡᠷᠭᠢᠵᠦ ᠰᠤᠷᠪᠤᠯᠵᠢᠯᠠᠬᠤ᠎ᠪᠠᠷ ᠳᠠᠮᠵᠢᠭᠤᠯᠤᠨ᠂ ᠦᠨᠳᠦᠰᠦᠲᠡᠨ᠎ᠦ ᠭᠠᠵᠠᠷ ᠣᠷᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠬᠤᠪᠠᠷ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠤᠯᠭᠠᠬᠤ ᠳ᠋ᠸ᠋ ᠠᠩᠬᠠᠷᠤᠯ ᠵᠢᠡᠨ ᠲᠦᠪᠯᠡᠷᠡᠬᠦᠯᠦᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ ᠵᠢᠨ ᠠᠮᠢᠳᠤᠯᠢᠭ᠋ ᠦᠢᠯᠡᠳᠦᠯᠭᠡ᠎ᠵᠢ ᠪᠢᠴᠢᠭᠯᠡᠨ ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠵᠣᠯ ᠵᠢᠷᠭᠠᠯᠲᠤ ᠰᠢᠨ᠎ᠡ ᠠᠮᠢᠳᠤᠷᠠᠯ᠂ ᠰᠢᠨ᠎ᠡ ᠳᠦᠷᠰᠦ ᠪᠠᠢᠳᠠᠯ᠂ ᠰᠢᠨ᠎ᠡ ᠵᠢᠷᠤᠭ ᠲᠥᠰᠥᠪ᠎ᠢ ᠳᠡᠯᠭᠡᠨ ᠦᠵᠡᠬᠦᠯᠬᠦ ᠵᠢ ᠵᠤᠷᠢᠯ᠎ᠠ᠃
ᠥᠪᠥᠷ ᠮᠣᠩᠭᠣᠯ ᠄ ᠢᠷᠠᠭᠤ ᠠᠯᠳᠠᠷᠳᠤ ᠲᠡᠦᠬᠡ᠎ᠪᠡᠨ ᠦᠷᠭᠦᠯᠵᠢᠯᠡᠨ ᠪᠢᠴᠢᠭᠯᠡᠵᠦ ᠴᠣᠭ ᠵᠢᠪᠬᠤᠭ᠎ᠠ᠎ᠪᠠᠨ ᠪᠠᠳᠠᠷᠠᠭᠤᠯᠤᠨ᠎ᠠ
ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭᠳᠠᠭᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠢ᠂ ᠤᠷᠳᠤ ᠬᠤᠭᠤᠴᠠᠭᠠᠨ ᠤ᠋ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠳᠠᠭᠠᠯᠠᠬᠰᠠᠭᠠᠷ ᠢᠷᠡᠭᠰᠡᠨ ᠶᠤᠮ᠃ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ᠎ᠪᠠᠷ ᠭᠣᠣᠯ ᠰᠢᠵᠢᠮ ᠪᠣᠯᠭᠠᠵᠤ᠂ ᠰᠣᠶᠣᠯ᠎ᠤᠨ ᠲᠠᠯ᠎ᠠ᠎ᠪᠠᠷ ᠪᠦᠬᠦᠨ᠎ᠢ ᠪᠠᠭᠲᠠᠭᠠᠵᠤ᠂ ᠠᠵᠤ ᠠᠬᠤᠢ᠎ᠶᠢᠨ ᠲᠠᠯ᠎ᠠ᠎ᠪᠠᠷ ᠬᠠᠷᠢᠯᠴᠠᠨ ᠲᠦᠰᠢᠭᠯᠡᠯᠴᠡᠵᠦ᠂ ᠬᠠᠢᠷ᠎ᠠ ᠰᠡᠳᠬᠢᠯᠭᠡ᠎ᠶᠢᠨ ᠲᠠᠯ᠎ᠠ᠎ᠪᠠᠷ ᠬᠠᠷᠢᠯᠴᠠᠨ ᠳᠣᠲᠣᠨᠣᠴᠢᠯᠠᠵᠤ᠂ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠵᠦ᠂ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠵᠦ ᠢᠷᠡᠭᠰᠡᠨ ᠶᠤᠮ᠃

ᠯᠢᠨ ᠬᠤᠸᠠᠩ ᠬᠡᠷ ᠬᠦᠷᠢᠶᠡᠯᠡᠩ ᠨᠡᠢᠬᠡᠮ ᠲᠤᠭᠤᠷᠢᠬ ᠤ᠋ᠨ ᠠᠵᠢᠯᠳᠠᠳ ᠰᠠᠭᠤᠭᠠᠯᠢ ᠠᠷᠠᠳ ᠲᠠᠢ ᠨᠠᠮ ᠤ᠋ᠨ ᠪᠠᠢᠭᠤᠯᠤᠯᠳᠠ ᠵᠢᠨ ᠠᠵᠢᠯᠯᠠᠭ᠎ᠠ ᠶᠠᠪᠤᠬᠳᠠᠭᠤᠯᠤᠨ᠎ᠠ ᠃
(ᠤᠯᠠᠭᠠᠠᠬᠠᠳᠠ ᠬᠤᠳᠠ ᠵᠢᠨ ᠰᠦᠩᠱᠠᠨ ᠲᠤᠭᠤᠷᠢᠬ ᠤ᠋ᠨ ᠤᠬᠠᠭᠤᠯᠬᠤ ᠬᠡᠯᠳᠡᠰ ᠬᠠᠩᠭᠠᠪᠠ)
2 ᠰᠠᠷ᠎ᠠ᠎ᠶᠢᠨ 29 ᠤ᠋ ᠡᠳᠦᠷ᠂ ᠤᠯᠠᠭᠠᠨᠬᠠᠳᠠ ᠬᠤᠳᠠ᠎ᠶᠢᠨ ᠰᠦᠩᠱᠠᠨ ᠲᠣᠭᠣᠷᠢᠭ᠋᠎ᠤᠨ ᠬᠢᠩᠭᠠᠨ ᠵᠡᠭᠡᠯᠢ ᠭᠤᠳᠤᠮᠵᠢ᠎ᠶᠢᠨ ᠯᠢᠨ ᠬᠤᠸᠠᠩ ᠬᠡᠷ ᠬᠦᠷᠢᠶᠡᠯᠡᠩ ᠨᠡᠢᠭᠡᠮ ᠲᠣᠭᠣᠷᠢᠭ᠋᠎ᠤᠨ ᠠᠵᠢᠯᠯᠠᠭᠠᠨ᠎ᠤ ᠦᠷᠦᠭᠡ᠎ᠡᠴᠡ ᠠᠶᠠᠲᠠᠢ ᠰᠠᠢᠬᠠᠨ ᠳᠠᠭᠤᠤ ᠬᠠᠡᠭᠭᠢᠨᠠᠵᠦ᠂ ᠠᠵᠢᠯᠯᠠᠭᠠᠨ᠎ᠤ ᠦᠷᠦᠭᠡ᠎ᠳᠦ ᠤᠷᠤᠪᠠᠯ᠂ ᠨᠡᠢᠭᠡᠮ ᠲᠣᠭᠣᠷᠢᠭ᠋᠎ᠤᠨ ᠤᠯᠠᠭᠠᠨᠮᠥ᠋ᠴᠢᠷ᠎ᠦᠨ ᠪᠠᠭ᠎ᠠ ᠠᠩᠭᠢ᠎ᠶᠢᠨ ᠬᠢᠨ ᠳᠠᠭᠤᠤ ᠪᠥᠵᠢᠭ ᠲᠣᠭᠯᠠᠵᠤ ᠪᠠᠢᠪᠠ᠃ 《ᠪᠢᠳᠡ ᠪᠦᠬᠦ ᠤᠯᠤᠰ᠎ᠤᠨ ᠬᠣᠶᠠᠷ ᠬᠤᠷᠠᠯ ᠢ᠋ ᠤᠭᠲᠤᠬᠤ ᠰᠢᠨ᠎ᠡ ᠲᠣᠭᠯᠠᠯᠲᠠ ᠶ᠋ᠢ ᠪᠣᠯᠪᠠᠰᠤᠷᠠᠵᠤ ᠪᠠᠢᠨ᠎ᠠ ᠂ ᠠᠢᠯ ᠰᠠᠭᠠᠬᠠᠯᠲᠠ ᠶ᠋ᠢᠨ ᠬᠢᠨ ᠮᠠᠨ᠎ᠤ ᠲᠣᠭᠯᠠᠯᠲᠠ ᠶ᠋ᠢ ᠮᠠᠰᠢ ᠪᠠᠬᠠᠷᠬᠠᠳᠠᠭ》 ᠭᠡᠵᠦ ᠤᠯᠠᠭᠠᠠᠮᠦ᠋ᠴᠢᠷ ᠤ᠋ᠨ ᠭᠡᠰᠢᠭᠦᠨ ᠮᠠ ᠢᠦᠢ ᠬᠤᠸᠠ ᠬᠡᠯᠡᠨ᠎ᠡ᠃ ᠡᠨᠡ ᠬᠦ᠌ ᠤᠯᠠᠭᠠᠨᠮᠥ᠋ᠴᠢᠷ᠎ᠦᠨ ᠪᠠᠭ᠎ᠠ ᠠᠩᠭᠢ᠎ᠶᠢ 2020 ᠣᠨ᠎ᠳᠤ ᠵᠣᠬᠢᠶᠠᠨ ᠪᠠᠢᠭᠤᠯᠵᠤ᠂ ᠵᠠᠭᠤ ᠰᠢᠬᠠᠮ ᠲᠠᠯᠠᠪᠠᠢ ᠲᠣᠭᠯᠠᠯᠲᠠ ᠭᠠᠷᠭᠠᠵᠤ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠬᠵᠢᠭᠤᠯᠵᠠᠢ᠃
ᠯᠢᠨ ᠬᠤᠸᠠᠩ ᠬᠡᠷ ᠬᠦᠷᠢᠶᠡᠯᠡᠩ ᠨᠡᠢᠭᠡᠮ ᠲᠣᠭᠣᠷᠢᠭ᠋᠎ᠲᠤ 1.2 ᠲᠦᠮᠡ ᠭᠠᠷᠤᠢ ᠰᠠᠭᠤᠭᠠᠯᠢ ᠠᠷᠠᠳ᠎ᠲᠠᠢ᠂ ᠣᠯᠠᠨ ᠦᠨᠳᠦᠰᠦᠲᠡᠨ᠎ᠢᠶᠡᠷ ᠪᠦᠷᠢᠯᠳᠦᠭᠰᠡᠨ ᠭᠡᠷ ᠪᠦᠯᠢ 1300 ᠭᠠᠷᠤᠢ ᠪᠠᠢᠵᠤ᠂ ᠪᠥᠬᠥ ᠡᠷᠦᠬᠡ᠎ᠶᠢᠨ 31% ᠶ᠋ᠢ ᠡᠵᠡᠯᠡᠵᠦ ᠪᠣᠶ᠃ ᠨᠡᠢᠭᠡᠮ ᠲᠣᠭᠣᠷᠢᠭ᠋᠎ᠲᠤ ᠬᠢᠲᠠᠳ᠂ ᠮᠣᠩᠭᠣᠯ᠂ ᠵᠤᠸᠠᠩ᠂ ᠬᠣᠲᠣᠩ᠂ ᠰᠣᠯᠣᠩᠭᠣᠰ᠂ ᠳᠠᠭᠤᠷ᠂ ᠣᠷᠴᠣᠨ ᠵᠡᠷᠭᠡ 13 ᠦᠨᠳᠦᠰᠦᠲᠡᠨ᠎ᠦ ᠰᠠᠭᠤᠭᠠᠯᠢ ᠠᠷᠠᠳ ᠠᠮᠢᠳᠤᠷᠠᠵᠤ᠂ ᠨᠡᠢᠲᠡᠯᠢᠭ ᠣᠯᠠᠨ ᠦᠨᠳᠦᠰᠦᠲᠡᠨ ᠲᠦᠪᠯᠡᠷᠡᠨ ᠰᠠᠭᠤᠷᠢᠰᠢᠭ᠍ᠰᠠᠨ ᠨᠡᠢᠭᠡᠮ ᠲᠣᠭᠣᠷᠢᠭ᠋ ᠪᠣᠯᠣᠨ᠎ᠠ᠃
2019 ᠣᠨ᠎ᠤ 7 ᠰᠠᠷ᠎ᠠ᠎ᠶᠢᠨ 15 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠯᠢᠨ ᠬᠤᠸᠠᠩ ᠬᠡᠷ ᠬᠦᠷᠢᠶᠡᠯᠡᠩ ᠨᠡᠢᠭᠡᠮ ᠲᠣᠭᠣᠷᠢᠭ᠋᠎ᠲᠤ ᠰᠢᠨᠵᠢᠯᠡᠨ ᠪᠠᠢᠴᠠᠭᠠᠬᠤ᠎ᠶᠢᠨ ᠬᠠᠮᠲᠤ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠢ ᠳᠣᠲᠣᠨᠣ᠌᠎ᠪᠠᠷ ᠪᠣᠯᠭᠣᠭᠠᠨ ᠦᠵᠡᠪᠡ᠃ ᠬᠡᠳᠦᠨ ᠵᠢᠯ᠎ᠦᠨ ᠲᠤᠷᠰᠢ᠂ ᠯᠢᠨ ᠬᠤᠸᠠᠩ ᠬᠡᠷ ᠬᠦᠷᠢᠶᠡᠯᠡᠩ ᠨᠡᠢᠭᠡᠮ ᠲᠣᠭᠣᠷᠢᠭ᠋᠎ᠤᠨ ᠬᠢᠨ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠡᠶ᠎ᠡ ᠨᠠᠢᠷᠲᠠᠢ᠎ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠂ ᠡᠶ᠎ᠡ ᠵᠣᠬᠢᠴᠠᠩᠭᠤᠢ᠎ᠪᠠᠷ ᠬᠥᠭᠵᠢᠬᠦ᠎ᠶᠢ ᠬᠦᠴᠦᠯᠡᠨ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠳᠠ᠎ᠶᠢᠨ ᠠᠵᠢᠯ᠎ᠤᠨ ᠣᠨᠴᠠᠯᠢᠭ᠍ᠲᠤ ᠲᠦᠷᠦᠯ ᠲᠡᠮᠳᠡᠭ ᠪᠣᠯᠤᠭᠰᠠᠨ ᠪᠠᠢᠨ᠎ᠠ᠃
ᠨᠡᠢᠭᠡᠮ ᠲᠣᠭᠣᠷᠢᠭ᠋᠎ᠤᠨ ᠠᠵᠢᠯᠯᠠᠭᠠᠨ᠎ᠦ ᠲᠠᠰᠤᠭ᠎ᠲᠤ᠂ ᠥᠪᠡᠷᠮᠢᠴᠡ ᠣᠨᠴᠠᠯᠢᠭ᠋᠎ᠲᠠᠢ ᠤᠷᠠᠨ ᠪᠢᠴᠢᠯᠭᠡ᠎ᠶᠢᠨ ᠬᠢᠴᠢᠶᠡᠯ ᠢᠳᠡ ᠬᠦᠭ ᠳᠡᠢ ᠶᠠᠪᠤᠬᠳᠠᠨ᠎ᠠ᠃ ᠤᠷᠠᠨ ᠪᠢᠴᠢᠯᠭᠡ ᠶ᠋ᠢᠨ ᠬᠢᠴᠢᠶᠡᠯ ᠲᠡᠭᠡᠷ᠎ᠡ ᠰᠤᠷᠤᠯᠭᠠᠳᠠᠨ ᠴᠦᠭᠡᠨ ᠪᠤᠰᠤ᠂ ᠠᠬᠠᠮᠠᠳ ᠢᠳᠡᠷ ᠵᠠᠯᠠᠭᠤ ᠬᠥᠮᠥᠰ ᠰᠤᠷᠤᠯᠴᠠᠬᠤ᠎ᠪᠠᠷ ᠢᠷᠡᠭᠰᠡᠨ ᠪᠥᠭᠡᠳ ᠰᠤᠷᠤᠯᠭᠠᠳᠠᠳ ᠨᠢ ᠮᠣᠩᠭᠣᠯ᠂ ᠬᠢᠲᠠᠳ ᠵᠡᠷᠭᠡ ᠠᠳᠠᠯᠢ ᠪᠤᠰᠤ ᠦᠨᠳᠦᠰᠦᠲᠡᠨ ᠵᠢᠡᠷ ᠪᠦᠷᠢᠯᠳᠦᠵᠠᠢ᠃ ᠳᠤᠮᠳᠠᠳᠤ᠎ᠶᠢᠨ ᠰᠣᠶᠣᠯ ᠨᠢ ᠪᠢᠷ ᠪᠡᠬᠡᠰ ᠤ᠋ᠨ ᠠᠩᠬᠢᠯᠤᠮ᠎ᠠ ᠦᠨᠦᠷ ᠤ᠋ᠨ ᠲᠤᠮᠳᠠ ᠨᠡᠢᠯᠡᠨ ᠠᠭᠤᠰᠤᠯᠴᠠᠵᠦ᠂ ᠯᠢᠨ ᠬᠤᠸᠠᠡᠭ ᠭᠡᠷ ᠬᠥᠷᠢᠶᠡᠯᠡᠨᠭ ᠨᠡᠢᠭᠡᠮ ᠲᠤᠭᠤᠷᠢᠭ᠎ᠤᠨ ᠰᠠᠭᠤᠭᠠᠯᠢ ᠠᠷᠠᠳ ᠲᠸ᠋ ᠦᠨᠳᠦᠰᠦᠳᠡᠨ᠎ᠤ ᠪᠦᠯᠭᠦᠮᠳᠠᠯ ᠲᠠᠪᠰᠢᠯᠳᠠ ᠵᠢᠨ ᠬᠦᠭᠦᠷᠭᠡ ᠬᠤᠯᠪᠤᠭᠠᠰᠦ ᠪᠤᠯᠪᠠ᠃
ᠡᠨᠡ ᠬᠡᠳᠦᠨ ᠵᠢᠯ᠎ᠳᠦ᠂ ᠯᠢᠨ ᠬᠤᠸᠠᠩ ᠬᠡᠷ ᠬᠦᠷᠢᠶᠡᠯᠡᠩ ᠨᠡᠢᠭᠡᠮ ᠲᠣᠭᠣᠷᠢᠭ᠋᠎ᠤᠨ ᠬᠢᠨ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠲᠤ ᠨᠡᠩ ᠰᠠᠢᠨ ᠦᠢᠯᠡᠴᠢᠯᠡᠬᠦ᠎ᠶᠢᠨ ᠲᠤᠯᠠᠳᠠ᠂《ᠦᠨᠳᠦᠰᠦᠲᠡᠨ᠎ᠦ ᠠᠭᠤᠰᠤᠯᠴᠠᠯ᠎ᠤᠨ ᠭᠡᠷ ᠪᠦᠯᠢ 》 ᠪᠡᠷ ᠠᠴᠢᠶᠠᠯᠠᠪᠤᠷᠢ ᠪᠣᠯᠭᠠᠵᠤ ᠂ ᠰᠣᠶᠣᠯ᠎ᠢᠶᠠᠷ ᠬᠥᠭᠥᠷᠭᠡ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠰᠡᠳᠬᠢᠯ ᠨᠢᠭᠡᠳᠦᠨ ᠪᠠᠢᠭᠤᠯᠪᠠ᠃
《ᠪᠦᠬᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶ᠎ᠡ ᠦᠵᠡᠭᠦᠯᠬᠦ ᠨᠡᠢᠭᠡᠮ ᠲᠣᠭᠣᠷᠢᠭ᠋ ᠪᠣᠯᠤᠭᠰᠠᠨ᠎ᠤ ᠬᠤᠪᠢ᠎ᠳᠤ ᠂ ᠯᠢᠨ ᠬᠤᠸᠠᠩ ᠬᠡᠷ ᠬᠦᠷᠢᠶᠡᠯᠡᠩ ᠨᠡᠢᠭᠡᠮ ᠲᠣᠭᠣᠷᠢᠭ᠋᠎ᠤᠨ ᠬᠢᠨ ᠨᠡᠢᠭᠡᠮ ᠲᠣᠭᠣᠷᠢᠭ᠋᠎ᠤᠨ ᠵᠠᠰᠠᠯᠲᠠ᠎ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠲᠤ᠌ ᠡᠶ᠎ᠡ ᠵᠣᠬᠢᠴᠠᠩᠭᠤᠢ ᠪᠦᠯᠬᠦᠮᠳᠡᠯ᠎ᠲᠠᠢ ᠨᠡᠢᠭᠡᠮ ᠲᠣᠭᠣᠷᠢᠭ᠋᠎ᠤᠨ ᠠᠭᠤᠷ ᠠᠮᠢᠰᠬᠤᠯ᠎ᠢ ᠪᠤᠢ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ ᠢ ᠰᠡᠳᠬᠢᠯ ᠠᠮᠤᠷ ᠪᠠᠢᠯᠭᠠᠵᠤ᠂ ᠰᠠᠭᠤᠭᠠᠯᠢ ᠠᠷᠠᠳ᠎ᠢ ᠰᠡᠳᠬᠢᠯ ᠬᠠᠨᠤᠮᠵᠢᠲᠠᠢ ᠪᠤᠯᠭᠠᠨ᠎ᠠ》 ᠭᠡᠵᠦ ᠬᠢᠩᠭᠠᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠣᠷᠢᠶ᠎ᠠ᠎ᠶᠢᠨ ᠱᠦᠵᠢ ᠯᠢ ᠮᠸᠩ ᠰᠢᠩ ᠬᠡᠯᠡᠨ᠎ᠡ᠃

ᠦᠪᠦᠷ ᠮᠤᠩᠭᠤᠯ ᠤ᠋ᠨ ᠮᠦᠽᠸᠢ᠃
(ᠦᠪᠦᠷ ᠮᠤᠩᠭᠤᠯ ᠤ᠋ᠨ ᠮᠦᠽᠸᠢ ᠬᠠᠩᠭᠠᠪᠠ)
ᠮᠠᠨ᠎ᠤ ᠣᠷᠣᠨ᠎ᠤ ᠬᠤᠳᠠ ᠬᠥᠳᠡᠭᠡ᠎ᠶᠢᠨ ᠨᠡᠢᠭᠡᠮ ᠲᠣᠭᠣᠷᠢᠭ᠎ᠤᠳ ᠵᠢᠡᠷ ᠬᠦᠷᠬᠦᠯᠡᠷ ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠬᠠᠮᠲᠤ ᠪᠠᠷ ᠭᠡᠷ ᠣᠷᠣᠨ᠎ᠢᠶᠠᠨ ᠪᠦᠲᠦᠭᠡᠨ ᠪᠠᠢᠭᠤᠯᠵᠤ ᠂ ᠰᠡᠳᠬᠢᠯ ᠨᠢᠭᠡᠳᠦᠨ ᠰᠠᠢᠨ ᠰᠠᠢᠬᠠᠨ ᠠᠮᠢᠳᠤᠷᠠᠯ ᠵᠢᠡᠨ ᠴᠤᠬᠴᠠᠯᠠᠵᠤ ᠪᠠᠢᠭ᠎ᠠ ᠵᠣᠯ ᠵᠢᠷᠭᠠᠯ᠎ᠲᠠᠢ ᠡᠶ᠎ᠡ ᠵᠣᠬᠢᠴᠠᠩᠭᠤᠢ ᠪᠠᠢᠳᠠᠯ ᠨᠢᠳᠦᠨ᠎ᠳᠦ ᠲᠣᠳᠣᠷᠠᠨ᠎ᠠ᠃
ᠣᠢᠷ᠎ᠠ᠎ᠳᠤ᠂ ᠨᠢᠭᠡᠨ ᠰᠠᠢᠨ ᠴᠢᠮᠡᠭᠡ ᠰᠢᠯᠢᠩᠬᠣᠲᠠ᠎ᠶᠢᠨ ᠴᠢᠭᠤᠯᠭᠠᠨ ᠵᠡᠭᠡᠯᠢ ᠭᠤᠳᠤᠮᠵᠢ᠎ᠶᠢᠨ ᠠᠢ ᠮᠢᠨ ᠨᠡᠢᠭᠡᠮ ᠲᠣᠭᠣᠷᠢᠭ᠋᠎ᠲᠤ ᠤᠯᠠᠮᠵᠢᠯᠠᠭᠳᠠᠨ ᠬᠦᠷᠴᠡᠢ᠃ ᠲᠣᠰ ᠨᠡᠢᠭᠡᠮ ᠲᠣᠭᠣᠷᠢᠭ᠋ ᠨᠢ ᠪᠥᠬᠥ ᠣᠷᠣᠨ᠎ᠤ ᠰᠣᠩᠭᠣᠭᠳᠠᠭᠰᠠᠨ 28 ᠨᠡᠢᠭᠡᠮ ᠲᠣᠭᠣᠷᠢᠭ᠋ ᠠ᠋ᠴᠠ ᠴᠣᠯᠭᠣᠷᠠᠵᠦ᠂ 2023 ᠣᠨ᠎ᠤ 《ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠨᠠᠰᠤᠲᠠᠢᠴᠤᠳᠲᠦ᠍ ᠨᠥᠬᠥᠷᠰᠡᠭ ᠬᠡᠯᠪᠡᠷᠢ᠎ᠶᠢᠨ ᠨᠡᠢᠭᠡᠮ ᠲᠣᠭᠣᠷᠢᠭ᠋》 ᠤ᠋ᠨ ᠴᠣᠯᠠ᠎ᠶᠢ ᠬᠦᠷᠳᠡᠪᠡ᠃
2014 ᠣᠨ᠎ᠤ 1 ᠰᠠᠷ᠎ᠠ᠎ᠶᠢᠨ 27 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠰᠢᠯᠢᠩᠬᠣᠲᠠ᠎ᠶᠢᠨ ᠠᠢ ᠮᠢᠨ ᠨᠡᠢᠭᠡᠮ ᠲᠣᠭᠣᠷᠢᠭ᠋᠎ᠲᠤ ᠬᠦᠷᠴᠦ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠦᠷᠳᠡᠭᠡ᠂ ᠬᠡᠳᠦ ᠳᠡᠯᠭᠡᠭᠦᠷ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡᠨ᠎ᠦ ᠲᠢᠩᠬᠢᠮ᠎ᠢ ᠪᠠᠢᠴᠠᠭᠠᠨ ᠦᠵᠡᠵᠦ᠂ ᠰᠠᠭᠤᠭᠠᠯᠢ ᠠᠷᠠᠳ᠎ᠲᠠᠢ ᠳᠣᠲᠣᠨᠣ᠌᠎ᠪᠠᠷ ᠶᠠᠷᠢᠯᠴᠠᠵᠤ᠂ ᠨᠡᠢᠭᠡᠮ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠦᠴᠢᠷᠳᠡᠯᠲᠡᠢ ᠤᠯᠠᠨ ᠲᠦᠮᠡᠨ᠎ᠢ ᠬᠠᠯᠠᠮᠵᠢᠯᠠᠵᠤ ᠪᠠᠢᠭ᠎ᠠ ᠠᠵᠢᠯ ᠪᠣᠯᠣᠨ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ ᠪᠠᠢᠳᠠᠯ᠎ᠢ ᠣᠢᠯᠠᠭᠠᠪᠠ᠃
10 ᠵᠢᠯ᠎ᠦᠨ ᠬᠤᠭᠤᠴᠠᠭᠠᠨ᠎ᠳᠤ᠂ ᠠᠢ ᠮᠢᠨ ᠨᠡᠢᠭᠡᠮ ᠲᠣᠭᠣᠷᠢᠭ᠋᠎ᠤᠨ ᠬᠢᠨ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠢᠮᠠᠭᠲᠠ ᠪᠠᠲᠤ ᠴᠡᠭᠡᠵᠢᠯᠡᠵᠦ᠂ ᠣᠷᠴᠢᠨ ᠲᠣᠭᠣᠷᠢᠨ ᠭᠣᠢᠳᠠ ᠰᠠᠢᠬᠠᠨ᠂ ᠲᠥᠬᠦᠭᠡᠷᠦᠮᠵᠢ ᠲᠦᠬᠦᠮ᠂ ᠦᠢᠯᠡᠴᠢᠯᠡᠭᠡ ᠲᠡᠭᠦᠯᠳᠡᠷ᠂ ᠡᠮᠬᠢ ᠴᠡᠭᠴᠡ ᠲᠠᠢ᠂ ᠬᠠᠮᠢᠶᠠᠷᠤᠯᠳᠠ ᠴᠢᠡᠭᠭ᠎ᠠ᠂ ᠡᠶ᠎ᠠ ᠵᠤᠬᠢᠴᠠᠯ ᠲᠠᠢ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠬᠠᠯᠠᠭᠤᠨ ᠳᠤᠯᠠᠭᠠᠨ ᠨᠡᠢᠭᠡᠮ ᠲᠣᠭᠣᠷᠢᠭ᠋᠎ᠢ ᠪᠠᠶ᠋ᠢᠭᠤᠯᠬᠤ᠎ᠪᠠᠷ ᠴᠢᠷᠮᠠᠢᠭᠰᠠᠭᠠᠷ ᠢᠷᠡᠵᠠᠢ᠃ ᠡᠭᠦᠨ᠎ᠦ ᠵᠡᠷᠬᠡ ᠪᠡᠷ᠂ ᠦᠢᠯᠡᠴᠢᠯᠡᠭᠡᠨ᠎ᠦ ᠠᠷᠭ᠎ᠠ ᠮᠠᠶᠢᠭ᠋᠎ᠢ ᠥᠷᠭᠡᠳᠬᠡᠨ᠂ ᠠᠷᠠᠳ ᠲᠦᠮᠡᠨ᠎ᠳᠦ ᠦᠢᠯᠡᠴᠢᠯᠡᠬᠦ ᠪᠣᠳᠠᠲᠤ ᠦᠷ᠎ᠡ ᠪᠦᠲᠦᠮᠵᠢ᠎ᠶᠢ ᠦᠨᠡᠨ ᠬᠦ᠌ ᠲᠡᠭᠡᠭᠰᠢᠯᠡᠬᠦᠯᠵᠡᠢ᠃
ᠣᠢᠷ᠎ᠠ᠎ᠶᠢᠨ ᠵᠢᠯ᠎ᠡᠴᠡ᠂ ᠮᠠᠨ᠎ᠤ ᠣᠷᠣᠨ ᠨᠡᠢᠭᠡᠮ ᠲᠣᠭᠣᠷᠢᠭ᠋᠎ᠤᠨ ᠵᠠᠰᠠᠯᠲᠠ ᠵᠢᠨ ᠡᠶ᠎ᠡ ᠨᠠᠢᠷᠠᠮᠳᠠᠭᠤ ᠭᠤᠶᠤ ᠵᠢᠷᠤᠭ᠎ᠢ ᠴᠢᠷᠮᠠᠢᠨ ᠵᠢᠷᠤᠬᠯᠠᠭᠰᠠᠭᠠᠷ ᠢᠷᠡᠵᠡᠢ᠃ 2023 ᠣᠨ᠎ᠳᠤ᠂ ᠮᠠᠨ᠎ᠤ ᠣᠷᠣᠨ 《ᠰᠢᠨ᠎ᠡ ᠴᠠᠭ ᠦᠶ᠎ᠡ ᠰᠢᠨ᠎ᠡ ᠨᠡᠢᠭᠡᠮ ᠲᠣᠭᠣᠷᠢᠭ᠋ ᠰᠢᠨ᠎ᠡ ᠠᠮᠢᠳᠤᠷᠠᠯ》 ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠬᠣᠲᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠦᠬᠦᠬᠡᠷᠦᠮᠵᠢ ᠵᠢᠨ ᠪᠦᠷᠬᠦᠴᠡ᠎ᠶᠢᠨ ᠨᠣᠷᠮ᠎ᠠ᠎ᠶᠢ 100%᠎ᠳᠤ ᠬᠦᠷᠭᠡᠵᠠᠢ᠃
ᠨᠠᠮ᠎ᠤᠨ ᠭᠡᠷᠡᠯ ᠰᠠᠴᠤᠷᠠᠩᠭᠤᠢ ᠲᠤᠶᠠᠭᠠᠯᠠᠯ ᠳᠣᠣᠷ᠎ᠠ ᠂ ᠥᠪᠥᠷ ᠮᠣᠩᠭᠣᠯ᠎ᠤᠨ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ ᠤ᠋ᠨ ᠠᠴᠢ ᠳ᠋ᠤ ᠲᠠᠯᠠᠷᠬᠠᠵᠤ ᠨᠠᠮ ᠤ᠋ᠨ ᠦᠬᠡ ᠵᠢ ᠰᠤᠨᠤᠰᠴᠤ ᠨᠠᠮ ᠵᠢᠡᠨ ᠲᠠᠭᠠᠨ ᠤᠷᠤᠬᠰᠢᠯᠠᠵᠤ ᠂ ᠮᠥᠷᠥ ᠵᠡᠷᠭᠡᠴᠡᠨ ᠭᠠᠷ ᠭᠠᠷ᠎ᠢᠶᠠᠨ ᠬᠣᠯᠪᠣᠯᠴᠠᠵᠤ᠂ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ᠎ᠶᠢᠨ ᠫᠢᠩ ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠢᠳᠤᠷ ᠪᠡᠶᠡᠯᠡᠭᠦᠯᠬᠦ᠎ᠶᠢᠨ ᠲᠥᠯᠥᠭᠡ ᠴᠢᠷᠮᠠᠢᠨ ᠲᠡᠮᠡᠴᠡᠵᠦ᠂ ᠪᠣᠳᠠᠲᠤ ᠠᠵᠢᠯᠯᠠᠭ᠎ᠠ᠎ᠪᠠᠷ᠎ᠢᠶᠠᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠠᠯᠳᠠᠨ ᠱᠤᠰᠢᠭ᠎ᠠ ᠶᠢ ᠤᠯᠠᠮ᠎ᠠᠴᠠ ᠤᠯᠠᠮ ᠬᠢᠯᠠᠯᠵᠠᠭᠤᠯᠤᠨ᠎ᠠ᠃
ᠭᠤᠸᠠᠩᠰᠢ ᠄ 《 ᠵᠢᠷᠭᠠᠯ᠎ᠤᠨ ᠳᠠᠭᠤᠤ 》 ᠪᠠᠨ ᠬᠠᠮᠲᠤ᠎ᠪᠠᠷ ᠳᠠᠭᠤᠯᠠᠵᠤ ᠰᠠᠢᠨ ᠰᠠᠢᠬᠠᠨ ᠠᠮᠢᠳᠤᠷᠠᠯ᠎ᠵᠢᠡᠨ ᠬᠠᠮᠲᠤ᠎ᠪᠠᠷ ᠡᠳ᠋ᠯᠡᠨ᠎ᠡ
《ᠲᠡᠷᠡ ᠡᠳᠦᠷ ᠲᠠ ᠨᠠᠳᠠ᠎ᠠᠴᠠ ᠵᠣᠯ ᠵᠢᠷᠭᠠᠯ ᠭᠡᠵᠦ᠍ ᠶᠠᠭᠤ ᠪᠤᠢ? ᠭᠡᠵᠦ ᠠᠰᠠᠭᠤᠯ᠎ᠠ᠂ ᠵᠣᠯ ᠵᠢᠷᠭᠠᠯ ᠪᠣᠯ ᠨᠢᠭᠡᠨ ᠪᠠᠳᠠᠭ ᠳᠠᠭᠤᠤ ᠶᠤᠮ ᠭᠡᠵᠦ ᠪᠢ ᠬᠡᠯᠡᠮᠡᠷ ᠪᠠᠢᠨ᠎ᠠ ᠁》 2 ᠰᠠᠷ᠎ᠠ᠎ᠶ᠋ᠢᠨ 28 ᠤ᠋ ᠦᠳᠡ᠎ᠶ᠋ᠢᠨ ᠡᠮᠦᠨᠡᠬᠢ 10 ᠴᠠᠭ᠎ᠤᠨ ᠦᠶ᠎ᠡ᠎ᠪᠡᠷ᠂《ᠵᠤᠯ ᠵᠢᠷᠭᠠᠯ᠎ᠤᠨ ᠳᠠᠭᠤᠤ》 ᠭᠤᠸᠠᠩᠰᠢ᠎ᠶ᠋ᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠨᠠᠨᠨᠢᠩ ᠬᠤᠳᠠ᠎ᠶ᠋ᠢᠨ ᠯᠢᠶᠠᠩᠴᠢᠩ ᠲᠣᠭᠣᠷᠢᠭ᠎ᠤᠨ ᠫᠠᠨ ᠯᠦᠩ ᠨᠡᠢᠭᠡᠮ ᠲᠣᠭᠣᠷᠢᠭ᠎ᠲᠤ ᠴᠤᠤᠷᠢᠶᠠᠳᠤᠵᠤ᠂ ᠳᠠᠭᠤᠤ᠎ᠶ᠋ᠢᠨ ᠵᠣᠬᠢᠶᠠᠭ᠍ᠴᠢ᠂ ᠭᠤᠸᠠᠩᠰᠢ᠎ᠶ᠋ᠢᠨ ᠰᠣᠶᠣᠯ ᠵᠢᠭᠤᠯᠴᠢᠯᠠᠯ᠎ᠢ ᠳᠡᠯᠭᠡᠷᠡᠭᠦᠯᠬᠦ᠌ ᠡᠯᠴᠢᠨ ᠵᠤᠤ ᠢᠦᠢ ᠨᠡᠢᠭᠡᠮ ᠲᠣᠭᠣᠷᠢᠭ᠎ᠤᠨ ᠤᠯᠠᠨ ᠲᠦᠮᠡᠨ᠎ᠲᠡᠶ ᠬᠠᠮᠲᠤ ᠪᠡᠷ ᠳᠠᠭᠤᠯᠠᠵᠤ ᠪᠠᠢᠯ᠎ᠠ᠃ ᠳᠠᠭᠤᠴᠢᠳ᠎ᠤᠨ ᠬᠠᠯᠠᠭᠤᠨ ᠰᠡᠳᠭᠢᠯᠭᠡ ᠨᠢ ᠬᠠᠪᠤᠷ᠎ᠤᠨ ᠡᠬᠢᠨ᠎ᠦ ᠬᠦᠢᠲᠡᠨ᠎ᠤ ᠡᠷᠴᠢ ᠵᠢ ᠰᠤᠯᠠᠷᠠᠭᠤᠯᠵᠤ᠂ ᠰᠤᠷᠪᠤᠯᠵᠢᠯᠠᠭ᠍ᠴᠢ᠎ᠳᠤ ᠦᠨᠳᠦᠰᠦᠲᠡᠨ᠎ᠨᠦᠭᠦᠳ ᠨᠢᠭᠡ ᠭᠡᠷ᠎ᠦᠨ ᠬᠥᠮᠦᠨ ᠮᠡᠲᠦ ᠳᠤᠳᠤᠨᠤ ᠬᠠᠯᠠᠭᠤᠨ ᠰᠡᠳᠭᠢᠯᠭᠡ᠎ᠶ᠋ᠢ ᠦᠨᠡᠨ ᠬᠦ᠌ ᠮᠡᠳᠡᠷᠡᠭᠦᠯᠪᠡ᠃
ᠵᠣᠣ ᠢᠦᠶ ᠪᠣᠯ ᠭᠤᠸᠠᠩᠰᠢ᠎ᠳᠤ ᠠᠮᠢᠳᠤᠷᠠᠵᠤ ᠪᠠᠢᠭ᠎ᠠ ᠮᠠᠨᠵᠤ ᠬᠥᠮᠦᠨ᠂ ᠣᠯᠠᠨ ᠵᠢᠯ᠎ᠦᠨ ᠲᠤᠷᠰᠢ ᠦᠨᠳᠦᠰᠦᠲᠡᠨ᠎ᠦ ᠳᠠᠭᠤᠤ ᠬᠥᠭ᠌ᠵᠢᠮ᠎ᠦᠨ ᠵᠣᠬᠢᠶᠠᠨ ᠪᠦᠲᠦᠭᠡᠯᠭᠡ᠎ᠶ᠋ᠢᠨ ᠲᠥᠯᠥᠭᠡ ᠵᠢᠳᠬᠦᠵᠦ᠍᠂ ᠭᠤᠸᠠᠩᠰᠶᠶ᠋ᠢᠨ ᠡᠬᠡ ᠭᠠᠵᠠᠷ᠎ᠤᠨ ᠲᠦᠮᠡ ᠮᠢᠩᠭᠠᠨ ᠲᠣᠰᠭᠣᠨ ᠡᠴᠡ ᠮᠢᠩᠭ᠎ᠠ ᠭᠠᠷᠤᠶ ᠢᠵᠠᠭᠤᠷ ᠨᠤᠲᠤᠭ᠎ᠤᠨ ᠳᠠᠭᠤᠤ ᠴᠤᠭ᠍ᠯᠠᠭᠤᠯᠵᠠᠶ᠃ ᠯᠢᠶᠠᠩᠴᠢᠩ ᠲᠣᠭᠣᠷᠢᠭ᠎ᠤᠨ ᠨᠠᠮ᠎ᠠ ᠪᠠᠯᠭᠠᠰᠤᠨ᠎ᠤ ᠲᠠᠨ᠎ᠪᠠᠨ ᠫᠦᠸᠸ ᠵᠡᠷᠭᠡ ᠭᠠᠵᠠᠷ᠎ᠠᠴᠠ ᠮᠠᠲ᠋ᠧᠷᠢᠶᠠᠯ ᠴᠤᠭ᠍ᠯᠠᠭᠤᠯᠬᠤ ᠬᠤᠭᠤᠴᠠᠭᠠᠨ᠎ᠳᠤ᠂ ᠵᠣᠣ ᠢᠦᠶ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ 《ᠵᠤᠸᠠᠩ ᠦᠨᠳᠦᠰᠦᠲᠡᠨ᠎ᠦ ᠠᠭᠤᠯᠠᠨ ᠳᠠᠭᠤᠤ》 ᠵᠢᠨ ᠷᠢᠳᠢ ᠱᠢᠳᠢ᠎ᠶ᠋ᠢ ᠲᠠᠨᠢᠵᠦ᠂ ᠤᠯᠠᠮᠵᠢᠯᠠᠯᠲᠤ ᠠᠭᠤᠯᠠᠨ ᠳᠠᠭᠤᠤ᠎ᠶ᠋ᠢᠨ ᠰᠣᠶᠣᠯ᠎ᠢ ᠣᠲᠣ ᠦᠶ᠎ᠡ᠎ᠶ᠋ᠢᠨ ᠳᠡᠯᠭᠡᠷᠡᠮᠠᠯ ᠬᠥᠭ᠌ᠵᠢᠮᠯᠤᠭᠡ ᠣᠷᠭᠠᠨᠢᠭ᠎ᠢᠶᠠᠷ ᠤᠶᠠᠯᠳᠤᠭᠤᠯᠵᠤ᠂ ᠡᠨᠡ ᠬᠦ᠌ ᠢᠷᠠᠭᠤ ᠰᠠᠢᠬᠠᠨ ᠠᠶᠠᠯᠭᠤ᠎ᠲᠠᠶ᠂ ᠢᠯᠡ ᠲᠣᠳᠣ ᠣᠨᠴᠠᠯᠢᠭ᠎ᠲᠠᠶ 《ᠵᠣᠯ ᠵᠢᠷᠭᠠᠯ᠎ᠤᠨ ᠳᠠᠭᠤᠤ》 ᠪᠠᠨ ᠵᠣᠬᠢᠶᠠᠨ ᠪᠦᠲᠦᠭᠡᠭ᠌ᠰᠡᠨ ᠪᠢᠯᠨ᠃

ᠨᠠᠨᠨᠢᠩ ᠬᠣᠲᠠ᠎ᠶ᠋ᠢᠨ ᠯᠢᠶᠠᠩᠴᠢᠩ ᠲᠣᠭᠣᠷᠢᠭ᠎ᠤᠨ ᠫᠠᠨ ᠯᠦᠩ ᠨᠡᠢᠭᠡᠮ ᠲᠣᠭᠣᠷᠢᠭ᠎ᠤᠨ ᠨᠠᠮ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭᠠᠨ᠎ᠤ ᠲᠠᠰᠤᠭ᠎ᠲᠤ᠂ ᠭᠤᠸᠠᠩᠰᠢ᠎ᠶ᠋ᠢᠨ ᠰᠣᠶᠣᠯ ᠵᠢᠭᠤᠯᠴᠢᠯᠠᠯ᠎ᠢ ᠳᠡᠯᠭᠡᠷᠡᠭᠦᠯᠬᠦ᠌ ᠡᠯᠴᠢᠨ᠂ ᠨᠡᠢᠭᠡᠮ ᠲᠣᠭᠣᠷᠢᠭ᠎ᠤᠨ ᠰᠠᠢᠨ ᠳᠤᠷ᠎ᠠ᠎ᠶ᠋ᠢᠨ ᠠᠵᠢᠯᠯᠠᠭ᠍ᠴᠢ ᠵᠣᠣ ᠢᠦᠶ(ᠳᠤᠮᠳᠠᠬᠢ)ᠪᠣᠯᠤᠨ ᠨᠡᠢᠭᠡᠮ ᠲᠣᠭᠣᠷᠢᠭ᠎ᠤᠨ ᠣᠯᠠᠨ ᠲᠦᠮᠡᠨ ᠣᠷᠣᠨ ᠨᠤᠲᠤᠭ᠎ᠤᠨ ᠣᠨᠴᠠᠯᠢᠭ ᠪᠥᠬᠥᠶ ᠳᠠᠭᠤᠤ 《ᠵᠣᠯ ᠵᠢᠷᠭᠠᠯ᠎ᠤᠨ ᠳᠠᠭᠤᠤ》 ᠪᠠᠨ ᠪᠤᠯᠪᠠᠰᠤᠷᠠᠨ᠎ᠠ᠃
ᠭᠤᠸᠠᠩᠰᠢ᠎ᠶ᠋ᠢᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ ᠯᠢᠶᠠᠩ ᠺᠠᠶ ᠴᠠᠩ ᠰᠡᠭᠦᠳᠡᠷᠯᠡᠪᠡ
2023 ᠣᠨ᠎ᠤ 12 ᠰᠠᠷ᠎ᠠ᠎ᠶ᠋ᠢᠨ 14 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠫᠠᠨ ᠯᠦᠩ ᠨᠡᠢᠭᠡᠮ ᠲᠣᠭᠣᠷᠢᠭ᠎ᠲᠤ ᠱᠢᠨᠵᠢᠯᠡᠨ ᠪᠠᠢᠴᠠᠭᠠᠬᠤ ᠦᠶ᠎ᠡ᠎ᠳᠤ᠂ ᠵᠤᠤ ᠢᠦᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠠᠶ ᠬᠠᠮᠲᠤ ᠪᠡᠷ《ᠵᠣᠯ ᠵᠢᠷᠭᠠᠯ᠎ᠤᠨ ᠳᠠᠭᠤᠤ》 ᠪᠠᠨ ᠳᠠᠭᠤᠯᠠᠪᠠ; ᠬᠦᠭᠡ ᠯᠣᠣ ᠵᠢᠯ᠎ᠦᠨ ᠴᠠᠭᠠᠨ ᠰᠠᠷᠠᠡᠴᠨ ᠡᠮᠦᠨᠡᠭᠡᠨ᠂《ᠬᠠᠪᠤᠷ᠎ᠤᠨ ᠠᠢᠵᠠᠮ·2024》 ᠤᠯᠤᠰ ᠠᠯᠤᠰᠯᠠᠭ᠍ᠰᠠᠨ ᠴᠠᠭᠠᠨ ᠰᠠᠷ᠎ᠠ᠎ᠶ᠋ᠢᠨ ᠦᠳᠡᠱᠢᠯᠡᠭᠡ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 46 ᠵᠠᠭᠤᠴᠢᠯᠠᠭᠤᠷ ᠪᠣᠯᠤᠨ ᠬᠠᠮᠢᠶ᠎ᠠ ᠪᠦᠬᠦᠢ ᠪᠠᠢᠭᠤᠯᠤᠮᠵᠢ᠎ᠪᠡᠷ ᠲᠠᠮᠵᠢᠨ ᠡᠨᠡᠬᠦ᠌ ᠳᠠᠭᠤᠤ᠎ᠶ᠋ᠢ ᠤᠯᠤᠰ᠎ᠤᠨ ᠳᠣᠲᠣᠭᠠᠳᠤ ᠭᠠᠳᠠᠭᠠᠳᠤ᠎ᠳᠤ ᠤᠯᠠᠮᠵᠢᠯᠠᠨ ᠳᠠᠭᠤᠯᠠᠪᠠ᠃ 《ᠡᠨᠡ ᠡᠳᠦᠷ ᠪᠢ ᠲᠠᠨᠢᠯ ᠲᠠᠰᠤᠯ ᠪᠤᠯᠤᠭᠰᠠᠨ ᠫᠠᠨ ᠯᠦᠩ ᠨᠡᠢᠭᠡᠮ ᠲᠣᠭᠣᠷᠢᠭ᠎ᠲᠠᠭᠠᠨ ᠪᠤᠴᠠᠵᠤ ᠢᠷᠡᠭᠡᠤᠨ᠂ ᠡᠨᠳᠡᠬᠢ ᠦᠨᠳᠦᠰᠦᠲᠡᠨ᠎ᠨᠦᠭᠦᠳ᠎ᠦᠨ ᠠᠬ᠎ᠠ ᠳᠡᠭᠦᠦ᠍᠎ᠨᠡᠷ᠎ᠲᠡᠶ ᠬᠠᠮᠲᠤ᠎ᠪᠠᠷ ᠳᠠᠭᠤᠤ ᠬᠥᠭ᠌ᠵᠢᠮ᠎ᠢᠶᠡᠷ ᠳᠠᠮᠵᠢᠨ ᠨᠥᠬᠥᠷᠯᠡᠯ ᠵᠢᠡᠨ ᠪᠠᠲᠤᠳᠬᠠᠵᠤ ᠪᠠᠶᠠᠷ ᠪᠠᠶᠠᠰᠤᠯ᠎ᠢ ᠡᠳ᠋ᠯᠡᠯ᠎ᠡ᠂ ᠡᠨᠡ ᠬᠦ᠌ ᠠᠭᠤᠷ ᠠᠮᠢᠰᠭᠤᠯ ᠮᠠᠰᠢ ᠰᠠᠢ᠌ᠨ ᠂ ᠮᠠᠰᠢ ᠬᠠᠯᠠᠭᠤᠨ ᠳᠤᠯᠠᠭᠠᠨ ᠰᠠᠨᠠᠭᠳᠠᠨ᠎ᠠ》 ᠭᠡᠵᠦ ᠵᠤᠤ ᠢᠦᠢ ᠰᠡᠳᠭᠢᠯ ᠬᠥᠳᠡᠯᠦᠨ ᠶᠠᠷᠢᠨ᠎ᠠ᠃
ᠦᠨᠳᠦᠰᠦᠲᠡᠨ᠎ᠦ ᠪᠦᠯᠬᠦᠮᠳᠡᠯ ᠨᠢ ᠤᠷᠠᠯᠢᠭ᠍ᠴᠢᠳ᠎ᠤᠨ ᠵᠣᠬᠢᠶᠠᠨ ᠪᠦᠲᠦᠭᠡᠯᠭᠡ᠎ᠳᠦ ᠨᠡᠪᠴᠢᠭ᠌ᠰᠡᠨᠢᠶᠡᠷ ᠪᠠᠷᠠᠬᠤ ᠦᠭᠡᠢ ᠪᠠᠰᠠ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠭ᠍ᠰᠠᠨ ᠪᠠᠢᠨ᠎ᠠ᠃ 《ᠫᠠᠨ ᠯᠦᠩ ᠨᠡᠢᠭᠡᠮ ᠲᠣᠭᠣᠷᠢᠭ᠎ᠲᠤ ᠬᠢᠲᠠᠳ᠂ ᠵᠤᠸᠠᠩ᠂ ᠶᠣᠣ᠂ ᠱᠦᠶ᠂ ᠬᠣᠲᠣᠩ᠂ ᠤᠢᠭᠤᠷ᠂ ᠰᠣᠯᠣᠩᠭᠣᠰ ᠵᠡᠷᠭᠡ 15 ᠦᠨᠳᠦᠰᠦᠲᠡᠨ᠎ᠦ ᠠᠬ᠎ᠠ ᠳᠡᠭᠦᠦ᠍᠎ᠨᠡᠷ ᠠᠮᠢᠳᠤᠷᠠᠵᠤ᠂ ᠴᠥᠭᠡᠨ ᠲᠣᠭᠠᠲᠤ ᠦᠨᠳᠦᠰᠦᠲᠡᠨ᠎ᠦ ᠬᠥᠮᠦᠨ ᠠᠮᠠ ᠨᠡᠢᠭᠡᠮ ᠲᠣᠭᠣᠷᠢᠭ᠎ᠤᠨ ᠪᠥᠬᠥ᠌ ᠬᠥᠮᠦᠨ ᠠᠮᠠ᠎ᠶ᠋ᠢᠨ 1/3 ᠱᠢᠬᠠᠮ᠎ᠢ ᠡᠵᠡᠯᠡᠵᠦ᠍ ᠪᠠᠢᠨ᠎ᠠ》ᠭᠡᠵᠦ ᠫᠠᠨ ᠯᠦᠩ ᠨᠡᠢᠭᠡᠮ ᠲᠣᠭᠣᠷᠢᠭ᠎ᠤᠨ ᠨᠠᠮ᠎ᠤᠨ ᠬᠤᠷᠢᠶ᠎ᠠ ᠵᠢᠨ ᠳᠡᠳ᠋ ᠱᠦᠵᠢ ᠱᠢᠤᠢ ᠢᠦᠶ ᠵᠢᠶᠦ᠋ᠨ ᠶᠠᠷᠢᠨ᠎ᠠ᠂ ᠲᠡᠭᠦᠨ᠎ᠤ ᠲᠠᠨᠢᠯᠴᠠᠭᠤᠯᠤᠭᠰᠠᠨ ᠵᠢᠡᠷ᠂ ᠨᠡᠢᠭᠡᠮ ᠲᠣᠭᠣᠷᠢᠭ᠎ᠨᠢ ᠣᠯᠠᠨ ᠦᠨᠳᠦᠰᠦᠲᠡᠨ ᠬᠤᠯᠢᠯᠳᠤᠨ ᠰᠠᠭᠤᠷᠢᠰᠢᠬᠰᠠᠨ ᠣᠨᠴᠠᠯᠢᠭ᠎ᠲᠠᠶ ᠤᠶᠠᠯᠳᠤᠭᠤᠯᠤᠨ᠂ 《136》 ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ ᠦᠶ᠋ᠯᠡᠳᠦᠯᠭᠡᠵᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠠᠨᠠᠷ᠎ᠤᠨ ᠦᠷ᠎ᠡ ᠱᠢᠭ ᠨᠢᠭ᠍ᠲᠠᠷᠠᠭᠤᠯᠤᠨ ᠪᠦᠯᠬᠦᠮᠳᠡᠭᠦᠯᠪᠡ᠃

ᠭᠤᠸᠠᠩᠰᠢ᠎ᠶ᠋ᠢᠨ ᠰᠣᠶᠣᠯ ᠤᠷᠠᠯᠢᠭ᠎ᠤᠨ ᠲᠥᠪ᠃
ᠭᠤᠸᠠᠩᠰᠢ ᠵᠢᠨ ᠡᠳᠦᠷ᠎ᠤᠨ ᠰᠤᠨᠢᠨ᠎ᠤ ᠰᠤᠷᠪᠤᠯᠵᠢᠯᠠᠭᠴᠢ ᠰᠢᠦᠢ ᠲᠢᠶᠠᠨ ᠪᠤᠤ ᠰᠡᠭᠦᠳᠡᠷᠯᠡᠪᠡ
ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ ᠪᠣᠯᠬᠤ ᠪᠦᠷᠢ᠂ ᠨᠡᠢᠭᠡᠮ ᠲᠣᠭᠣᠷᠢᠭ᠎ᠤᠨ᠎ᠬᠢᠨ ᠣᠯᠠᠨ ᠲᠦᠮᠡᠨ᠎ᠢ ᠵᠣᠬᠢᠶᠠᠨ ᠪᠠᠢᠭᠤᠯᠵᠤ ᠳᠠᠭᠤᠯᠠᠵᠤ ᠪᠥᠵᠢᠭ᠌ᠯᠡᠨ᠂ ᠬᠠᠮᠲᠤ ᠪᠡᠷ ᠬᠣᠭᠣᠯᠠᠯᠠᠨ ᠴᠠᠢᠯᠠᠵᠦ ᠂ ᠡᠯ᠎ᠡ ᠵᠦᠶ᠋ᠯ᠎ᠦᠨ ᠥᠪᠡᠷᠮᠢᠴᠡ ᠣᠨᠴᠠᠯᠢᠭ᠎ᠲᠠᠶ ᠢᠳᠡᠭᠡᠨ ᠵᠢᠡᠨ ᠠᠢᠯ ᠬᠦᠷᠰᠢ ᠪᠡᠷ ᠵᠢᠡᠨ ᠬᠤᠪᠢᠶᠠᠯᠴᠠᠳᠠᠭ᠃ 《ᠪᠢ ᠪᠣᠯ ᠬᠢᠲᠠᠳ ᠦᠨᠳᠦᠰᠦᠲᠡᠨ᠂ ᠵᠤᠸᠠᠩ ᠦᠨᠳᠦᠰᠦᠲᠡᠨ᠎ᠦ ᠣᠨᠴᠠᠯᠢᠭ᠍ᠲᠤ ᠨᠣᠭᠣᠭ᠎ᠠ ᠬᠢᠵᠦ᠍ ᠴᠢᠳᠠᠨ᠎ᠠ; ᠮᠢᠨᠦ᠍ ᠡᠬᠡᠨᠡᠷ ᠪᠣᠯ ᠮᠦᠯᠦ᠍ᠦ ᠦᠨᠳᠦᠰᠦᠲᠡᠨ᠂ ᠬᠢᠲᠠᠳ ᠤᠷᠠᠨ ᠪᠢᠴᠢᠯᠭᠡ᠎ᠶ᠋ᠢ ᠮᠠᠰᠢ ᠰᠠᠢᠨ ᠪᠣᠯᠪᠠᠰᠤᠷᠠᠵᠠᠶ》 ᠭᠡᠵᠦ ᠫᠠᠨ ᠯᠦᠩ ᠨᠡᠢᠭᠡᠮ ᠲᠣᠭᠣᠷᠢᠭ᠎ᠤᠨ ᠤᠷᠠᠯᠢᠭ᠎ᠤᠨ ᠪᠦᠯᠬᠦᠮ᠎ᠦᠨ ᠭᠤᠤᠯᠯᠠᠭ᠍ᠴᠢ ᠬᠦᠴᠦᠨ᠂ ᠡᠨᠡ ᠵᠢᠯ 74 ᠨᠠᠰᠤᠲᠠᠶ ᠾᠧ ᠵᠢᠶ ᠷᠦᠩ ᠨᠠᠰᠤᠲᠠᠨ ᠶᠠᠷᠢᠨ᠎ᠠ᠂ ᠨᠡᠢᠭᠡᠮ ᠲᠣᠭᠣᠷᠢᠭ ᠨᠢ ᠨᠢᠭᠡᠨ ᠬᠠᠯᠠᠭᠤᠨ ᠳᠤᠯᠠᠭᠠᠨ ᠲᠣᠮᠣ ᠬᠡᠷ ᠪᠦᠯᠢ ᠪᠤᠯᠵᠤ᠂ ᠶᠠᠮᠠᠷ ᠬᠥᠳᠡᠯᠭᠡᠭᠡᠨ ᠬᠢᠭ᠌ᠰᠡᠨ ᠴᠦ᠍ ᠣᠯᠠᠨ᠎ᠢᠶᠠᠷ᠎ᠢᠶᠠᠨ ᠢᠳᠡᠪᠬᠢᠲᠡᠶ ᠤᠷᠤᠯᠴᠠᠳᠠᠭ᠃
《ᠵᠣᠯ ᠵᠢᠷᠭᠠᠯ᠎ᠤᠨ ᠳᠠᠭᠤᠤ》᠎ᠨᠢ ᠦᠷᠭᠦᠯᠵᠢᠯᠡᠨ ᠳᠠᠭᠤᠯᠠᠭᠳᠠᠨᠠ᠂ ᠦᠨᠳᠦᠰᠦᠲᠡᠨ᠎ᠦ ᠪᠦᠯᠬᠦᠮᠳᠡᠯ ᠡᠴᠡ ᠪᠤᠯᠤᠭᠰᠠᠨ ᠵᠣᠯ ᠵᠢᠷᠭᠠᠯᠲᠤ ᠠᠮᠢᠳᠤᠷᠠᠯ ᠴᠤ᠌ ᠲᠠᠰᠤᠷᠠᠯᠲᠠ ᠦᠭᠡᠢ ᠦᠷᠭᠦᠯᠵᠢᠯᠡᠨ᠎ᠡ᠃ ᠯᠠᠢᠪᠢᠨ ᠬᠣᠲᠠ᠎ᠶ᠋ᠢᠨ ᠱᠢᠩᠪᠢᠨ ᠲᠣᠭᠣᠷᠢᠭ᠎ᠤᠨ ᠹᠸᠩ ᠬᠤᠸᠠᠩ ᠪᠠᠯᠭᠠᠰᠤᠨ᠎ᠤ ᠬᠤᠸᠠᠩ ᠠᠨ᠎ᠤ ᠴᠢᠨᠠᠷ ᠰᠠᠢᠲᠠᠶ ᠱᠢᠬᠢᠷ᠎ᠦᠨ ᠮᠠᠲ᠋ᠧᠷᠢᠶᠠᠯ᠎ᠤᠨ ᠨᠢᠱᠢᠩᠭᠦᠶ᠋ᠢᠨ ᠰᠠᠭᠤᠷᠢᠨ᠎ᠳᠤ᠂ ᠲᠠᠷᠢᠶᠠᠴᠢᠳ ᠠᠯᠢ ᠡᠷᠲᠡ᠎ᠡᠴᠡ ᠬᠠᠪᠤᠷ᠎ᠤᠨ ᠲᠠᠷᠢᠶᠠᠯᠠᠭ᠎ᠠ ᠵᠢᠨ ᠦᠶ᠋ᠯᠡᠳᠪᠦᠷᠢᠯᠡᠯ᠎ᠢᠶᠡᠨ ᠡᠬᠢᠯᠡᠭᠦᠯᠵᠦ᠍᠂ ᠲᠠᠷᠢᠶᠠᠯᠠᠩ᠎ᠤᠨ ᠮᠠᠱᠢᠨ᠎ᠨᠢ ᠨᠢᠱᠢᠩᠭᠦᠶ᠋ᠢᠨ ᠲᠠᠷᠢᠶᠠᠨ᠎ᠳᠤ ᠨᠠᠭᠠᠰᠢ ᠴᠠᠭᠠᠰᠢ ᠰᠦᠯᠵᠢᠯᠳᠦᠵᠦ᠍᠂ ᠱᠢᠨ᠎ᠡ ᠨᠢᠭᠡ ᠵᠢᠯ᠎ᠦᠨ ᠠᠵᠢᠯ ᠨᠢ ᠡᠷᠴᠢᠮᠲᠡᠢ ᠶᠠᠪᠤᠭᠳᠠᠨ᠎ᠠ᠃
《ᠨᠢᠳᠤᠨᠤᠨ ᠮᠠᠨ᠎ᠤ ᠨᠢᠱᠢᠩᠭᠦᠶ᠋ᠢᠨ ᠮᠦ᠍ ᠪᠦᠷᠢ᠎ᠶ᠋ᠢᠨ ᠤᠨᠠᠯᠲᠠ 7 ᠲᠣᠨ ᠬᠦᠷᠴᠦ᠍᠂ ᠮᠦ᠍ ᠪᠦᠷᠢ᠎ᠡᠴᠡ 3000 ᠭᠠᠷᠤᠢ ᠲᠥᠭᠥᠷᠢᠭ ᠤᠯᠪᠠ᠂ ᠨᠠᠮ᠎ᠤᠨ ᠵᠢᠡᠨ ᠬᠠᠯᠠᠮᠵᠢᠯᠠᠯ᠎ᠳᠤ ᠲᠠᠯᠠᠷᠬᠠᠵᠤ ᠪᠠᠢᠨ᠎ᠠ ᠰᠢᠦ》 ᠭᠡᠵᠦ᠍ ᠬᠤᠸᠠᠩ ᠠᠨ ᠲᠣᠰᠭᠣᠨ᠎ᠤ ᠵᠤᠸᠠᠩ ᠦᠨᠳᠦᠰᠦᠲᠡᠨ᠎ᠦ ᠠᠷᠠᠳ ᠮᠦᠸᠸ ᠼᠦᠩ ᠫᠢᠩ ᠬᠡᠯᠡᠨ᠎ᠡ᠃
2023 ᠣᠨ᠎ᠤ ᠡᠬᠢ᠎ᠪᠡᠷ᠂ ᠪᠡᠯᠡ ᠤᠷᠤᠭᠤᠯᠤᠯᠲᠠ ᠨᠢ 50 ᠳ᠋ᠦᠩᠱᠢᠭᠤᠷ ᠲᠥᠭᠥᠷᠢᠭ᠎ᠢ ᠳᠠᠪᠠᠭᠰᠠᠨ ᠤᠯᠤᠰ᠎ᠤᠨ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ — ᠭᠤᠸᠠᠩᠰᠢ᠎ᠶ᠋ᠢᠨ ᠳᠤᠮᠳᠠ ᠬᠡᠰᠡᠭ᠎ᠦᠨ ᠭᠠᠩ ᠬᠠᠭ᠍ᠰᠠᠷᠠᠭᠠᠨ᠎ᠢ ᠵᠠᠰᠠᠬᠤ ᠢᠨᠵᠧᠨᠧᠷᠢᠩ ᠤᠰᠤ ᠨᠡᠪᠲᠡᠷᠡᠵᠦ᠍᠂ ᠹᠸᠩ ᠬᠤᠸᠠᠩ ᠪᠠᠯᠭᠠᠰᠤ ᠨᠢ 《ᠬᠣᠣᠰ ᠥᠨᠳᠥᠷ》ᠰᠠᠭᠤᠷᠢᠨ᠎ᠤ ᠤᠳᠤ ᠪᠠᠢᠭ᠎ᠠ ᠤᠰᠤᠨ ᠠᠱᠢᠭ᠍ᠯᠠᠯᠲᠠ᠎ᠶ᠋ᠢᠨ ᠲᠥᠬᠥᠭᠡᠷᠦᠮᠵᠢ᠎ᠲᠡᠶ ᠤᠶᠠᠯᠳᠤᠭᠤᠯᠵᠤ᠂ ᠡᠨᠳᠡᠬᠢ ᠨᠢᠱᠢᠩᠭᠦ᠌ ᠲᠠᠷᠢᠬᠤ᠎ᠳᠤ ᠲᠩᠷᠢ᠎ᠶ᠋ᠢᠨ ᠴᠢᠷᠠᠢ᠎ᠶ᠋ᠢ ᠬᠠᠷᠠᠵᠤ ᠠᠮᠢᠳᠤᠷᠠᠵᠤ ᠪᠠᠢᠭ᠍ᠰᠠᠨ ᠲᠡᠦᠬᠡ᠎ᠶ᠋ᠢ ᠡᠴᠦᠰᠯᠡᠭᠦᠯᠵᠡᠢ᠃ ᠤᠰᠤᠨ᠎ᠤ ᠡᠬᠢ ᠰᠤᠷᠪᠤᠯᠵᠢ ᠭᠦᠢᠴᠡᠳ ᠪᠠᠢᠳᠠᠯ ᠳᠣᠣᠷ᠎ᠠ᠂ ᠡᠨᠳᠡᠬᠢ ᠨᠢᠱᠢᠩᠭᠦᠶ᠋ᠢᠨ ᠮᠦ᠍ ᠪᠦᠷᠢ᠎ᠶ᠋ᠢᠨ ᠤᠨᠠᠯᠲᠠ ᠨᠢ 1 - 2 ᠲᠣᠨ ᠨᠡᠮᠡᠭ᠌ᠳᠡᠵᠦ᠍᠂ ᠲᠠᠷᠢᠶᠠᠴᠢᠳ᠎ᠤᠨ ᠮᠦ᠍ ᠪᠦᠷᠢ᠎ᠶ᠋ᠢᠨ ᠣᠷᠣᠯᠭ᠎ᠠ ᠨᠢ ᠮᠢᠩᠭᠠᠨ ᠲᠥᠭᠥᠷᠢᠭ ᠱᠢᠬᠠᠮ ᠨᠡᠮᠡᠭ᠌ᠳᠡᠭ᠌ᠰᠡᠨ ᠪᠠᠢᠨ᠎ᠠ᠃
ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠢᠴᠢᠯᠠᠨ ᠨᠢᠱᠢᠩᠭᠦᠶ᠋ᠢᠨ ᠲᠠᠷᠢᠮᠠᠯ᠎ᠤᠨ ᠠᠵᠤ ᠦᠶ᠋ᠯᠡᠰ᠎ᠢ ᠬᠥᠭ᠌ᠵᠢᠭᠦᠯᠵᠦ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ ᠵᠠᠮ᠎ᠢᠶᠠᠷ ᠬᠠᠮᠲᠤ᠎ᠪᠠᠷ ᠵᠠᠮᠨᠠᠭᠤᠯᠬᠤ᠎ᠶ᠋ᠢᠨ ᠲᠥᠯᠥᠭᠡ᠂ ᠹᠸᠩ ᠬᠤᠸᠠᠩ ᠪᠠᠯᠭᠠᠰᠤ ᠪᠠᠰᠠ ᠳᠠᠭᠠᠭᠤᠯᠤᠭᠴᠢ ᠠᠵᠤ ᠠᠬᠤᠢᠯᠠᠯ᠂ ᠬᠣᠷᠱᠢᠶ᠎ᠠ ᠵᠡᠷᠭᠡ᠎ᠶ᠋ᠢ ᠵᠣᠬᠢᠶᠠᠨ ᠪᠠᠢᠭᠤᠯᠵᠤ ᠭᠠᠵᠠᠷ ᠱᠢᠷᠣᠶ ᠵᠢᠨ ᠡᠵᠡᠩᠨᠡᠯᠲᠡ ᠵᠢᠨ ᠡᠷᠬᠡ ᠵᠢ ᠭᠦᠢᠯᠭᠡᠭᠡᠬᠦ ᠂ ᠦᠶ᠋ᠯᠡᠴᠢᠯᠡᠭᠡ᠎ᠪᠡᠷ ᠳᠠᠢᠴᠢᠯᠠᠬᠤ᠂ ᠬᠤᠪᠢ ᠣᠷᠣᠭᠤᠯᠤᠨ ᠬᠠᠮᠲᠤᠷᠠᠯᠴᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠲᠠᠷᠢᠶᠠᠴᠢᠳ᠎ᠤᠨ ᠤᠰᠤ᠂ ᠪᠣᠷᠲᠣᠭᠣᠷ᠂ ᠡᠮ ᠵᠡᠷᠭᠡ ᠲᠠᠯ᠎ᠠ᠎ᠶ᠋ᠢᠨ ᠣᠷᠣᠭᠤᠯᠤᠯᠲᠠ ᠪᠠ ᠵᠠᠷᠤᠯᠭ᠎ᠠ᠎ᠶ᠋ᠢ ᠮᠥ᠍ ᠪᠦᠷᠢᠳᠦ ᠳᠤᠮᠳᠠᠴᠢ᠎ᠪᠠᠷ 300 ᠲᠥᠭᠥᠷᠢᠭ ᠠᠷᠪᠢᠯᠠᠵᠤ᠂ ᠮᠥ᠍ ᠪᠦᠷᠢ ᠵᠢᠨ ᠱᠢᠬᠢᠷ᠎ᠦᠨ ᠮᠠᠲ᠋ᠧᠷᠢᠶᠠᠯ᠎ᠤᠨ ᠨᠢᠱᠢᠩᠭᠦᠶ᠋ᠢᠨ ᠭᠠᠷᠤᠯᠲᠠ᠎ᠶ᠋ᠢᠨ ᠣᠷᠣᠯᠭ᠎ᠠ᠎ᠶ᠋ᠢ ᠪᠠᠷᠤᠭ 700 ᠲᠥᠭᠥᠷᠢᠭ ᠨᠡᠮᠡᠭ᠌ᠳᠡᠭᠦᠯᠵᠡᠶ᠃ 《ᠪᠢᠳᠡ ᠦᠶ᠎ᠡ᠎ᠶ᠋ᠢᠨ ᠦᠶ᠎ᠡ᠎ᠳᠡᠭᠡᠨ ᠡᠨᠳᠡ ᠰᠠᠭᠤᠷᠢᠱᠢᠵᠤ ᠂ ᠦᠨᠳᠦᠰᠦᠲᠡᠨ ᠨᠤᠭᠦᠳ ᠬᠠᠮᠲᠤ ᠠᠮᠢᠳᠤᠷᠠᠵᠤ᠂ ᠬᠠᠮᠲᠤ ᠠᠵᠢᠯᠯᠠᠨ᠂ ᠠᠯᠢ ᠡᠷᠲᠡ ᠨᠢᠭᠡ ᠴᠣᠭ᠍ᠴᠠ ᠪᠣᠯᠤᠨ ᠠᠭᠤᠰᠤᠯᠴᠠᠪᠠ᠃ ᠤᠳᠤ ᠨᠢᠱᠢᠩᠭᠦᠶ᠋ᠢᠨ ᠠᠵᠤ ᠦᠶ᠋ᠯᠡᠰ ᠡᠢᠮᠦ᠍ ᠰᠠᠢᠨ ᠪᠤᠯᠤᠭᠰᠠᠨ ᠵᠢᠡᠷ ᠣᠯᠠᠨ᠎ᠢᠶᠠᠷ᠎ᠢᠶᠠᠨ ᠯᠠᠪ ᠵᠢᠷᠭᠠᠯ᠎ᠲᠠᠶ ᠠᠮᠢᠳᠤᠷᠠᠨ᠎ᠠ》 ᠭᠡᠵᠦ᠍ ᠮᠦᠸᠸ ᠼᠦᠩ ᠫᠢᠩ ᠶᠠᠷᠢᠨ᠎ᠠ᠃
ᠲᠥᠪᠡᠳ᠄ ᠲᠤᠭᠤᠷ᠎ᠤᠨ ᠴᠡᠴᠡᠭ᠎ᠦᠨ ᠬᠦᠷᠢᠶᠡᠯᠡᠩ᠎ᠢ ᠴᠣᠭ᠍ᠴᠠᠯᠠᠵᠤ ᠵᠢᠭᠤᠯᠴᠢᠯᠠᠯ᠎ᠤᠨ ᠬᠠᠯᠠᠮᠱᠢᠯ᠎ᠢ ᠪᠤᠢ ᠪᠤᠯᠭᠠᠨ᠎ᠠ
ᠬᠠᠪᠤᠷ ᠤᠷᠤᠵᠤ ᠠᠭᠤᠷ ᠠᠮᠢᠰᠬᠤᠯ ᠳᠤᠯᠠᠭᠠᠷᠠᠯᠠ᠂ ᠭᠠᠯᠠ ᠲᠣᠰᠭᠣᠨ ᠰᠢᠨ᠎ᠡ ᠬᠤᠪᠢᠷᠠᠯᠲᠠ ᠪᠠᠨ ᠤᠭᠲᠤᠨ᠎ᠠ᠃ ᠴᠠᠭᠠᠨ ᠰᠠᠷ᠎ᠠ᠂ ᠲᠥᠪᠡᠳ ᠲᠤᠭᠠᠯᠠᠯ᠎ᠤᠨ ᠴᠠᠭᠠᠨ ᠰᠠᠷ᠎ᠠ ᠰᠠᠶᠢᠬᠠᠨ ᠥᠩᠭᠡᠷᠡᠭᠰᠡᠨᠴᠤ᠂ ᠴᠠᠭᠠᠨ ᠰᠠᠷ᠎ᠠ ᠵᠢᠨ ᠠᠭᠤᠷ ᠠᠮᠢᠰᠭᠤᠯ ᠬᠡᠪ ᠵᠢᠡᠷ ᠵᠢᠡᠨ ᠪᠠᠢᠵᠦ᠂ ᠨᠢᠩ ᠤ᠋ᠤᠢ ᠬᠣᠲᠠ᠎ᠶ᠋ᠢᠨ ᠪᠠ ᠢ ᠲᠣᠭᠣᠷᠢᠭ᠎ᠤᠨ ᠭᠠᠯᠠ ᠲᠣᠰᠭᠣᠨ ᠪᠠᠰᠠ ᠬᠥᠷ ᠬᠥᠭ᠌ᠵᠢᠶᠡᠨᠲᠡᠶ ᠪᠣᠯᠵᠣ ᠡᠬᠢᠯᠡᠪᠡ᠃ ᠭᠠᠯᠠ ᠲᠣᠰᠭᠣᠨ᠎ᠤ ᠬᠤᠪᠢᠰᠭᠠᠯ᠎ᠤᠨ ᠰᠤᠳᠤᠯᠤᠨ ᠰᠤᠷᠤᠯᠴᠠᠬᠤ ᠭᠣᠣᠯ ᠰᠡᠳᠦᠪᠲᠦ ᠬᠥᠮᠦᠵᠢᠯ᠎ᠦᠨ ᠦᠵᠡᠰᠭᠦᠯᠡᠩ᠎ᠦᠨ ᠣᠷᠳᠣᠨ᠎ᠳᠤ ᠵᠢᠭᠤᠯᠴᠢᠯᠠᠭᠰᠠᠳ ᠲᠠᠰᠤᠷᠠᠯᠳᠡ ᠦᠭᠡᠢ ᠤᠯᠠᠰᠢᠷᠠᠵᠦ᠂ ᠦᠵᠡᠰᠭᠦᠯᠡᠩ᠎ᠦᠨ ᠣᠷᠳᠣᠨ᠎ᠤ ᠦᠵᠡᠮᠦᠷᠢ ᠵᠢ ᠰᠤᠨᠢᠷᠬᠠᠵᠤ᠂ ᠦᠵᠡᠰᠭᠦᠯᠡᠩ᠎ᠦᠨ ᠣᠷᠳᠣᠨ᠎ᠤ ᠲᠤᠮᠤ ᠳᠡᠯᠭᠡᠴᠡ᠎ᠳᠦ ᠨᠡᠪᠲᠡᠷᠡᠭᠦᠯᠵᠦ ᠪᠠᠢᠭ᠎ᠠ ᠶᠡᠷᠦᠩᠬᠡᠢ ᠱᠦᠵᠢ ᠰᠢ ᠵᠢᠨ ᠫᠢᠩ᠎ᠦᠨ ᠭᠠᠯᠠ ᠲᠣᠰᠭᠣᠨ᠎ᠳᠤ ᠱᠢᠨᠵᠢᠯᠡᠨ ᠪᠠᠢᠴᠠᠭᠠᠭ᠍ᠰᠠᠨ ᠦᠶ᠎ᠡ ᠵᠢᠨ ᠸᠢᠳᠢᠣ᠋ ᠵᠢ ᠨᠢᠮᠪᠠᠢ ᠰᠣᠨᠢᠷᠬᠠᠵᠤ᠂ ᠡᠨᠡᠬᠦ᠌ ᠥᠨᠳᠥᠷᠯᠢᠭ᠎ᠦᠨ ᠵᠢᠵᠢᠭ ᠠᠭᠤᠯᠠᠨ ᠲᠣᠰᠭᠣᠨ᠎ᠤ ᠠᠰᠤᠷᠤ ᠬᠤᠪᠢᠷᠠᠯᠲᠠ᠎ᠶ᠋ᠢ ᠤᠢᠯᠠᠭᠠᠨ᠎ᠠ᠃
ᠡᠯ᠎ᠡ ᠦᠨᠳᠦᠰᠦᠲᠡᠨ᠎ᠤ ᠬᠤᠪᠴᠠᠰᠤ ᠵᠠᠰᠠᠯ ᠲᠠᠢ ᡀᠠᠰᠠ ᠬᠤᠲᠠ ᠵᠢᠨ ᠨᠢᠭᠡᠳᠦᠭᠡᠷ ᠪᠠᠭ᠎ᠠ ᠰᠤᠷᠭᠠᠭᠤᠯᠢ ᠵᠢᠨ ᠰᠤᠷᠤᠭᠴᠢᠳ ᠲᠦᠪᠡᠳ᠎ᠤᠨ ᠵᠠᠭᠤᠨ ᠲᠦᠮᠡᠨ ᠬᠠᠮᠵᠢᠯᠭ᠎ᠠ ᠵᠢᠨ ᠲᠠᠷᠢᠶᠠᠴᠢᠨ ᠴᠢᠯᠦᠭᠡᠯᠡᠭᠳᠡᠭᠰᠡᠨ ᠳᠤᠷᠠᠰᠬᠠᠯ᠎ᠤᠨ ᠡᠳᠦᠷ᠎ᠤᠨ ᠠᠵᠢᠯᠯᠠᠭ᠎ᠠ᠎ᠳᠤ ᠤᠷᠤᠯᠴᠠᠵᠤ ᠪᠠᠢᠨ᠎ᠠ᠃
ᠲᠦᠪᠡᠳ᠎ᠤᠨ ᠡᠳᠦᠷ᠎ᠤᠨ ᠰᠤᠨᠢᠨ᠎ᠤ ᠰᠤᠷᠪᠤᠯᠵᠢᠯᠠᠭᠴᠢ ᠫᠠᠨ ᠳ᠋ᠦᠸᠸ ᠰᠡᠭᠦᠳᠡᠷᠯᠡᠪᠡ
2021 ᠣᠨ᠎ᠤ 7 ᠰᠠᠷ᠎ᠠ᠎ᠶ᠋ᠢᠨ 21 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠨᠢᠩ ᠤ᠋ᠤᠢ ᠬᠣᠲᠠ᠎ᠶ᠋ᠢᠨ ᠪᠠ ᠢ ᠲᠣᠭᠣᠷᠢᠭ᠎ᠤᠨ ᠨᠢᠩ ᠤ᠋ᠤᠢ ᠪᠠᠯᠭᠠᠰᠤᠨ᠎ᠤ ᠭᠠᠯᠠ ᠲᠣᠰᠭᠣᠨ᠎ᠳᠤ ᠬᠦᠷᠴᠦ᠍᠂ ᠭᠠᠯᠠ ᠲᠣᠰᠭᠣᠨ᠎ᠤ ᠨᠠᠮ᠎ᠤᠨ ᠪᠠᠢᠭᠤᠯᠤᠯᠲᠠ ᠪᠡᠷ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠣᠯᠠᠨ ᠲᠦᠮᠡᠨ᠎ᠢ ᠳᠠᠭᠠᠭᠤᠯᠤᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠭᠰᠡᠨ ᠲᠤᠬᠠᠢ ᠲᠠᠨᠢᠯᠴᠠᠭᠤᠯᠭ᠎ᠠ ᠨᠤᠭᠤᠳ᠎ᠢ ᠰᠣᠨᠣᠰᠴᠤ᠌᠂ ᠲᠣᠰᠭᠣᠨ᠎ᠤ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠥᠪ᠂ ᠡᠷᠡᠭᠦᠯ ᠬᠠᠮᠠᠭᠠᠯᠠᠯ᠎ᠤᠨ ᠲᠠᠰᠤᠭ ᠵᠡᠷᠭᠡ᠎ᠳᠦ ᠣᠷᠣᠵᠤ ᠬᠣᠯᠪᠣᠭ᠍ᠳᠠᠯ ᠪᠥᠬᠥᠶ ᠪᠠᠢᠳᠠᠯ᠎ᠢ ᠨᠠᠷᠢᠨ ᠣᠢᠯᠠᠭᠠᠪᠠ᠃ ᠶᠡᠷᠦᠩᠬᠡᠢ ᠱᠦᠵᠢ ᠰᠢ ᠵᠢᠨ ᠫᠢᠩ᠂ ᠭᠠᠯᠠ ᠲᠣᠰᠭᠣᠨ᠎ᠤ ᠰᠠᠢ᠌ᠨ ᠰᠠᠢᠬᠠᠨ ᠠᠮᠢᠳᠤᠷᠠᠯ ᠪᠣᠯ ᠲᠥᠪᠡᠳ᠎ᠢ ᠨᠠᠢᠷᠠᠮᠳᠠᠯ᠎ᠢᠶᠠᠷ ᠴᠢᠯᠥᠭᠡᠯᠡᠭ᠌ᠰᠡᠨ 70 ᠵᠢᠯ᠎ᠦᠨ ᠲᠤᠷᠱᠢᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢᠨ ᠬᠤᠷᠢᠶᠠᠩᠭᠤᠢ ᠳᠦᠷᠰᠦ ᠪᠣᠯᠤᠨ᠎ᠠ᠂ ᠡᠨᠳᠠ ᠪᠣᠯ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠴᠡᠴᠡᠭ ᠪᠠᠳᠠᠷᠠᠨ ᠳᠡᠯᠭᠡᠷᠡᠭ᠌ᠰᠡᠨ ᠭᠠᠵᠠᠷ ᠪᠣᠯᠤᠨ᠎ᠠ ᠭᠡᠵᠦ᠍ ᠵᠢᠭᠠᠵᠤ ᠭᠠᠷᠭᠠᠪᠠ᠃
ᠭᠠᠯᠠ ᠲᠣᠰᠭᠣᠨ᠎ᠤ ᠬᠢᠨ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠷᠡᠯᠬᠡᠭ᠌ᠯᠡᠨ ᠲᠡᠮᠡᠴᠡᠵᠦ᠍᠂ ᠢᠳᠡᠪᠬᠢᠲᠡᠶ ᠤᠷᠤᠭ᠍ᠰᠢᠯᠠᠨ ᠳᠡᠪᠱᠢᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠡᠷᠡᠮᠡᠬᠡᠢᠯᠡᠨ ᠤᠷᠤᠭ᠍ᠰᠢᠯᠠᠵᠤ᠂ ᠲᠡᠷᠢᠭᠦᠨ᠎ᠦ᠎ᠬᠢ ᠪᠣᠯᠬᠤ᠎ᠪᠠᠷ ᠴᠢᠷᠮᠠᠢᠵᠠᠭᠠᠨ᠎ᠠ᠃
2 ᠰᠠᠷ᠎ᠠ᠎ᠶ᠋ᠢᠨ 25 ᠤ᠋ ᠡᠳᠦᠷ᠂ ᠰᠤᠷᠪᠤᠯᠵᠢᠯᠠᠭ᠍ᠴᠢ ᠭᠠᠯᠠ ᠲᠣᠰᠭᠣᠨ᠎ᠳᠤ ᠬᠦᠷᠬᠦ᠌᠎ᠳᠦ᠂ ᠬᠡᠰᠡᠭ ᠲᠤᠭᠤᠷ᠎ᠤᠨ ᠤᠢ᠎ᠳᠤ ᠨᠢᠭᠡᠨᠲᠡ ᠴᠡᠴᠡᠭ᠎ᠦᠨ ᠪᠦᠮᠪᠦᠯᠢᠭ ᠴᠤᠬᠤᠢᠵᠤ ᠪᠠᠢᠪᠠ᠃ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ ᠪᠣᠯᠤᠨ ᠲᠣᠰᠭᠣᠨ᠎ᠤ 《ᠬᠣᠶᠠᠷ ᠵᠥᠪᠯᠡᠯ》 ᠤ᠋ᠨ ᠬᠢᠨ ᠶᠠᠭ ᠠᠷᠪᠠᠨ ᠬᠡᠳᠦᠨ ᠬᠦᠮᠦᠨ᠎ᠢ ᠳᠠᠭᠠᠭᠤᠯᠤᠨ ᠲᠤᠭᠤᠷ᠎ᠤᠨ ᠮᠤᠳᠤᠳ᠎ᠤᠨ ᠰᠠᠯᠠᠭ᠎ᠠ ᠨᠠᠮᠠᠭ᠎ᠠ ᠵᠢ ᠵᠠᠰᠠᠵᠦ ᠂ ᠡᠪᠡᠰᠦ ᠵᠢ ᠨᠢ ᠠᠷᠢᠯᠭᠠᠵᠤ᠂ ᠬᠣᠭ ᠨᠣᠪᠰᠢ ᠵᠢ ᠨᠢ ᠲᠡᠭᠦᠵᠦ᠍ ᠪᠠᠢᠪᠠ᠃ 《3 ᠰᠠᠷ᠎ᠠ ᠪᠣᠯ ᠨᠢᠩ ᠤ᠋ᠤᠢ᠎ᠶ᠋ᠢᠨ ᠲᠤᠭᠤᠷ᠎ᠤᠨ ᠴᠡᠴᠡᠭ᠎ᠦᠨ ᠨᠠᠢᠷ ᠡᠷᠬᠢᠯᠡᠬᠦ᠌ ᠴᠠᠭ ᠪᠣᠯᠤᠨ᠎ᠠ᠂ ᠲᠡᠷᠡ ᠦᠶ᠎ᠡ᠎ᠳᠦ ᠮᠠᠰᠢ ᠤᠯᠠᠨ ᠵᠢᠭᠤᠯᠴᠢᠯᠠᠭᠴᠢ ᠡᠨᠳᠡ ᠢᠷᠡᠳᠡᠭ᠂ ᠪᠢᠳᠡ ᠴᠠᠭ᠎ᠢ ᠠᠮᠵᠢᠨ ᠲᠤᠭᠤᠷ᠎ᠤᠨ ᠤᠢ᠎ᠶ᠋ᠢ ᠵᠠᠰᠠᠵᠤ᠂ ᠲᠤᠭᠤᠷ᠎ᠤᠨ ᠴᠡᠴᠡᠭ ᠰᠤᠨᠢᠷᠬᠠᠬᠤ ᠵᠢᠭᠤᠯᠴᠢᠯᠠᠭᠰᠠᠳ᠎ᠢ ᠤᠭᠲᠤᠬᠤ ᠪᠡᠷ ᠪᠠᠢᠨ᠎ᠠ》 ᠭᠡᠵᠦ᠍ ᠭᠠᠯᠠ ᠲᠣᠰᠭᠣᠨ᠎ᠤ ᠨᠠᠮ᠎ᠤᠨ ᠡᠭᠦᠷ᠎ᠦᠨ ᠱᠦᠵᠢ ᠪᠢᠮᠪᠠ ᠠᠵᠢᠯ ᠵᠢᠡᠨ ᠬᠢᠬᠦ ᠵᠢᠨ ᠳᠠᠭᠠᠤ ᠰᠤᠷᠪᠤᠯᠵᠢᠯᠠᠭ᠍ᠴᠢ᠎ᠳᠤ ᠲᠠᠨᠢᠯᠴᠠᠭᠤᠯᠤᠨ᠎ᠠ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠲᠤᠬᠠᠶ᠎ᠶ᠋ᠢᠨ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠵᠢᠴᠢ ᠲᠥᠪᠡᠳ᠎ᠢ ᠲᠤᠰᠠᠯᠠᠬᠤ ᠬᠦᠴᠦᠨ᠎ᠦ ᠬᠠᠪᠰᠤᠷᠤᠯᠭ᠎ᠠ ᠳᠤᠤᠷ᠎ᠠ᠂ ᠭᠠᠯᠠ ᠲᠣᠰᠭᠣᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ 《ᠲᠤᠭᠤᠷ᠎ᠤᠨ ᠴᠡᠴᠡᠭ᠎ᠦᠨ ᠬᠦᠷᠢᠶᠡᠯᠡᠩ》 ᠤ᠋ᠨ ᠦᠵᠡᠮᠵᠢ᠎ᠶ᠋ᠢᠨ ᠣᠷᠣᠨ᠎ᠳᠤ ᠲᠦᠰᠢᠭᠯᠡᠨ᠂《ᠲᠤᠭᠤᠷ᠎ᠤᠨ ᠴᠡᠴᠡᠭ᠎ᠦᠨ ᠵᠢᠭᠤᠯᠴᠢᠯᠠᠯ᠎ᠤᠨ ᠰᠣᠶᠣᠯ᠎ᠤᠨ ᠨᠠᠢᠷ》 ᠢ᠋ ᠴᠣᠭ᠍ᠴᠠᠯᠠᠵᠤ᠂ ᠠᠷᠠᠳ᠎ᠤᠨ ᠪᠠᠭᠤᠳᠠᠯ ᠡᠷᠭᠢᠯᠡᠨ᠂ ᠳᠠᠷᠢᠵᠤ ᠤᠷᠭᠤᠭᠤᠯᠬᠤ ᠲᠡᠵᠢᠭᠡᠨ ᠦᠷᠡᠵᠢᠭᠦᠯᠬᠦ ᠦᠢᠯᠡᠰ ᠡᠷᠬᠢᠯᠡᠵᠦ᠂ ᠬᠥᠳᠡᠭᠡ ᠲᠣᠰᠭᠣᠨ᠎ᠤ ᠵᠢᠭᠤᠯᠴᠢᠯᠠᠯ᠎ᠤᠨ ᠦᠶ᠋ᠯᠡᠰ᠎ᠢ ᠬᠥᠭ᠌ᠵᠢᠭᠦᠯᠦᠨ᠂《ᠠᠮᠢ ᠠᠬᠤᠶ᠎ᠳᠤ ᠲᠦᠰᠢᠭᠯᠡᠨ ᠪᠠᠶᠠᠵᠢᠯ᠎ᠤᠨ ᠵᠠᠮ᠎ᠢᠶᠠᠷ ᠵᠠᠮᠨᠠᠭᠰᠠᠨ》 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠲᠣᠰᠭᠣᠨ ᠪᠣᠯᠤᠭ᠍ᠰᠠᠨ ᠪᠠᠢᠨ᠎ᠠ᠃
ᠶᠡᠷᠦᠩᠬᠡᠶ ᠱᠦᠵᠢ ᠱᠢᠨᠵᠢᠯᠡᠨ ᠪᠠᠢᠴᠠᠭᠠᠭ᠍ᠰᠠᠨ᠎ᠤ ᠳᠠᠷᠠᠭ᠎ᠠ᠂ ᠭᠠᠯᠠ ᠲᠣᠰᠭᠣᠨ᠎ᠤ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠬᠦ᠌ ᠰᠡᠳᠭᠢᠴᠡ ᠨᠠᠩ ᠲᠣᠳᠣᠷᠬᠠᠶ ᠪᠣᠯᠵᠣ᠂ ᠡᠷᠴᠢ ᠵᠣᠷᠢᠭ ᠨᠠᠩ ᠬᠥᠪᠴᠢᠯᠡᠭ᠌ᠳᠡᠪᠡ᠂ ᠲᠣᠰᠭᠣᠨ᠎ᠤ《ᠬᠣᠶᠠᠷ ᠵᠥᠪᠯᠡᠯ》᠎ᠨᠢ ᠣᠯᠠᠨ ᠲᠦᠮᠡᠨ᠎ᠢ ᠳᠠᠭᠠᠭᠤᠯᠤᠨ ᠭᠠᠯᠠ᠎ᠶ᠋ᠢᠨ ᠲᠤᠭᠤᠷ᠎ᠤᠨ ᠴᠡᠴᠡᠭ᠎ᠦᠨ ᠬᠦᠷᠢᠶᠡᠯᠡᠩ᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠴᠣᠭ᠍ᠴᠠ ᠵᠡᠷᠭᠡ ᠲᠥᠷᠥᠯ ᠵᠦᠶ᠋ᠯ᠎ᠦᠨ ᠲᠣᠭᠣᠷᠢᠨ᠎ᠳᠤ ᠠᠮᠢ ᠠᠬᠤᠶ᠎ᠶ᠋ᠢᠨ ᠥᠷᠲᠡᠭ᠎ᠢ ᠬᠤᠪᠢᠷᠠᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠰᠦᠪᠡᠭ᠌ᠴᠢᠯᠡᠵᠦ᠍᠂ 《ᠵᠢᠭᠤᠯᠴᠢᠯᠠᠯ +》ᠬᠥᠭ᠌ᠵᠢᠯᠲᠡ᠎ᠶ᠋ᠢᠨ ᠵᠠᠭ᠍ᠪᠤᠷ᠎ᠢ ᠤᠯᠠᠮ ᠴᠢᠨᠠᠭᠰᠢᠲᠠ ᠥᠷᠭᠡᠳᠭᠡᠵᠦ᠍᠂ ᠠᠷᠠᠳ᠎ᠤᠨ ᠵᠠᠩ ᠦᠶ᠋ᠯᠡ᠎ᠶ᠋ᠢ ᠪᠡᠶᠡᠴᠢᠯᠡᠨ ᠣᠢᠯᠠᠭᠠᠬᠤ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠵᠦ᠍᠂ ᠲᠤᠭᠤᠷ᠎ᠤᠨ ᠴᠡᠴᠡᠭ᠎ᠦᠨ ᠣᠨᠴᠠᠯᠢᠭ᠍ᠲᠤ ᠠᠮᠲᠠᠲᠤ ᠢᠳᠡᠭᠡᠨ᠎ᠢ ᠦᠶ᠋ᠯᠡᠳᠴᠦ᠍᠂ ᠵᠢᠭᠤᠯᠴᠢᠯᠠᠯ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠯᠠᠮ ᠴᠢᠨᠠᠭᠰᠢᠲᠠ ᠤᠷᠲᠤᠳᠭᠠᠭᠰᠠᠨ ᠵᠢᠡᠷ ᠵᠢᠭᠤᠯᠴᠢᠯᠠᠭ᠍ᠰᠠᠳ᠎ᠤᠨ ᠪᠡᠶᠡᠴᠢᠯᠡᠨ ᠣᠢᠯᠠᠭᠠᠬᠤ ᠲᠥᠷᠥᠭ᠌ᠳᠡᠯ᠂ ᠬᠠᠨᠤᠮᠵᠢ᠎ᠶ᠋ᠢᠨ ᠬᠡᠮᠵᠢᠶ᠎ᠡ ᠢᠯᠡᠳᠲᠡ ᠳᠡᠭᠡᠭ᠌ᠰᠢᠯᠡᠪᠡ᠃《ᠨᠢᠳᠤᠨᠤᠨ ᠲᠣᠰᠭᠣᠨ᠎ᠤ ᠵᠦᠪᠬᠡᠨ ᠲᠤᠭᠤᠷ᠎ᠤᠨ ᠴᠡᠴᠡᠭ᠎ᠦᠨ ᠨᠠᠢᠷ᠎ᠤᠨ ᠬᠣᠯᠪᠣᠭ᠍ᠳᠠᠯ ᠪᠦᠬᠦᠢ ᠣᠷᠣᠯᠭ᠎ᠠ ᠳᠠᠷᠤᠢ 300 ᠲᠦᠮᠡᠨ ᠲᠥᠭᠥᠷᠢᠭ᠎ᠢ ᠳᠠᠪᠠᠵᠤ᠂ ᠡᠷᠦᠬᠡ ᠪᠦᠷᠢᠳᠦ 10 ᠭᠠᠷᠤᠢ ᠲᠦᠮᠡᠨ ᠲᠥᠭᠥᠷᠢᠭ᠎ᠦᠨ ᠠᠱᠢᠭ ᠬᠤᠪᠢᠶᠠᠵᠤ ᠥᠭ᠌ᠴᠡᠢ᠂ ᠡᠨᠡ ᠵᠢᠯ᠎ᠦᠨ ᠣᠷᠣᠯᠭ᠎ᠠ ᠨᠡᠩ ᠥᠨᠳᠥᠷ ᠪᠣᠯᠬᠤ᠎ᠶ᠋ᠢ ᠢᠲᠡᠭᠡᠵᠦ᠍ ᠪᠠᠢᠨ᠎ᠠ》 ᠭᠡᠵᠦ᠍ ᠪᠢᠮᠪᠠ ᠢᠲᠡᠭᠡᠯ ᠲᠡᠭᠦᠯᠳᠡᠷ ᠬᠡᠯᠡᠨ᠎ᠡ᠃
2 ᠰᠠᠷ᠎ᠠ᠎ᠶ᠋ᠢᠨ 25 ᠤ᠋ ᠡᠳᠦᠷ ᠨᠢ ᠶᠠᠭ ᠭᠠᠷᠠᠭ᠎ᠤᠨ ᠡᠳᠦᠷ ᠶᠤᠮᠰᠠᠨᠵᠠᠢ᠂ ᠬᠡᠳᠦᠨ ᠬᠡᠦᠬᠡᠳ ᠬᠡᠷ᠎ᠦᠨ ᠠᠬᠠᠮᠠᠳ᠎ᠤᠨ ᠵᠢᠡᠨ ᠳᠠᠭᠠᠭᠤᠯᠭ᠎ᠠ᠎ᠪᠠᠷ ᠭᠠᠯᠠ ᠲᠣᠰᠭᠣᠨ᠎ᠤ ᠬᠤᠪᠢᠰᠭᠠᠯ᠎ᠤᠨ ᠰᠤᠳᠤᠯᠤᠨ ᠰᠤᠷᠤᠯᠴᠠᠬᠤ ᠭᠤᠤᠯ ᠰᠡᠳᠦᠪᠲᠦ ᠬᠥᠮᠦᠵᠢᠯ᠎ᠦᠨ ᠦᠵᠡᠰᠭᠦᠯᠡᠩ᠎ᠦᠨ ᠣᠷᠳᠣᠨ᠎ᠳᠤ ᠬᠦᠷᠴᠦ᠂ ᠰᠤᠨᠢᠷᠬᠠᠨ ᠦᠵᠡᠭᠦ ᠶ᠋ᠢᠨ ᠳᠠᠭᠠᠤ ᠬᠡᠷ᠎ᠦᠨ ᠠᠬᠠᠮᠠᠳ ᠵᠢᠴᠢ ᠪᠢᠴᠢᠬᠠᠨ ᠨᠠᠢᠵᠠ᠎ᠨᠠᠷ᠎ᠲᠠᠶ᠎ᠪᠠᠨ ᠥᠪᠡᠷ᠎ᠦᠨ ᠱᠢᠨ᠎ᠡ ᠢᠯᠡᠷᠡᠭᠦᠯᠦᠯᠲᠡ᠎ᠪᠡᠨ ᠬᠤᠪᠢᠶᠠᠯᠴᠠᠨ᠎ᠠ᠃
2022 ᠣᠨ᠎ᠤ 3 ᠰᠠᠷ᠎ᠠ᠎ᠳᠤ᠂ ᠭᠠᠯᠠ ᠲᠣᠰᠭᠣᠨ᠎ᠤ ᠬᠤᠪᠢᠰᠭᠠᠯ᠎ᠤᠨ ᠰᠤᠳᠤᠯᠤᠨ ᠰᠤᠷᠤᠯᠴᠠᠬᠤ ᠭᠣᠣᠯ ᠰᠡᠳᠦᠪᠲᠦ ᠬᠥᠮᠦᠵᠢᠯ᠎ᠦᠨ ᠦᠵᠡᠰᠭᠦᠯᠡᠩ᠎ᠤᠨ ᠣᠷᠳᠣᠨ ᠵᠢᠩᠬᠢᠨᠢ᠎ᠪᠡᠷ ᠡᠭᠦᠳᠡ᠎ᠪᠡᠨ ᠨᠡᠭᠡᠭᠡᠪᠡ᠃ 《ᠦᠵᠡᠰᠭᠦᠯᠡᠩ᠎ᠦᠨ ᠣᠷᠳᠣᠨ᠎ᠨᠢ ᠲᠣᠰᠭᠣᠨ᠎ᠤ ᠡᠯᠪᠡᠭ ᠪᠠᠶᠠᠯᠢᠭ ᠡᠬᠢ ᠪᠠᠶᠠᠯᠢᠭ᠎ᠢ ᠰᠤᠷᠭᠠᠨ ᠬᠥᠮᠦᠵᠢᠯ᠎ᠦᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ᠂ ᠣᠯᠠᠨ ᠲᠦᠮᠡᠨ᠎ᠳᠦ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠭᠦᠯᠵᠦ᠍᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠬᠤᠪᠢᠰᠭᠠᠯ᠎ᠤᠨ ᠰᠤᠳᠤᠯᠤᠨ ᠰᠤᠷᠤᠯᠴᠠᠬᠤ ᠵᠢᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠥᠷᠭᠡᠳᠭᠡᠵᠦ᠍᠂ ᠬᠤᠪᠢᠰᠭᠠᠯ᠎ᠤᠨ ᠰᠤᠳᠤᠯᠤᠨ ᠰᠤᠷᠤᠯᠴᠠᠬᠤ᠎ᠶ᠋ᠢᠨ ᠷᠢᠳᠢ ᠱᠢᠳᠢ᠎ᠶ᠋ᠢ ᠳᠡᠭᠡᠭ᠌ᠰᠢᠯᠡᠭᠦᠯᠪᠡ》ᠭᠡᠵᠦ ᠲᠠᠢᠯᠪᠤᠷᠢᠯᠠᠭ᠍ᠴᠢ ᠬᠤᠸᠠᠩ ᠬᠠᠢ ᠹᠸᠨ ᠲᠠᠨᠢᠯᠴᠠᠭᠤᠯᠪᠠ᠃
ᠦᠵᠡᠰᠭᠦᠯᠡᠩ᠎ᠤᠨ ᠣᠷᠳᠣᠨ᠎ᠤ ᠳᠣᠲᠣᠷ᠎ᠠ ᠂ ᠡᠪ ᠬᠠᠮᠲᠤ ᠨᠠᠮ᠎ᠤᠨ ᠠᠴᠢ ᠭᠠᠪᠢᠶ᠎ᠠ ᠵᠢ ᠮᠠᠭ᠍ᠲᠠᠨ ᠳᠠᠭᠤᠯᠠᠵᠤ᠂ ᠲᠣᠰᠭᠣᠨ᠎ᠤ ᠬᠥᠮᠦᠰ᠎ᠦᠨ ᠥᠯᠢᠭᠡᠷ᠎ᠢ ᠬᠠᠪᠤᠳᠠᠢ ᠶᠠᠷᠢᠵᠤ᠂ ᠦᠵᠡᠭ᠌ᠴᠢᠳ᠎ᠦᠨ ᠦᠵᠡᠰᠭᠦᠯᠡᠩ᠎ᠢ ᠰᠣᠨᠢᠷᠬᠠᠬᠤ ᠦᠶ᠎ᠡ᠎ᠶ᠋ᠢᠨ ᠲᠦᠷᠦᠭᠳᠡᠯ᠎ᠢ ᠭᠦᠨᠵᠡᠭᠡᠢᠷᠡᠭᠦᠯᠵᠦ᠂ 《ᠬᠣᠯᠪᠣᠭᠠᠯᠠᠨ ᠳᠡᠯᠭᠡᠨ ᠦᠵᠡᠭᠦᠯᠬᠦ᠌᠂ ᠬᠣᠯᠪᠣᠭᠠᠯᠠᠨ ᠰᠤᠷᠤᠯᠴᠠᠬᠤ᠂ ᠬᠣᠯᠪᠣᠭᠠᠯᠠᠨ ᠪᠤᠯᠪᠠᠰᠤᠷᠠᠬᠤ᠂ ᠬᠣᠯᠪᠣᠭᠠᠯᠠᠨ ᠵᠢᠭᠤᠯᠴᠢᠯᠠᠬᠤ 》 ᠬᠠᠷᠠᠯᠲᠠ᠎ᠶ᠋ᠢ ᠪᠡᠶᠡᠯᠡᠭᠦᠯᠪᠡ᠃

ᠪᠠ ᠯᠠᠩ ᠵᠡᠭᠡᠯᠢ ᠵᠢᠨ ᠰᠦᠨᠢ ᠵᠢᠨ ᠦᠵᠡᠮᠵᠢ᠃
ᠲᠦᠪᠡᠳ᠎ᠤᠨ ᠡᠳᠦᠷ᠎ᠤᠨ ᠰᠤᠨᠢᠨ᠎ᠤ ᠰᠤᠷᠪᠤᠯᠵᠢᠯᠠᠭᠴᠢ ᠴᠸᠨ ᠪᠦᠸᠸ ᠸᠸᠨ ᠫᠤᠨᠭᠰᠤᠬᠰᠡᠷᠡᠨᠭ ᠰᠡᠭᠦᠳᠡᠷᠯᠡᠪᠡ
ᠭᠠᠯᠠ ᠲᠣᠰᠭᠣᠨ᠎ᠤ ᠰᠦᠷ ᠵᠢᠪᠬᠤᠭᠠᠲᠤ ᠲᠥᠪᠡᠳ ᠮᠠᠶᠢᠭ᠎ᠤᠨ ᠣᠷᠣᠨ ᠰᠠᠭᠤᠴᠠ ᠨᠢ ᠰᠣᠷᠭᠣᠭ ᠴᠡᠴᠡᠭ ᠪᠣᠯᠤᠨ ᠵᠢᠮᠢᠰ᠎ᠦᠨ ᠮᠣᠳᠣᠨ᠎ᠳᠤ ᠬᠠᠯᠬᠠᠯᠠᠭ᠍ᠳᠠᠵᠤ᠂ ᠭᠡᠷ᠎ᠦᠨ ᠡᠳ᠋ᠯᠡᠯ ᠴᠠᠬᠢᠯᠭᠠᠨ ᠬᠡᠷᠡᠭ᠌ᠰᠡᠯ ᠪᠦᠷᠢᠨ ᠪᠠᠢᠵᠤ᠂ ᠲᠦᠭᠡᠭᠡᠯ ᠤᠰᠤ᠂ ᠰᠦᠯᠵᠢᠶ᠎ᠡ ᠲᠠᠢ ᠪᠤᠯᠵᠤ᠂ ᠵᠢᠵᠢᠭ ᠮᠠᠱᠢᠨ ᠲᠡᠷᠭᠡ ᠨᠡᠩ᠎ᠴᠦ ᠭᠠᠵᠠᠷ ᠰᠠᠢ ᠦᠭᠡᠢ ᠬᠠᠷᠠᠭ᠍ᠳᠠᠵᠤ᠂ ᠲᠣᠰᠭᠣᠨ᠎ᠤ ᠠᠷᠠᠳ ᠣᠳᠣᠬᠢᠴᠢᠯᠠᠭ᠍ᠰᠠᠨ ᠠᠮᠢᠳᠤᠷᠠᠯ᠎ᠢ ᠡᠳ᠋ᠯᠡᠬᠦ ᠪᠤᠯᠪᠠ᠃
《ᠡᠨᠡ ᠬᠡᠳᠦᠨ ᠵᠢᠯ᠎ᠳᠦ᠂ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ ᠴᠢᠷᠮᠠᠢᠨ ᠲᠡᠮᠡᠴᠡᠵᠦ᠂ ᠣᠲᠣ ᠲᠣᠰᠭᠣᠨ᠎ᠳᠤ ᠵᠢᠭᠤᠯᠴᠢᠯᠠᠯ᠎ᠤᠨ ᠦᠶ᠋ᠯᠡᠰ᠎ᠢ ᠬᠥᠭ᠌ᠵᠢᠭᠦᠯᠬᠦ᠌᠎ᠡᠴᠡ ᠭᠠᠳᠠᠨ᠎ᠠ ᠪᠠᠰᠠ ᠲᠣᠰᠭᠣᠨ᠎ᠤ ᠲᠡᠭᠡᠭᠡᠪᠦᠷᠢ᠎ᠶ᠋ᠢᠨ ᠠᠩᠭᠢ᠎ᠶ᠋ᠢ ᠵᠣᠬᠢᠶᠠᠨ ᠪᠠᠢᠭᠤᠯᠵᠤ᠂ ᠬᠡᠳᠦᠨ ᠠᠷᠠᠳ᠎ᠤᠨ ᠪᠠᠭᠤᠳᠠᠯ᠎ᠢ ᠪᠠᠢᠭᠤᠯᠵᠤ᠂ ᠵᠢᠮᠢᠰ ᠲᠡᠭᠦᠬᠦ᠌ ᠬᠦᠷᠢᠶᠡᠯᠡᠩ ᠵᠡᠷᠭᠡ ᠠᠵᠤ ᠦᠶ᠋ᠯᠡᠰ᠎ᠢ ᠨᠡᠭᠡᠭᠡᠨ ᠬᠥᠭ᠌ᠵᠢᠭᠦᠯᠵᠦ᠍᠂ ᠲᠣᠰᠭᠣᠨ᠎ᠤ ᠠᠷᠠᠳ᠎ᠤᠨ ᠣᠷᠣᠯᠭ᠎ᠠ ᠶᠠᠪᠤᠬᠤ ᠲᠤᠲᠤᠮ ᠥᠨᠳᠥᠷ ᠪᠣᠯᠵᠣ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠯᠬᠤᠭ᠎ᠠ ᠶᠠᠪᠤᠬᠤ ᠲᠤᠲᠤᠮ ᠲᠦᠷᠭᠡᠳᠴᠦ᠍᠂ ᠶᠠᠪᠤᠬᠤ ᠲᠤᠲᠤᠮ ᠲᠣᠭ᠍ᠲᠠᠭᠤᠨ ᠪᠣᠯᠵᠣ ᠪᠠᠢᠨ᠎ᠠ》 ᠭᠡᠵᠦ᠍ ᠪᠢᠮᠪᠠ ᠪᠠᠶᠠᠷᠲᠠᠢ ᠶᠠᠷᠢᠨ᠎ᠠ᠃ ᠡᠢᠨᠬᠦ ᠬᠥᠳᠡᠭᠡ ᠲᠣᠰᠭᠣᠨ ᠦᠵᠡᠰᠭᠦᠯᠡᠩᠲᠦ ᠰᠠᠢᠬᠠᠨ᠂ ᠠᠷᠠᠳ ᠤᠯᠠᠨ ᠪᠠᠶᠠᠨ ᠴᠢᠨᠡᠭᠡᠯᠢᠭ᠂ ᠠᠵᠤ ᠦᠢᠯᠡᠰ ᠬᠥᠭ᠌ᠵᠢᠭ᠌ᠰᠡᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢᠷᠤᠭ ᠡᠨᠳᠡ ᠵᠢᠷᠤᠭᠯᠠᠭᠳᠠᠨ᠎ᠠ᠃
ᠨᠢᠩᠰᠢᠶᠠ ᠄ ᠰᠠᠢᠨ ᠲᠤᠷ᠎ᠠ ᠢ᠋ᠢᠨ ᠦᠢᠯᠡᠴᠢᠯᠡᠭᠡ ᠪᠡᠷ ᠴᠢᠨᠡᠭᠡᠯᠢᠭ ᠠᠮᠢᠳᠤᠷᠠᠯ ᠳᠠᠭᠠᠨ ᠬᠥᠴᠤ ᠨᠡᠮᠡᠷᠢᠯᠠᠨ᠎ᠠ
2 ᠰᠠᠷ᠎ᠠ᠎ᠶᠢᠨ 24᠎ᠤ᠋ ᠡᠳᠦᠷ ᠂ ᠴᠠᠰᠤᠨ᠎ᠤ ᠳᠠᠷᠠᠭ᠎ᠠ ᠲᠡᠭᠷᠢ ᠲᠤᠩᠭᠠᠯᠠᠭᠰᠢᠮᠠᠬᠴᠠ ᠸᠠᠩ ᠯᠠᠨ ᠬᠤᠸᠠ 《ᠠᠩᠬᠢᠯᠤᠮ᠎ᠠ ᠴᠠᠭᠢᠷᠮ᠎ᠠ》 ᠰᠠᠢᠨ ᠲᠤᠷ᠎ᠠ ᠢ᠋ᠢᠨ ᠦᠢᠯᠡᠴᠢᠯᠡᠭᠡᠨ᠎ᠤ ᠠᠩᠬᠢ ᠢ᠋ᠢᠨ ᠰᠠᠢᠨ ᠳᠤᠷᠠᠴᠤᠳ ᠢ᠋ᠢᠡᠨ ᠳᠠᠭᠠᠭᠤᠯᠤᠨ ᠨᠡᠢᠭᠡᠮ ᠲᠣᠭᠣᠷᠢᠭ᠋᠎ᠤᠨ ᠬᠤᠷᠠᠭᠰᠠᠨ ᠴᠠᠰᠤ᠎ᠶᠢ ᠴᠡᠪᠡᠷᠯᠡᠪᠡ᠃

ᠸᠠᠩ ᠯᠠᠨ ᠬᠤᠸᠠ ᠰᠠᠢᠨ ᠲᠤᠷᠠᠴᠤᠳ ᠢ᠋ᠢᠡᠨ ᠲᠠᠭᠠᠭᠤᠯᠤᠨ ᠰᠠᠭᠤᠭᠠᠯᠢ ᠠᠷᠠᠳ᠎ᠤᠨ ᠬᠡᠷ ᠲᠸ᠋ ᠬᠦᠷᠴᠦ ᠨᠡᠢᠭᠡᠮ᠎ᠤᠨ ᠪᠠᠢᠲᠠᠯ ᠠᠷᠠᠳ᠎ᠤᠨ ᠰᠠᠨᠠᠭ᠎ᠠ ᠵᠢ ᠤᠢᠯᠠᠭᠠᠨ᠎ᠠ᠃
ᠨᠢᠩᠰᠢᠶᠠ ᠢ᠋ᠢᠨ ᠡᠲᠦᠷ᠎ᠤᠨ ᠰᠤᠨᠢᠨ᠎ᠤ ᠰᠤᠷᠪᠤᠯᠵᠢᠯᠠᠬᠴᠢ ᠵᠠᠩ ᠬᠦᠸᠸ ᠴᠠᠩ ᠰᠡᠭᠦᠲᠡᠷᠯᠡᠪᠡ
ᠡᠨᠡ ᠵᠢᠯ 73 ᠨᠠᠰᠤᠲᠠᠢ ᠸᠠᠩ ᠯᠠᠨ ᠬᠤᠸᠠ 2005 ᠣᠨ᠎ᠳᠤ ᠬᠠᠯᠠᠭᠤᠨ ᠰᠡᠳᠬᠢᠯᠳᠠᠳᠤᠨ ᠳᠤᠭᠤᠢᠯᠠᠩ᠎ᠢ ᠪᠠᠢᠭᠤᠯᠵᠤ ᠂ ᠤᠳᠤ ᠪᠣᠯᠲᠠᠯ᠎ᠠ ᠨᠢᠭᠡᠨᠲᠡ 19 ᠵᠢᠯ ᠰᠠᠢᠨ ᠳᠤᠷ᠎ᠠ᠎ᠶᠢᠨ ᠦᠢᠯᠡᠴᠢᠯᠡᠭᠡ ᠦᠷᠨᠢᠭᠦᠯᠵᠦ᠂ ᠨᠡᠢ᠍ᠢᠲᠡ 120 ᠲᠦᠮᠡᠨ ᠲᠥᠭᠥᠷᠢᠭ᠎ᠦᠨ ᠬᠠᠢᠷ᠎ᠠ ᠬᠠᠯᠠᠮᠵᠢ᠎ᠶᠢᠨ ᠪᠡᠯᠡ ᠮᠥᠩᠭᠥ ᠴᠤᠭᠯᠠᠭᠤᠯᠵᠤ᠂ ᠡᠯ᠎ᠡ ᠵᠦᠢᠯ᠎ᠦᠨ ᠬᠦᠴᠢᠷ ᠠᠰᠠᠭᠤᠳᠠᠯ᠎ᠢ 7000 ᠭᠠᠷᠤᠢ ᠰᠢᠢᠳᠪᠦᠷᠢᠯᠡᠵᠦ᠂ ᠡᠯ᠎ᠡ ᠵᠦᠢᠯ᠎ᠦᠨ ᠵᠥᠷᠢᠴᠡᠯ ᠵᠠᠭᠤᠷᠠᠯᠳᠤᠭᠠᠨ᠎ᠢ 600 ᠭᠠᠷᠤᠢ ᠤᠳᠠᠭ᠎ᠠ ᠡᠶᠡᠳᠡᠭᠦᠯᠪᠡ᠃ 2020 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠦᠵᠦ᠋ᠩ ᠬᠤᠳᠠ᠎ᠶᠢᠨ ᠯᠢᠲ᠋ᠦ᠋ᠩ ᠲᠣᠭᠣᠷᠢᠭ᠋᠎ᠤᠨ ᠵᠢᠨ ᠰᠢᠩ ᠪᠠᠯᠭᠠᠰᠤ᠎ᠶᠢᠨ ᠵᠢᠨ ᠬᠤᠸᠠ ᠶᠤᠸᠠᠨ ᠨᠡᠢᠭᠡᠮ ᠲᠣᠭᠣᠷᠢᠭ᠋᠎ᠲᠤ ᠰᠢᠨᠵᠢᠯᠡᠨ ᠪᠠᠢᠴᠠᠭᠠᠬᠤ ᠦᠶ᠎ᠡ᠎ᠳᠤ ᠂ ᠸᠠᠩ ᠯᠠᠨ ᠬᠤᠸᠠ ᠶᠡᠷᠦᠩᠬᠡᠢ ᠱᠦᠵᠢ᠎ᠳᠦ ᠨᠡᠢᠭᠡᠮ ᠲᠣᠭᠣᠷᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠦᠭᠰᠡᠨ ᠪᠠᠢᠳᠠᠯᠢ᠋ᠢᠡᠨ ᠲᠠᠨᠢᠯᠴᠠᠭᠤᠯᠤᠬᠰᠠᠨ ᠪᠢᠯᠡ᠃
2000 ᠤᠨ ᠡᠴᠡ ᠬᠤᠢᠰᠢ ᠲᠦᠷᠦᠭᠰᠡᠨ ᠾᠧ ᠬᠤᠢ ᠢᠦᠢ ᠪᠣᠯ 《ᠠᠩᠬᠢᠯᠤᠮ᠎ᠠ ᠴᠠᠭᠢᠷᠮ᠎ᠠ》 ᠵᠢᠨ 《ᠠᠬᠠᠮᠠᠳ》 ᠰᠠᠢᠨ ᠲᠤᠷᠠᠴᠤᠤᠯ ᠪᠣᠯᠣᠨ᠎ᠠ᠃ 2021 ᠣᠨ᠎ᠳᠤ ᠸᠠᠩ ᠯᠠᠨ ᠬᠤᠸᠠ᠎ᠶᠢᠨ ᠲᠡᠷᠢᠭᠦᠨ᠎ᠦ ᠦᠢᠯᠡ ᠠᠵᠢᠯᠯᠠᠭ᠎ᠠ᠎ᠶᠢ ᠣᠢᠯᠠᠭᠠᠭᠰᠠᠨ᠎ᠤ ᠳᠠᠷᠠᠭ᠎ᠠ ᠲᠡᠷᠡ ᠰᠠᠢᠨ ᠳᠤᠷ᠎ᠠ᠎ᠶᠢᠨ ᠦᠢᠯᠡᠴᠢᠯᠡᠭᠡ ᠬᠢᠬᠦ ᠢᠲᠡᠭᠡᠯ ᠵᠣᠷᠢᠭ᠋᠎ᠢᠶᠠᠨ ᠪᠠᠲᠤᠳᠬᠠᠪᠠ᠃ 《ᠲᠤᠬᠠᠢ ᠶ᠋ᠢᠨ ᠦᠶ᠎ᠡ᠎ᠳᠦ ᠪᠢ ᠲᠠᠷᠤᠢ ᠠᠮᠠᠷᠠᠯᠲᠠ ᠶ᠋ᠢᠨ ᠴᠠᠬ ᠢ᠋ᠢᠡᠨ ᠠᠰᠢᠭ᠍ᠯᠠᠨ ᠰᠠᠢᠨ ᠳᠤᠷ᠎ᠠ ᠶ᠋ᠢᠨ ᠦᠢᠯᠡᠴᠢᠯᠡᠭᠡᠨ᠎ᠦ ᠠᠵᠢᠯᠯᠠᠭ᠎ᠠ ᠬᠢᠵᠦ᠂ ᠨᠡᠩ ᠣᠯᠠᠨ ᠣᠶᠤᠲᠠᠨ ᠢ᠋ ᠳᠠᠶ᠋ᠢᠴᠢᠯᠠᠨ ᠰᠠᠢᠨ ᠳᠤᠷ᠎ᠠ ᠶ᠋ᠢᠨ ᠦᠢᠯᠡᠴᠢᠯᠡᠭᠡᠨ᠎ᠳᠦ ᠢᠳᠡᠪᠬᠢᠲᠡᠢ ᠣᠷᠣᠯᠴᠠᠭᠤᠯᠬᠤ᠎ᠪᠠᠷ ᠵᠣᠷᠢᠭ᠋ ᠰᠢᠭᠤᠳᠤᠭᠰᠠᠨ ᠶᠤᠮ》 ᠭᠡᠵᠦ ᠾᠧ ᠬᠤᠢ ᠢᠦᠢ ᠬᠡᠯᠡᠪᠡ᠃
ᠯᠢᠲ᠋ᠦ᠋ᠩ ᠲᠣᠭᠣᠷᠢᠭ᠋᠎ᠤᠨ ᠰᠠᠭᠤᠭᠠᠯᠢ ᠠᠷᠠᠳ ᠮᠠ ᠵᠢᠩ ᠲᠤᠰᠠᠯᠠᠮᠵᠢ ᠭᠥᠷᠳᠡᠭᠰᠡᠨᠦ ᠳᠠᠷᠠᠭ᠎ᠠ ᠪᠠᠰᠠ ᠪᠤᠰᠤᠳ᠎ᠢ ᠬᠠᠪᠰᠤᠷᠬᠤ᠎ᠪᠠᠷ ᠰᠢᠢᠳᠴᠦ᠂ ᠤᠳᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢᠨ ᠲᠤᠰᠠᠯᠠᠭ᠍ᠴᠢ ᠪᠣᠯᠪᠠ᠃ 2024 ᠣᠨ᠎ᠤ ᠴᠠᠭᠠᠨ ᠰᠠᠷ᠎ᠠ ᠡᠴᠡ ᠡᠮᠦᠨ᠎ᠡ ᠂ ᠮᠠ ᠵᠢᠩ ᠬᠡᠳᠦᠨ ᠰᠠᠢᠨ ᠳᠤᠷᠠᠴᠤᠳ᠎ᠲᠠᠢ 30 ᠡᠷᠦᠬᠡ ᠶᠠᠳᠠᠭᠤ ᠬᠦᠴᠢᠷᠳᠡᠯᠲᠡᠢ ᠭᠡᠷ ᠪᠦᠯᠢ᠎ᠳᠦ ᠲᠤᠲᠤᠷᠭ᠎ᠠ ᠭᠤᠯᠢᠷ ᠲᠣᠰᠣ᠌ ᠬᠦᠷᠭᠡᠬᠦ᠎ᠳᠤ᠂ ᠬᠠᠷᠠᠭ᠎ᠠ᠎ᠪᠠᠨ ᠠᠯᠳᠠᠭᠰᠠᠨ ᠭᠤᠤ ᠪᠦᠦ ᠢᠦᠢ ᠮᠠ ᠵᠢᠩ᠎ᠢ ᠲᠠᠳᠠᠵᠦ ᠪᠠᠢᠨ ᠲᠠᠬᠢᠨ ᠲᠠᠯᠠᠷᠬᠠᠯ ᠵᠢᠡᠨ ᠢᠯᠡᠳᠭᠡᠵᠦ ᠪᠠᠢᠪᠠ᠃

ᠡᠯᠡᠰᠦᠨ ᠴᠥᠯ᠎ᠦᠨ ᠤᠳᠤᠳ᠎ᠤᠨ ᠪᠠᠭᠤᠳᠠᠯ ᠢ ᠨᠢᠩᠰᠢᠶᠠ᠎ᠶᠢᠨ 《ᠣᠳᠣᠳ᠎ᠤᠨ ᠨᠤᠲᠤᠭ》 ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠢ ᠡᠭᠦᠳᠬᠦ ᠠᠵᠠ ᠲᠣᠬᠢᠶᠠᠯ᠎ᠢ ᠠᠰᠢᠭ᠍ᠯᠠᠨ ᠥᠪᠡᠷᠮᠢᠴᠨ ᠤᠨᠴᠠᠯᠢᠭ ᠪᠥᠬᠥᠢ ᠪᠠᠢᠭᠠᠯᠢ ᠵᠢᠨ ᠡᠬᠢ ᠪᠡᠶᠠᠯᠢᠭ ᠲᠤ᠌ ᠲᠥᠰᠢᠭᠯᠡᠨ ᠪᠠᠢᠭᠤᠯᠪᠠ᠃
ᠨᠢᠩᠰᠢᠶᠠ ᠢ᠋ᠢᠨ ᠡᠲᠦᠷ᠎ᠤᠨ ᠰᠤᠨᠢᠨ᠎ᠤ ᠰᠤᠷᠪᠤᠯᠵᠢᠯᠠᠬᠴᠢ ᠸᠠᠩ ᠳ᠋ᠢᠩ ᠰᠡᠭᠦᠲᠡᠷᠯᠡᠪᠡ
ᠦᠵᠦ᠋ᠩ ᠬᠤᠳᠠ᠎ᠳᠤ᠂ ᠡᠢᠮᠦᠷᠬᠦᠦ ᠰᠡᠳᠬᠢᠯ ᠬᠥᠳᠡᠯᠭᠡᠮ᠎ᠡ ᠦᠵᠡᠭᠳᠡᠯ ᠲᠣᠭᠠᠯᠠᠭᠠᠳ ᠪᠠᠷᠠᠰᠢ ᠦᠭᠡᠢ ᠤᠯᠠᠨ ᠪᠠᠢᠬᠤ ᠶᠤᠮ᠃
《ᠶᠡᠷᠦᠩᠬᠡᠢ ᠱᠦᠵᠢ ᠪᠢᠳᠡᠨ᠎ᠦ ᠰᠠᠢᠨ ᠳᠤᠷ᠎ᠠ᠎ᠶᠢᠨ ᠦᠢᠯᠡᠴᠢᠯᠡᠭᠡ᠎ᠶᠢ ᠮᠠᠭᠲᠠᠨ ᠰᠠᠢᠰᠢᠶᠠᠭᠰᠠᠨᠢ ᠪᠢᠳᠡ ᠨᠢᠭᠡ ᠮᠥᠴᠡ ᠴᠦ᠍ ᠮᠠᠷᠲᠠᠭᠰᠠᠨ ᠦᠭᠡᠢ》᠃ ᠶᠡᠷᠦᠩᠬᠡᠢ ᠱᠦᠵᠢ᠎ᠶᠢᠨ ᠨᠠᠶ᠋ᠢᠳᠠᠯᠭ᠎ᠠ ᠨᠢ ᠲᠡᠭᠦᠨ᠎ᠳᠤ ᠲᠠᠯ᠎ᠠ ᠭᠠᠷᠤᠬᠰᠠᠨ ᠪᠤᠯᠪᠠᠴᠤ ᠮᠥᠨᠬᠦ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠮᠦᠨ᠎ᠡ ᠹᠷᠣᠨᠲ᠎ᠲᠤ ᠲᠡᠮᠡᠦᠯᠬᠦ ᠬᠥᠳᠡᠯᠭᠡᠬᠦ ᠬᠦᠴᠦᠨ ᠣᠯᠭᠣᠭᠰᠠᠨ ᠶᠤᠮ ᠭᠡᠵᠦ ᠸᠠᠩ ᠯᠠᠨ ᠬᠤᠸᠠ ᠬᠡᠯᠡᠨ᠎ᠠ᠃
3 ᠵᠢᠯ ᠭᠠᠷᠤᠢ᠎ᠶᠢᠨ ᠲᠤᠷᠰᠢ᠂ ᠦᠵᠦ᠋ᠩ ᠬᠤᠳᠠ᠎ᠶᠢᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ᠎ᠶᠢᠨ ᠫᠢᠩ᠎ᠤᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ 《ᠠᠩᠬᠢᠯᠤᠮ᠎ᠠ ᠴᠠᠬᠢᠷᠮ᠎ᠠ》 《ᠤᠯᠠᠭᠠᠨ ᠡᠪᠡᠰᠦᠨ ᠮᠠᠯᠠᠭᠠᠢ》 ᠵᠡᠷᠭᠡ 38 ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠦᠷᠦᠯ ᠲᠡᠮᠳᠡᠭ᠎ᠢ ᠴᠤᠬᠴᠠᠯᠠᠬᠰᠠᠨ ᠮᠦᠷᠲᠡᠭᠡᠨ ᠪᠠᠰᠠ ᠨᠢᠭᠡ ᠪᠦᠯᠦᠭ ᠰᠠᠢᠨ ᠳᠤᠷ᠎ᠠ᠎ᠶᠢᠨ ᠦᠢᠯᠡᠴᠢᠯᠡᠭᠡᠨ᠎ᠦ ᠰᠢᠨ᠎ᠡ ᠬᠦᠴᠦᠨ᠎ᠢ ᠪᠤᠢ ᠪᠣᠯᠭᠠᠪᠠ᠃ ᠡᠭᠦᠨ᠎ᠡᠴᠡ ᠭᠠᠳᠠᠨ᠎ᠠ᠂ ᠦᠵᠦ᠋ᠩ ᠬᠣᠲᠠ ᠶ᠋ᠢᠨ 9 ᠲᠡᠷᠢᠭᠦᠨ᠎ᠦ ᠨᠡᠢᠲᠡᠯᠢᠭ ᠵᠢᠱ᠌ᠢᠶ᠎ᠡ ᠪᠦᠬᠦ ᠤᠯᠤᠰ᠎ᠤᠨ ᠯᠧᠢ ᠹᠧᠩ ᠡᠴᠡ ᠰᠤᠷᠤᠯᠴᠠᠬᠤ ᠰᠠᠢᠨ ᠳᠤᠷ᠎ᠠ ᠶ᠋ᠢᠨ ᠦᠢᠯᠡᠴᠢᠯᠡᠭᠡᠨ᠎ᠦ 《ᠳᠥᠷᠪᠡᠨ 100》 ᠳ᠋ᠤ ᠰᠣᠩᠭᠣᠭᠳᠠᠨ᠂ 12 ᠲᠥᠷᠥᠯ ᠵᠦᠢᠯ ᠨᠢ ᠪᠦᠬᠦ ᠤᠯᠤᠰ᠎ᠲᠤ ᠠᠯᠲᠠ ᠮᠥᠩᠭᠥᠨ ᠱᠠᠩᠨᠠᠯ ᠬᠦᠷᠲᠡᠵᠡᠢ᠃ 2023 ᠣᠨ᠎ᠤ ᠡᠴᠦᠰ ᠪᠣᠯᠲᠠᠯ᠎ᠠ᠂ ᠦᠵᠦ᠋ᠩ ᠬᠣᠲᠠ᠎ᠶᠢᠨ ᠳᠠᠩᠰᠠᠯᠠᠭᠤᠯᠤᠭᠰᠠᠨ ᠰᠠᠢᠨ ᠳᠤᠷᠠᠴᠤᠳ 31.42 ᠲᠦᠮᠡ᠎ᠳᠦ ᠬᠦᠷᠴᠦ᠂ ᠪᠠᠢᠩᠭᠤ ᠰᠠᠭᠤᠭ᠎ᠠ ᠬᠥᠮᠥᠨ ᠠᠮᠠ᠎ᠶᠢᠨ 22.7%᠎ᠶᠢ ᠡᠵᠡᠯᠡᠪᠡ᠃
ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠨᠢ ᠨᠢᠩᠰᠢᠶᠠ᠎ᠶᠢᠨ ᠢᠷᠭᠠᠢ ᠬᠤᠲᠠ ᠢ᠋ᠢᠨ ᠾᠧᠯᠠᠨ ᠰᠢᠶᠠᠨ᠎ᠤ ᠴᠠᠩ ᠰᠢᠨ ᠰᠢᠶᠠᠩ᠎ᠤᠨ ᠰᠧ ᠱᠢ ᠯᠢ ᠳ᠋ᠢᠶᠠᠨ ᠲᠣᠰᠬᠣᠨ᠎ᠳᠤ ᠪᠠᠢᠷᠢᠯᠠᠵᠤ ᠂ 2600 ᠮᠦ᠍ ᠭᠠᠵᠠᠷ ᠡᠵᠡᠯᠡᠵᠦ᠂ ᠲᠣᠰᠬᠣᠨ᠎ᠤ ᠲᠦᠷᠪᠡᠨ ᠬᠣᠷᠰᠢᠶᠠᠨ᠎ᠤ ᠲᠠᠷᠢᠶᠠᠴᠢᠳ ᠭᠠᠵᠠᠷ ᠰᠢᠷᠣᠢ᠎ᠪᠠᠷ ᠵᠢᠡᠨ ᠬᠤᠪᠢᠴᠠᠭ᠎ᠠ ᠤᠷᠤᠵᠦ᠂ ᠣᠲᠣ᠌ ᠦᠶ᠎ᠡ᠎ᠶᠢᠨ ᠬᠣᠲᠠ᠎ᠶᠢᠨ ᠲᠠᠷᠢᠶᠠᠯᠠᠩ᠎ᠤᠨ ᠬᠥᠭᠵᠢᠯᠲᠡ᠎ᠶᠢᠨ ᠥᠯᠢᠭᠡᠷ ᠵᠢᠱ᠌ᠢᠶ᠎ᠡ ᠵᠢ ᠪᠤᠢ ᠪᠤᠯᠭᠠᠵᠠᠢ᠃ 2020 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠢ᠋ᠢᠡᠷ ᠰᠢᠨᠵᠢᠯᠡᠨ ᠪᠠᠢᠴᠠᠭᠠᠪᠠ᠃
《ᠪᠢᠳᠡ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠂ ᠲᠠᠷᠢᠶᠠᠯᠠᠩ ᠪᠠ ᠵᠢᠭᠤᠯᠴᠢᠯᠠᠯ ᠢ᠋ ᠠᠭᠤᠰᠤᠯᠴᠠᠭᠤᠯᠤᠭᠰᠠᠨ ᠤᠳᠤ ᠦᠶ᠎ᠡ᠎ᠶᠢᠨ ᠲᠠᠷᠢᠶᠠᠯᠠᠩ᠎ᠢ ᠲᠦᠷᠭᠡᠨ ᠬᠥᠭᠵᠢᠭᠦᠯᠵᠦ᠂ ᠲᠤᠲᠤᠷᠭ᠎ᠠ ᠪᠠ ᠤᠰᠤᠨ᠎ᠤ ᠵᠥᠷᠢᠴᠡᠯ᠎ᠢ ᠬᠡᠷᠬᠢᠨ ᠰᠠᠢᠲᠤᠷ ᠰᠢᠢᠳᠪᠦᠷᠢᠯᠡᠬᠦ ᠲᠤᠬᠠᠢ ᠢᠳᠡᠪᠬᠢᠲᠡᠢ ᠰᠦᠪᠡᠭᠴᠢᠯᠡᠪᠡ》ᠭᠡᠵᠦ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠤᠨ ᠬᠠᠷᠢᠭᠤᠴᠠᠯᠭᠠᠲᠠᠨ᠂ ᠪᠦᠬᠦ ᠤᠯᠤᠰ᠎ᠤᠨ ᠲᠠᠷᠢᠶᠠᠯᠠᠩ᠎ᠤᠨ ᠬᠥᠳᠡᠯᠮᠦᠷᠢ᠎ᠶᠢᠨ ᠵᠢᠱ᠌ᠢᠶᠡᠴᠢ ᠵᠤᠤ ᠵᠢᠶᠠᠨ ᠸᠸᠨ ᠬᠡᠯᠡᠪᠡ᠃
ᠰᠧ ᠱᠢ ᠯᠢ ᠳ᠋ᠢᠶᠠᠨ ᠲᠣᠰᠬᠣᠨ᠎ᠤ ᠵᠠᠩ ᠱᠸ᠋ ᠶᠢᠩ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠳᠤ ᠨᠢᠭᠡᠨᠲᠡ 13 ᠵᠢᠯ ᠠᠵᠢᠯᠯᠠᠪᠠ᠂ 2020 ᠣᠨ ᠡᠴᠠ ᠡᠮᠦᠨ᠎ᠡ ᠂ ᠡᠨᠳᠡᠬᠢ ᠨᠢ ᠬᠡᠰᠡᠭ ᠪᠦᠷᠢ ᠨᠢ 1.5 ᠮᠦ᠍ ᠣᠷᠴᠢᠮ᠎ᠤᠨ ᠵᠢᠵᠢᠭ ᠲᠠᠷᠢᠶᠠᠨ ᠭᠠᠵᠠᠷ ᠪᠠᠢᠵᠤ᠂ ᠥᠨᠳᠥᠷ ᠪᠣᠭᠣᠨᠢ ᠨᠢ ᠲᠡᠭᠰᠢ ᠦᠭᠡᠢ ᠂ ᠲᠠᠷᠢᠶᠠᠨ ᠱᠠᠩ ᠤᠯᠠᠨ ᠪᠠᠢᠪᠠ᠃ 2020 ᠣᠨ᠎ᠤ ᠡᠪᠦᠯ᠂ ᠤᠯᠤᠰ᠎ᠤᠨ ᠭᠠᠵᠠᠷ ᠰᠢᠷᠣᠢ᠎ᠶᠢ ᠲᠡᠭᠰᠢᠯᠡᠨ ᠵᠠᠰᠠᠬᠤ ᠲᠦᠷᠦᠯ ᠵᠦᠢᠯ ᠢ᠋ᠢᠡᠷ᠂ 2000 ᠮᠦ᠍ ᠲᠠᠷᠢᠶᠠᠨ ᠭᠠᠵᠠᠷ᠎ᠢ ᠪᠦᠬᠦᠨ᠎ᠢ ᠲᠡᠭᠰᠢᠯᠡᠨ᠂ ᠵᠢᠵᠢᠭ ᠭᠡᠰᠡᠭ ᠲᠠᠢ ᠲᠠᠷᠢᠶᠠᠨ ᠭᠠᠵᠠᠷ᠎ᠢ ᠲᠤᠮᠤ ᠭᠡᠰᠡᠭ ᠲᠠᠢ ᠲᠠᠷᠢᠶᠠᠨ ᠭᠠᠵᠠᠷ ᠪᠣᠯᠭᠠᠬᠰᠠᠨ ᠮᠦᠷᠲᠡᠭᠡᠨ ᠲᠤᠲᠤᠷᠭ᠎ᠠ ᠵᠢᠭᠠᠰᠤᠨ᠎ᠤ ᠤᠰᠤᠨ᠎ᠤ ᠡᠷᠭᠢᠯᠲᠡ᠎ᠶᠢᠨ ᠰᠢᠰᠲᠧᠮ᠎ᠢ ᠰᠢᠨ᠎ᠡ᠎ᠪᠡᠷ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠦᠷᠭᠦᠯᠵᠢᠯᠡᠨ ᠠᠰᠢᠭ᠍ᠯᠠᠬᠤ᠎ᠶᠢ ᠲᠤᠷᠰᠢᠵᠤ᠂ ᠤᠳᠤ ᠦᠶ᠎ᠡ᠎ᠶᠢᠨ ᠲᠠᠷᠢᠶᠠᠯᠠᠩ ᠪᠠ ᠣᠶᠤᠨᠲᠤ ᠲᠠᠷᠢᠶᠠᠯᠠᠩ᠎ᠢ ᠬᠡᠷᠡᠭᠵᠢᠭᠦᠯᠬᠦ᠎ᠳᠦ ᠰᠠᠭᠤᠷᠢ ᠲᠠᠯᠪᠢᠵᠤ ᠥᠭᠴᠡᠢ᠃ 《ᠣᠳᠣ ᠲᠠᠷᠢᠶᠠᠨ ᠭᠠᠵᠠᠷ ᠲᠡᠭᠰᠢᠬᠡᠨ ᠪᠤᠯᠤᠬᠰᠠᠨ ᠪᠤᠯᠬᠤᠷ ᠬᠥᠮᠥᠨ᠎ᠦ ᠬᠦᠴᠦ᠎ᠪᠡᠷ ᠪᠣᠷᠳᠣᠭᠤᠷ ᠣᠷᠣᠭᠤᠯᠬᠤ᠂ ᠮᠠᠰᠢᠨ᠎ᠢᠶᠠᠷ ᠲᠠᠷᠢᠶᠠᠯᠠᠬᠤ᠎ᠳᠤ ᠴᠥᠮ ᠮᠠᠰᠢ ᠳᠥᠭᠥᠮ ᠪᠣᠯᠵᠠᠢ᠂ ᠦᠵᠡᠮᠵᠢ ᠨᠡᠩ ᠰᠠᠢᠨ ᠪᠣᠯᠤᠭᠰᠠᠨ᠎ᠢᠶᠠᠷ ᠪᠠᠷᠠᠬᠤ ᠦᠭᠡᠢ᠂ ᠣᠷᠣᠯᠭ᠎ᠠ ᠴᠤ᠌ ᠨᠡᠩ ᠠᠷᠪᠢᠨ ᠪᠣᠯᠵᠠᠢ》 ᠬᠡᠵᠦ ᠵᠠᠩ ᠱᠸ᠋ ᠶᠢᠩ ᠦᠨᠡᠨ ᠰᠡᠳᠬᠢᠯ᠎ᠡᠴᠡ᠎ᠪᠡᠨ ᠮᠠᠭᠲᠠᠨ᠎ᠠ᠃
ᠵᠣᠣ ᠵᠢᠶᠠᠨ ᠸᠸᠨ᠎ᠤ ᠦᠵᠡᠬᠦ᠎ᠪᠡᠷ᠂ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠤᠨ 3 ᠵᠢᠯ ᠭᠠᠷᠤᠢ ᠶ᠋ᠢᠨ ᠬᠠᠮᠤᠭ᠎ᠤᠨ ᠶᠡᠬᠡ ᠬᠤᠪᠢᠷᠠᠯᠲᠠ ᠨᠢ ᠣᠯᠠᠨ᠎ᠤ ᠬᠠᠷᠮᠠᠨ ᠢ᠋ ᠲᠦᠭᠲᠦᠢᠯᠭᠡᠭᠰᠡᠨᠳᠤ ᠪᠠᠢᠨ᠎ᠠ᠃ ᠲᠡᠷᠡ ᠰᠤᠷᠪᠤᠯᠵᠢᠯᠠᠭ᠍ᠴᠢ᠎ᠳᠤ᠂ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠨᠢ 2021 ᠣᠨ᠎ᠳᠤ 1000 ᠭᠠᠷᠤᠢ ᠲᠦᠮᠡᠨ ᠲᠥᠭᠥᠷᠢᠭ᠎ᠦᠨ ᠪᠡᠯᠡ ᠮᠥᠩᠭᠥ ᠭᠠᠷᠭᠠᠵᠤ᠂ 28 ᠰᠠᠭᠤᠷᠢ ᠭᠤᠷᠪᠠᠨ ᠦᠶ᠎ᠡ᠎ᠶᠢᠨ ᠨᠡᠷᠡᠨ ᠬᠡᠷᠡᠯ᠎ᠦᠨ ᠬᠦᠯᠡᠮᠵᠢ ᠪᠠᠢᠭᠤᠯᠵᠤ᠂ ᠬᠦᠯᠡᠮᠵᠢ ᠪᠦᠷᠢ ᠨᠢ 2 ᠮᠦ᠍ ᠭᠠᠷᠤᠢ ᠭᠠᠵᠠᠷ᠎ᠢ ᠡᠵᠡᠯᠡᠵᠦ᠂ ᠬᠤᠪᠢ ᠣᠷᠣᠭᠤᠯᠤᠭᠰᠠᠨ ᠬᠤᠷᠰᠢᠶᠠᠨ᠎ᠤ ᠭᠡᠰᠢᠭᠦᠳ᠎ᠲᠦ ᠪᠦᠬᠦᠨ᠎ᠢ ᠲᠦᠷᠢᠶᠡᠰᠦᠯᠡᠨ ᠥᠭᠴᠦ ᠢᠳᠡᠰᠢᠨ ᠨᠣᠭᠣᠭ᠎ᠠ ᠳᠠᠷᠢᠭᠤᠯᠤᠨ᠂ ᠮᠦ᠍ ᠪᠦᠷᠢ᠎ᠶᠢᠨ ᠣᠷᠣᠯᠭ᠎ᠠ ᠨᠢ ᠲᠠᠪᠤ ᠵᠢᠷᠭᠤᠭᠠᠨ ᠲᠦᠮᠡᠨ ᠲᠥᠭᠥᠷᠢᠭ᠎ᠲᠦ ᠬᠦᠷᠴᠡᠢ᠃ ᠭᠡᠲᠡᠯ᠎ᠡ ᠭᠠᠵᠠᠷ ᠰᠢᠷᠣᠢ᠎ᠪᠠᠷ ᠬᠤᠪᠢ ᠣᠷᠣᠭᠤᠯᠤᠭᠰᠠᠨ ᠲᠠᠷᠢᠶᠠᠴᠢᠳ᠎ᠤᠨ ᠠᠰᠢᠭ᠋ ᠣᠷᠣᠯᠭ᠎ᠠ ᠨᠢ ᠬᠠᠮᠤᠭ ᠤᠨ ᠠᠩᠬᠠᠨ᠎ᠤ ᠮᠦ᠍ ᠪᠦᠷᠢ᠎ᠳᠡᠭᠡᠨ ᠵᠢᠯ ᠪᠦᠷᠢ 40 ᠲᠥᠭᠥᠷᠢᠭ ᠪᠠᠢᠭᠰᠠᠨ ᠡᠴᠡ᠎ᠪᠠᠨ ᠥᠰᠦᠭᠡᠳ ᠣᠲᠣ᠌ ᠮᠦ᠍ ᠪᠦᠷᠢ᠎ᠳᠡᠭᠡᠨ ᠵᠢᠯ ᠪᠦᠷᠢ 124 ᠲᠥᠭᠥᠷᠢᠭ ᠪᠣᠯᠵᠠᠢ᠃ ᠡᠭᠦᠨ᠎ᠡᠴᠡ ᠭᠠᠳᠠᠨ᠎ᠠ ᠂ ᠠᠵᠤ ᠦᠢᠯᠡᠰ᠎ᠦᠨ ᠬᠦᠷᠢᠶᠡᠯᠡᠩ ᠨᠢ ᠵᠢᠯ ᠪᠦᠷᠢ ᠪᠠᠰᠠ ᠰᠧ ᠱᠢ ᠯᠢ ᠳ᠋ᠢᠶᠠᠨ ᠲᠣᠰᠬᠣᠨ᠎ᠳᠤ 50 ᠲᠦᠮᠡᠨ ᠲᠥᠭᠥᠷᠢᠭ᠎ᠦᠨ ᠠᠰᠢᠭ᠋ ᠬᠤᠪᠢᠶᠠᠷᠢᠯᠠᠵᠤ᠂ ᠲᠣᠰᠬᠣᠨ᠎ᠤ ᠬᠠᠮᠲᠤ᠎ᠶᠢᠨ ᠣᠷᠣᠯᠭ᠎ᠠ᠎ᠶᠢ ᠪᠤᠵᠠᠭᠠᠢᠷᠠᠭᠤᠯᠬᠤ᠎ᠳᠤ ᠬᠡᠷᠡᠭᠯᠡᠵᠦ ᠪᠠᠢᠨ᠎ᠠ ᠬᠡᠵᠦ ᠬᠡᠯᠡᠵᠡᠢ᠃
《ᠶᠡᠷᠦᠩᠬᠡᠢ ᠱᠦᠵᠢ ᠪᠢᠳᠡᠨ᠎ᠳᠦ ᠲᠠᠷᠢᠶᠠᠴᠢᠳ᠎ᠤᠨ ᠠᠰᠢᠭ᠋ ᠲᠤᠰᠠ᠎ᠶᠢ ᠪᠠᠲᠤᠯᠠᠬᠤ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠬᠤ ᠬᠡᠷᠡᠭᠲᠡᠢ ᠭᠡᠵᠦ ᠵᠠᠬᠢᠭ᠍ᠰᠠᠨ ᠶᠤᠮ᠂ ᠪᠢᠳᠡ ᠴᠠᠭ ᠢᠮᠠᠭᠲᠠ ᠪᠠᠲᠤ ᠴᠡᠭᠡᠵᠢᠯᠡᠨ᠎ᠡ᠃ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠤᠨ ᠬᠥᠭᠵᠢᠯᠲᠡ ᠪᠣᠯ ᠬᠠᠮᠲᠤ᠎ᠶᠢᠨ ᠬᠥᠭᠵᠢᠯᠲᠡ ᠮᠥᠨ᠂ ᠲᠤᠲᠤᠷᠭ᠎ᠠ ᠵᠢᠭᠠᠰᠤᠨ᠎ᠤ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠤᠨ ᠴᠢᠨᠡᠭᠡᠯᠢᠭᠵᠢᠯ ᠪᠣᠯ ᠬᠠᠮᠲᠤ᠎ᠶᠢᠨ ᠴᠢᠨᠡᠭᠡᠯᠢᠭᠵᠢᠯ ᠮᠥᠨ᠂ ᠡᠨᠡ ᠪᠣᠯ ᠪᠢᠳᠡᠨ᠎ᠦ ᠬᠤᠪᠢᠷᠠᠰᠢ ᠦᠭᠡᠢ ᠬᠥᠭᠡᠭᠡᠴᠡᠯᠳᠦᠯ ᠮᠥᠨ》 ᠭᠡᠵᠦ ᠵᠤᠤ ᠵᠢᠶᠠᠨ ᠸᠸᠨ ᠬᠡᠯᠡᠪᠡ᠃
ᠰᠢᠨᠵᠢᠶᠠᠩ ᠄ ᠠᠮᠲᠠᠲᠤ ᠵᠢᠮᠢᠰ ᠢ᠋ ᠰᠠᠢᠲᠦᠷ ᠲᠠᠷᠢᠵᠦ ᠵᠢᠷᠭᠠᠯ ᠤᠨ ᠵᠠᠮ᠎ᠢ᠋ ᠨᠡᠭᠡᠭᠡᠨ᠎ᠡ
2 ᠰᠠᠷ᠎ᠠ᠎ᠶᠢᠨ 26 ᠤ᠋ ᠦᠷᠯᠦᠭᠡ ᠡᠷᠲᠡ᠂ ᠦᠷᠦᠮᠴᠢ ᠬᠤᠳᠠ᠎ᠶᠢᠨ ᠲᠢᠶᠠᠨᠱᠠᠨ ᠲᠣᠭᠣᠷᠢᠭ᠋᠎ᠤᠨ ᠡᠯ ᠳ᠋ᠣᠣ ᠴᠢᠶᠣᠤ ᠵᠡᠭᠡᠯᠢ ᠭᠤᠳᠤᠮᠵᠢ᠎ᠶᠢᠨ ᠬᠦ ᠶᠤᠸᠠᠨ ᠰᠢᠶᠠᠡᠭ ᠨᠡᠢᠭᠡᠮ ᠲᠣᠭᠣᠷᠢᠭ᠋᠎ᠲᠤ ᠠᠬᠠᠮᠠᠳ ᠨᠠᠮ᠎ᠤᠨ ᠭᠡᠰᠢᠭᠦᠨ᠂ ᠣᠶᠤᠲᠠᠨ᠂ ᠬᠠᠷᠢᠶ᠎ᠠ ᠲᠣᠭᠣᠷᠢᠭ᠋᠎ᠤᠨ ᠬᠤᠳᠠᠯᠳᠤᠭᠠᠴᠢᠨ ᠡᠷᠦᠬᠡ᠂ ᠬᠠᠷᠢᠶ᠎ᠠ ᠲᠣᠭᠣᠷᠢᠭ᠋᠎ᠤᠨ ᠪᠠᠢᠭᠤᠯᠭ᠎ᠠ ᠨᠢᠭᠡᠴᠢ᠎ᠶᠢᠨ ᠲᠥᠯᠥᠭᠡᠯᠡᠭᠴᠢ᠂ ᠨᠡᠢᠭᠡᠮ ᠲᠣᠭᠣᠷᠢᠭ᠋᠎ᠤᠨ ᠠᠵᠢᠯᠲᠠᠨ ᠵᠡᠷᠭᠡ 500 ᠭᠠᠷᠤᠢ ᠬᠥᠮᠥᠨ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠵᠠᠭᠠᠨ᠎ᠠ᠃

ᠦᠷᠦᠮᠴᠢ ᠬᠣᠲᠠ᠎ᠶᠢᠨ ᠨᠠᠮ᠎ᠤᠨ ᠬᠣᠷᠢᠶ᠎ᠠ ᠢ᠋ᠢᠨ ᠠᠯᠪᠠᠨ ᠭᠡᠷ᠎ᠦᠨ ᠲᠢᠶᠠᠨᠱᠠᠨ ᠲᠣᠭᠣᠷᠢᠭ᠋᠎ᠤᠨ ᠾᠧᠢ ᠵᠢᠶᠠ ᠱᠠᠨ ᠵᠡᠭᠡᠯᠢ ᠭᠤᠳᠤᠮᠵᠢ ᠢ᠋ᠢᠨ ᠶᠤᠸᠠᠢ ᠵᠢᠨ ᠵᠡᠭᠡᠯᠢ᠎ᠶᠢᠨ ᠡᠮᠦᠨ᠎ᠡ ᠨᠡᠢᠭᠡᠮ ᠲᠣᠭᠣᠷᠢᠭ᠋ᠲᠸ᠋ ᠰᠠᠭᠤᠭ᠎ᠠ ᠠᠵᠢᠯᠯᠠᠬᠤ ᠠᠩᠭᠢ ᠨᠢ ᠨᠡᠢᠭᠡᠮ ᠲᠤᠭᠤᠷᠢᠭ ᠲᠠᠢ ᠬᠠᠮᠲᠤᠷᠠᠨ᠂ 《ᠨᠠᠢ᠍ᠮᠠᠨ ᠰᠠᠷ᠎ᠠ᠎ᠶᠢᠨ ᠲᠡᠷᠬᠡᠯ ᠪᠠᠶᠠᠷ᠎ᠢ ᠪᠡᠯᠭᠡᠯᠡᠨ ᠤᠯᠤᠰ᠎ᠤᠨ ᠪᠠᠶᠠᠷ᠎ᠢ ᠤᠭᠲᠤᠶ᠎ᠠ·ᠰᠠᠢᠨ ᠰᠠᠢᠬᠠᠨ ᠭᠡᠷ ᠣᠷᠣᠨ᠎ᠢᠶᠠᠨ ᠬᠠᠮᠲᠤ᠎ᠪᠠᠷ ᠴᠣᠭᠴᠠᠯᠠᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ ᠪᠠᠢᠨ᠎ᠠ᠃
ᠰᠦᠨ ᠵᠸᠨ ᠰᠦᠩ ᠰᠡᠭᠦᠲᠡᠷᠯᠡᠪᠡ
2022 ᠣᠨ᠎ᠤ 7 ᠰᠠᠷ᠎ᠠ᠎ᠶᠢᠨ 13 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠭᠦ ᠶᠤᠸᠠᠨ ᠰᠢᠶᠠᠡᠭ ᠨᠡᠢᠭᠡᠮ ᠲᠣᠭᠣᠷᠢᠭ᠋᠎ᠲᠤ ᠬᠦᠷᠴᠦ᠂ ᠨᠡᠢᠭᠡᠮ ᠲᠣᠭᠣᠷᠢᠭ᠋᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠲᠠᠢ ᠳᠣᠲᠣᠨᠣ᠌᠎ᠪᠠᠷ ᠶᠠᠷᠢᠯᠴᠠᠵᠤ᠂ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡ᠂ ᠨᠠᠰᠤᠲᠠᠢᠴᠤᠳ ᠪᠣᠯᠣᠨ ᠵᠠᠯᠠᠭᠤᠴᠤᠳ ᠪᠠᠭᠠᠴᠤᠳ᠎ᠤᠨ ᠰᠣᠶᠣᠯ᠎ᠤᠨ ᠠᠵᠢᠯᠯᠠᠭ᠎ᠠ ᠥᠷᠨᠢᠭᠦᠯᠵᠦ ᠪᠠᠢᠭ᠎ᠠ ᠵᠡᠷᠭᠡ ᠪᠠᠢᠳᠠᠯ᠎ᠢ ᠣᠢᠯᠠᠭᠠᠵᠤ᠂ ᠳᠣᠲᠣᠨᠣ᠌ ᠬᠠᠯᠠᠮᠵᠢᠯᠠᠯ ᠨᠢ ᠤᠯᠠᠨ᠎ᠢ ᠲᠤᠢᠯ᠎ᠢᠶᠠᠷ ᠵᠣᠷᠢᠭ᠍ᠵᠢᠭᠤᠯᠤᠭᠰᠠᠨ ᠪᠠᠢᠨ᠎ᠠ᠃ ᠵᠢᠯ ᠭᠠᠷᠤᠢ᠎ᠶᠢᠨ ᠲᠤᠷᠰᠢᠳᠠ᠂ ᠨᠡᠢᠭᠡᠮ ᠲᠣᠭᠣᠷᠢᠭ᠋᠎ᠤᠨ ᠬᠢᠨ ᠪᠠᠶᠠᠯᠢᠭ᠋ ᠰᠠᠢᠬᠠᠨ ᠠᠵᠢᠯᠯᠠᠭ᠎ᠠ᠎ᠪᠠᠷ ᠳᠠᠮᠵᠢᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠢ ᠥᠷᠨᠢᠭᠦᠯᠵᠦ᠂ ᠨᠡᠢᠭᠡᠮ ᠲᠣᠭᠣᠷᠢᠭ᠋᠎ᠤᠨ ᠵᠠᠰᠠᠯᠲᠠ᠎ᠶᠢ ᠨᠠᠷᠢᠯᠢᠭ᠍ᠵᠢᠭᠤᠯᠬᠤ᠂ ᠤᠯᠠᠨ ᠡᠰᠢᠵᠢᠭᠦᠯᠬᠦ᠂ ᠤᠶᠤᠨᠴᠢᠯᠠᠬᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠵᠠᠢ᠃
ᠭᠦ ᠶᠤᠸᠠᠨ ᠰᠢᠶᠠᠡᠭ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠵᠠᠩ ᠶᠣᠣ ᠸᠸᠨ᠂ ᠤᠯᠠᠨ ᠲᠦᠮᠡᠨ᠎ᠦ ᠰᠡᠳᠬᠢᠯ᠎ᠢ ᠵᠣᠪᠠᠭᠠᠬᠤ ᠶᠠᠪᠤᠳᠠᠯ᠎ᠤᠨ ᠲᠣᠭᠣᠷᠢᠨ᠎ᠳᠤ᠂ ᠨᠡᠢᠭᠡᠮ ᠲᠣᠭᠣᠷᠢᠭ᠋᠎ᠤᠨ ᠬᠢᠨ《ᠭᠤᠷᠪᠠᠨ ᠵᠦᠢᠯ᠎ᠦᠨ ᠨᠠᠷᠢᠨ ᠲᠠᠩᠰᠠ》 ᠪᠠᠢᠭᠤᠯᠵᠤ᠂ ᠰᠠᠭᠤᠭᠠᠯᠢ ᠠᠷᠠᠳ᠎ᠲᠤ ᠤᠨᠢᠨ ᠳᠡᠭᠡᠷ᠎ᠡ ᠨᠢ ᠦᠢᠯᠡᠴᠢᠯᠡᠭᠡ ᠬᠠᠩᠭᠠᠵᠠᠢ ᠃《ᠨᠢᠭᠡ ᠨᠠᠰᠤᠲᠠᠨ ᠨᠢᠭᠡ ᠬᠡᠦᠬᠡᠳ》ᠲᠸ᠋ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ ᠲᠣᠭᠣᠷᠢᠭ᠋᠎ᠤᠨ ᠬᠢᠨ ᠰᠢᠨ᠎ᠡ ᠦᠢᠯᠡᠴᠢᠯᠡᠭᠡᠨ᠎ᠦ ᠲᠥᠷᠥᠯ ᠵᠦᠢᠯ᠎ᠢ ᠲᠠᠰᠤᠷᠠᠯᠲᠠ ᠦᠭᠡᠢ ᠣᠷᠣᠭᠤᠯᠤᠨ ᠠᠪᠴᠢᠷᠠᠵᠤ᠂ ᠰᠠᠭᠤᠭᠠᠯᠢ ᠠᠷᠠᠳ᠎ᠤᠨ ᠣᠯᠠᠨ ᠶᠠᠩᠵᠤ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠪᠠ᠃ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠬᠠᠮᠲᠤ᠎ᠪᠠᠷ ᠰᠠᠭᠤᠷᠢᠰᠢᠬᠤ᠂ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠠᠵᠢᠯᠯᠠᠬᠤ᠂ ᠬᠠᠮᠲᠤ᠎ᠪᠠᠷ ᠴᠡᠩᠭᠡᠯᠳᠦᠬᠦ ᠳᠤᠮᠳᠠ ᠶᠠᠪᠤᠯᠴᠠᠨ ᠰᠣᠯᠢᠯᠴᠠᠨ ᠠᠭᠤᠰᠤᠯᠴᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠤᠬᠴᠠᠯᠠᠵᠠᠢ ᠭᠡᠵᠦ ᠬᠡᠯᠡᠨ᠎ᠠ᠃
ᠨᠡᠢᠭᠡᠮ ᠲᠣᠭᠣᠷᠢᠭ᠋᠎ᠤᠨ ᠵᠠᠭᠤᠨ ᠡᠷᠦᠭᠡ᠎ᠶᠢᠨ ᠳᠠᠶ᠋ᠢᠯᠠᠯᠭ᠎ᠠ᠎ᠶᠢ 10 ᠵᠢᠯ ᠰᠢᠬᠠᠮ ᠡᠷᠬᠢᠯᠡᠪᠡ᠂ ᠪᠢᠲᠡᠭᠦᠨ᠎ᠦ ᠰᠥᠨᠢ ᠦᠲᠡᠯᠦᠭᠡ ᠨᠠᠰᠤᠲᠠᠨ᠂ ᠭᠠᠭᠴᠠᠭᠠᠷ ᠰᠠᠭᠤᠭ᠎ᠠ ᠨᠠᠰᠤᠲᠠᠨ᠂ ᠭᠡᠷ᠎ᠲᠡᠬᠡᠨ ᠬᠣᠴᠣᠷᠤᠭᠰᠠᠨ ᠨᠠᠰᠤᠲᠠᠨ᠎ᠳᠤ ᠪᠢᠲᠡᠭᠦᠨ᠎ᠦ ᠬᠣᠭᠣᠯᠠ ᠬᠢᠵᠦ ᠦᠭᠪᠡ᠂ 15 ᠮᠢᠨᠦ᠋ᠲ᠎ᠦᠨ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡᠨ᠎ᠦ ᠲᠣᠭᠣᠷᠢᠭ᠋᠎ᠢ ᠪᠠᠢᠭᠤᠯᠪᠡ᠂ 300 ᠭᠠᠷᠤᠢ ᠲᠡᠭᠰᠢ ᠳᠥᠷᠪᠡᠯᠵᠢᠨ ᠮᠸᠲᠷ᠎ᠤᠨ ᠶᠡᠷᠦᠩᠬᠡᠢᠯᠡᠭᠰᠡᠨ ᠰᠠᠭᠤᠭᠠᠯᠢ ᠠᠷᠠᠳ᠎ᠤᠨ ᠬᠥᠳᠡᠯᠭᠡᠭᠡᠨ᠎ᠦ ᠲᠥᠪ᠎ᠢ ᠥᠭᠡᠷᠡᠴᠢᠯᠡᠨ ᠲᠡᠰ ᠳᠡᠪᠰᠢᠭᠦᠯᠪᠡ᠂ ᠪᠥᠵᠢᠭ᠎ᠦᠨ ᠠᠩᠭᠢ᠂ ᠪᠡᠭᠡᠵᠢᠩ ᠰᠢ᠎ᠶᠢᠨ ᠠᠩᠭᠢ᠂ ᠤᠷᠠᠨ ᠪᠢᠴᠢᠯᠭᠡ᠎ᠶᠢᠨ ᠠᠩᠭᠢ ᠵᠡᠷᠭᠡ ᠤᠯᠠᠨ ᠲᠦᠷᠦᠯ᠎ᠦᠨ ᠳᠤᠷ᠎ᠠ ᠰᠣᠨᠢᠷᠬᠠᠯ᠎ᠤᠨ ᠠᠩᠭᠢ᠎ᠶᠢ ᠬᠡᠦᠬᠡᠳ᠎ᠲᠦ ᠰᠦᠢᠳᠬᠡᠯ ᠬᠤᠷᠢᠶᠠᠬᠤ ᠦᠭᠡᠢ᠎ᠪᠡᠷ ᠰᠤᠷᠤᠯᠴᠠᠭᠤᠯᠪᠠ ᠁ ᠡᠳᠡᠭᠡᠷ ᠪᠠᠶᠠᠯᠢᠭ᠋ ᠰᠠᠢᠬᠠᠨ ᠨᠡᠢᠭᠡᠮ ᠲᠣᠭᠣᠷᠢᠭ᠋᠎ᠤᠨ ᠠᠵᠢᠯᠯᠠᠭ᠎ᠠ ᠨᠢ ᠰᠠᠭᠤᠭᠠᠯᠢ ᠠᠷᠠᠳ᠎ᠲᠤ ᠵᠣᠯ ᠵᠢᠷᠭᠠᠯᠲᠤ ᠠᠮᠢᠳᠤᠷᠠᠯ᠎ᠢ ᠡᠳ᠋ᠯᠡᠭᠦᠯᠵᠡᠢ᠃
2022 ᠣᠨ᠎ᠤ 7 ᠰᠠᠷ᠎ᠠ᠎ᠶᠢᠨ 14 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠰᠢᠨ᠎ᠡ ᠬᠤᠳᠠ᠎ᠶᠢᠨ ᠰᠢ ᠮᠸᠨ ᠼᠦᠨ ᠲᠣᠰᠬᠣᠨ᠎ᠳᠤ ᠰᠢᠨᠵᠢᠯᠡᠨ ᠪᠠᠢᠴᠠᠭᠠᠬᠤ᠎ᠳᠠᠭᠠᠨ᠂ ᠶᠠᠳᠠᠭᠤ᠎ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠰᠠᠢᠲᠤᠷ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠣᠨ᠎ᠢ ᠨᠡᠩ ᠪᠠᠶᠠᠨ ᠴᠢᠨᠡᠭᠡᠯᠢᠭ᠂ ᠠᠮᠢᠳᠤᠷᠠᠯ᠎ᠢ ᠨᠡᠩ ᠵᠣᠯ ᠵᠢᠷᠭᠠᠯ᠎ᠲᠠᠢ᠂ ᠬᠥᠳᠡᠭᠡ ᠲᠣᠰᠬᠣᠨ᠎ᠢ ᠨᠡᠩ ᠦᠵᠡᠰᠬᠦᠯᠡᠩᠲᠦ ᠰᠠᠢᠬᠠᠨ ᠪᠣᠯᠭᠠᠬᠤ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠢᠯ ᠭᠠᠷᠤᠢ᠎ᠶᠢᠨ ᠲᠤᠷᠰᠢ᠂ ᠰᠢᠨ᠎ᠡ ᠬᠤᠳᠠ᠎ᠶᠢᠨ ᠰᠢ ᠮᠸᠨ ᠼᠦᠨ ᠲᠣᠰᠬᠣᠨ᠎ᠤ ᠪᠦᠬᠦ ᠺᠠᠳ᠋ᠷ ᠤᠯᠠᠨ ᠲᠦᠮᠡᠨ ᠲᠣᠰᠬᠣᠨ᠎ᠤ ᠠᠵᠤ ᠦᠢᠯᠡᠰ᠎ᠦᠨ ᠰᠢᠨ᠎ᠡ ᠬᠥᠭᠵᠢᠯᠲᠡ᠎ᠶᠢ ᠪᠡᠶᠡᠯᠡᠭᠦᠯᠬᠦ᠎ᠶᠢ ᠴᠢᠷᠮᠠᠢᠨ ᠠᠬᠢᠭᠤᠯᠵᠤ᠂ ᠲᠣᠰᠬᠣᠨ᠎ᠤ ᠳᠦᠷᠰᠦ ᠪᠠᠢᠳᠠᠯ ᠨᠡᠩ ᠭᠤᠶᠤ ᠪᠣᠯᠵᠤ᠂ ᠲᠣᠰᠬᠣᠨ᠎ᠤ ᠠᠷᠠᠳ᠎ᠤᠨ ᠣᠷᠣᠯᠭ᠎ᠠ᠎ᠪᠠᠨ ᠨᠡᠮᠡᠭᠳᠡᠭᠦᠯᠬᠦ ᠡᠷᠴᠢ ᠵᠣᠷᠢᠭ᠋ ᠨᠡᠩ ᠲᠡᠭᠦᠯᠳᠡᠷ ᠪᠣᠯᠵᠠᠢ᠃
《ᠪᠢᠳᠠ ᠦᠵᠦᠮ᠎ᠦᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠬᠤ᠎ᠶᠢᠨ ᠬᠠᠮᠲᠤ ᠵᠢᠭᠤᠯᠴᠢᠯᠠᠯ᠎ᠤᠨ ᠦᠢᠯᠡᠰ ᠪᠣᠯᠣᠨ ᠢᠳᠡᠰᠢᠨ ᠲᠠᠭᠲᠠᠭ᠎ᠠ ᠲᠡᠵᠢᠭᠡᠨ ᠦᠷᠡᠵᠢᠭᠦᠯᠬᠦ ᠦᠢᠯᠡᠰ᠎ᠢ ᠲᠦᠷᠭᠡᠨ ᠬᠥᠭᠵᠢᠭᠦᠯᠵᠦ᠂ ᠤᠳᠤ ᠲᠣᠰᠬᠣᠨ᠎ᠤ ᠦᠢᠯᠡᠰ ᠪᠣᠰᠬᠠᠵᠤ ᠠᠵᠢᠯ ᠣᠯᠬᠤ ᠣᠷᠴᠢᠨ ᠲᠣᠭᠣᠷᠢᠨ ᠰᠠᠢᠵᠢᠷᠠᠵᠤ᠂ ᠲᠣᠰᠬᠣᠨ᠎ᠤ ᠠᠷᠠᠳ᠎ᠤᠨ ᠢᠳᠡᠪᠬᠢᠵᠢᠯ ᠮᠠᠰᠢ ᠥᠨᠳᠥᠷ ᠪᠠᠢᠨ᠎ᠠ᠂ ᠲᠣᠰᠬᠣᠨ᠎ᠤ ᠬᠠᠮᠲᠤ᠎ᠶᠢᠨ ᠣᠷᠣᠯᠭ᠎ᠠ ᠪᠣᠯᠣᠨ ᠲᠣᠰᠬᠣᠨ᠎ᠤ ᠠᠷᠠᠳ᠎ᠤᠨ ᠬᠥᠮᠥᠨ ᠳᠤᠮᠳᠠᠴᠢ᠎ᠶᠢᠨ ᠣᠷᠣᠯᠭ᠎ᠠ᠎ᠶᠢ ᠵᠡᠷᠭᠡ ᠪᠡᠷ ᠨᠡᠮᠡᠭᠳᠡᠭᠦᠯᠬᠦ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ ᠪᠢᠳᠡ ᠶᠠᠭ ᠬᠠᠮᠲᠤ ᠪᠠᠷ ᠴᠢᠷᠮᠠᠢᠵᠤ ᠪᠠᠢᠨ᠎ᠠ》 ᠭᠡᠵᠦ ᠰᠢᠨ᠎ᠡ ᠬᠤᠳᠠ᠎ᠶᠢᠨ ᠰᠢ ᠮᠸᠨ ᠼᠦᠨ ᠲᠣᠰᠬᠣᠨ᠎ᠤ ᠨᠠᠮ᠎ᠤᠨ ᠡᠭᠦᠷ᠎ᠦᠨ ᠨᠢᠭᠡᠳᠦᠭᠡᠷ ᠱᠦᠵᠢ ᠨᠢᠶᠸ ᠵᠤᠤ ᠢᠦᠢ ᠬᠡᠯᠡᠪᠡ᠃
ᠣᠳᠣᠬᠠᠨ᠎ᠳᠤ ᠂ ᠭᠠᠷᠠᠭ ᠪᠦᠷᠢ ᠮᠠᠰᠢ ᠤᠯᠠᠨ ᠰᠤᠳᠤᠯᠤᠨ ᠰᠤᠷᠤᠯᠴᠠᠬᠤ ᠪᠦᠯᠬᠦᠮ ᠲᠣᠰᠬᠣᠨ᠎ᠳᠤ ᠢᠷᠡᠵᠤ ᠲᠣᠭᠣᠷᠢᠨ ᠦᠵᠡᠵᠦ᠂ ᠲᠣᠰᠬᠣᠨ ᠡᠴᠡ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠺᠠᠳ᠋ᠷ᠎ᠢ ᠲᠣᠬᠢᠷᠠᠭᠤᠯᠵᠤ᠂ ᠲᠣᠭᠣᠷᠢᠨ ᠦᠵᠡᠭᠴᠢᠳ᠎ᠲᠦ ᠰᠢᠨ᠎ᠡ ᠬᠤᠳᠠ᠎ᠶᠢᠨ ᠰᠢ ᠮᠸᠨ ᠼᠦᠨ ᠲᠣᠰᠬᠣᠨ᠎ᠤ ᠨᠠᠮ᠎ᠤᠨ ᠪᠠᠢᠭᠤᠯᠤᠯᠲᠠ᠎ᠶᠢᠨ ᠳᠠᠭᠠᠭᠤᠯᠭ᠎ᠠ ᠳᠣᠣᠷ᠎ᠠ ᠶᠠᠳᠠᠭᠤ ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠢ᠋ᠢᠨ ᠤᠬᠠᠮᠰᠠᠷ ᠢ᠋ ᠪᠠᠲᠦ ᠴᠤᠬᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠬᠦ ᠵᠡᠷᠭᠡ ᠲᠠᠯ᠎ᠠ᠎ᠶᠢᠨ ᠨᠡᠢᠲᠡᠯᠢᠭ ᠲᠤᠷᠰᠢᠯᠭ᠎ᠠ᠎ᠶᠢ ᠲᠠᠨᠢᠯᠴᠠᠭᠤᠯᠵᠠᠢ᠃
《ᠮᠠᠨ᠎ᠤ ᠬᠠᠷᠠᠯᠲᠠ ᠪᠣᠯ ᠰᠢᠨ᠎ᠡ ᠬᠣᠲᠠ ᠢ᠋ᠢᠨ ᠰᠢ ᠮᠧᠨ ᠼᠦᠨ ᠲᠣᠰᠬᠣᠨ ᠢ᠋ ᠰᠢᠨᠵᠢᠶᠠᠩ᠎ᠤᠨ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠶ᠋ᠢᠨ ᠵᠢᠱ᠌ᠢᠶᠡᠴᠢ ᠲᠣᠰᠬᠣᠨ ᠪᠣᠯᠭᠠᠨ ᠪᠦᠲᠦᠭᠡᠨ ᠪᠠᠢᠭᠤᠯᠵᠤ᠂ ᠨᠤᠲᠤᠭ᠎ᠤᠨ ᠠᠬ᠎ᠠ ᠳᠡᠭᠦᠦ ᠨᠠᠷ᠎ᠦᠨ ᠠᠮᠢᠳᠤᠷᠠᠯ ᠢ᠋ ᠤᠯᠠᠮ ᠠ᠋ᠴᠠ ᠤᠯᠠᠮ ᠥᠭᠡᠳᠡ ᠡᠰᠡᠷᠡᠭ ᠪᠣᠯᠭᠠᠨ᠎ᠠ》 ᠬᠡᠵᠦ ᠨᠢᠶᠸ ᠵᠤᠤ ᠢᠦᠢ ᠬᠡᠯᠡᠪᠡ᠃
2022 ᠣᠨ᠎ᠤ 7 ᠰᠠᠷ᠎ᠠ᠎ᠶᠢᠨ 14 ᠤ᠋ ᠡᠳᠦᠷ ᠂ ᠶᠡᠷᠦᠩᠬᠡᠢ ᠱᠦᠵᠢ ᠰᠢ᠎ᠶᠢᠨ ᠫᠢᠩ ᠲᠦᠷᠫᠠᠨ ᠬᠤᠳᠠ᠎ᠶᠢᠨ ᠦᠵᠦᠮ᠎ᠦᠨ ᠭᠤᠤ᠎ᠳᠤ ᠰᠢᠨᠵᠢᠯᠡᠨ ᠪᠠᠢᠴᠠᠭᠠᠬᠤ᠎ᠳᠠᠭᠠᠨ᠂ ᠲᠦᠷᠫᠠᠨ ᠦᠵᠡᠰᠬᠦᠯᠡᠩᠲᠦ ᠰᠠᠢᠬᠠᠨ ᠪᠠᠶᠠᠨ ᠲᠠᠩᠰᠤᠭ᠂ ᠭᠤᠸ᠎ᠠ ᠵᠢᠮᠢᠰ᠎ᠤᠨ ᠠᠩᠬᠢᠯᠤᠮ᠎ᠠ ᠦᠨᠦᠷ ᠬᠠᠩᠬᠤᠯᠤᠨ᠎ᠠ᠂ ᠡᠨᠡ ᠪᠣᠯ ᠡᠬᠡ ᠪᠠᠢᠭᠠᠯᠢ ᠢ᠋ᠢᠨ ᠰᠤᠶᠤᠷᠬᠠᠯ ᠪᠤᠯᠤᠨ᠎ᠠ᠃ ᠠᠵᠤ ᠠᠬᠤᠢ ᠨᠡᠢᠭᠡᠮ᠎ᠦᠨ ᠬᠥᠭᠵᠢᠯᠲᠡ ᠪᠤᠯᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠬᠠᠷᠢᠴᠠᠭ᠎ᠠ᠎ᠶᠢ ᠵᠥᠪ ᠰᠢᠢᠳᠪᠦᠷᠢᠯᠡᠵᠦ᠂ ᠰᠣᠶᠣᠯ ᠪᠤᠯᠤᠨ ᠵᠢᠭᠤᠯᠴᠢᠯᠠᠯ᠎ᠢ ᠠᠭᠤᠰᠤᠯᠴᠠᠭᠤᠯᠤᠨ ᠬᠦᠭᠵᠢᠭᠦᠯᠬᠦ ᠵᠢ ᠠᠬᠢᠭᠤᠯᠵᠤ᠂ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠬᠦᠭᠵᠢᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
ᠤᠯᠤᠰ᠎ᠤᠨ 5A ᠳᠡᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠪᠣᠯᠤᠭᠰᠠᠨ᠎ᠤ ᠬᠤᠪᠢ᠎ᠳᠤ᠂ ᠦᠵᠦᠮ᠎ᠦᠨ ᠭᠤᠤ᠎ᠶᠢᠨ ᠦᠵᠡᠮᠵᠢ᠎ᠶᠢᠨ ᠣᠷᠣᠨ᠎ᠤ ᠬᠠᠮᠢᠶᠠᠷᠤᠯᠲᠠ᠎ᠶᠢᠨ ᠵᠥᠪᠯᠡᠯ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠠᠶ᠋ᠢᠭᠤᠯᠬᠤ᠎ᠳᠠᠭᠠᠨ᠂ ᠡᠩ ᠲᠡᠷᠢᠭᠦᠨ᠎ᠳᠦ ᠬᠥᠭᠵᠢᠯᠲᠡ᠎ᠶᠢᠨ ᠦᠷ᠎ᠡ ᠪᠦᠲᠦᠭᠡᠯ᠎ᠢ ᠤᠯᠠᠨ ᠲᠦᠮᠡᠨ ᠬᠠᠮᠲᠤ ᠪᠠᠷ ᠡᠳ᠋ᠯᠡᠬᠦ᠂ ᠲᠣᠰᠬᠣᠨ᠎ᠤ ᠠᠷᠠᠳ᠎ᠤᠨ ᠠᠵᠢᠯ ᠣᠯᠵᠦ ᠦᠢᠯᠡᠰ ᠪᠣᠰᠬᠠᠬᠤ ᠪᠠ ᠣᠷᠣᠯᠭ᠎ᠠ᠎ᠪᠠᠨ ᠨᠡᠮᠡᠭᠳᠡᠭᠦᠯᠬᠦ᠎ᠶᠢ ᠠᠬᠢᠭᠤᠯᠬᠤ ᠠᠰᠠᠭᠤᠳᠠᠯ᠎ᠢ ᠪᠣᠳᠣᠯᠬᠢᠯᠠᠵᠠᠢ᠃ ᠦᠵᠡᠮᠵᠢ᠎ᠶᠢᠨ ᠣᠷᠣᠨ᠎ᠤ ᠬᠥᠭᠵᠢᠯᠲᠡ ᠪᠠ ᠲᠠᠰᠤᠷᠠᠯᠲᠠ ᠦᠭᠡᠢ ᠲᠡᠭᠦᠯᠳᠡᠷᠵᠢᠬᠦ᠎ᠶᠢ ᠳᠠᠭᠠᠯᠳᠤᠨ᠂ ᠣᠲᠣ᠌ ᠦᠵᠦᠮ᠎ᠦᠨ ᠭᠤᠤ᠎ᠳᠤ ᠠᠷᠠᠳ᠎ᠤᠨ ᠣᠷᠣᠨ ᠰᠠᠭᠤᠴᠠ᠂ ᠲᠠᠷᠢᠶᠠᠴᠢᠨ ᠠᠢᠯ᠎ᠤᠨ ᠵᠢᠭᠤᠯᠴᠢᠯᠠᠯ ᠢ᠋ ᠡᠷᠬᠢᠯᠡᠵᠦ ᠪᠠᠢᠭ᠎ᠠ ᠰᠠᠭᠤᠭᠠᠯᠢ ᠠᠷᠠᠳ ᠶᠠᠪᠤᠬᠤ ᠲᠤᠲᠤᠮ ᠣᠯᠠᠰᠢᠷᠠᠵᠤ᠂ ᠪᠠᠰᠠ ᠴᠥᠭᠡᠨ ᠪᠤᠰᠤ ᠬᠥᠮᠥᠨ ᠦᠵᠡᠮᠵᠢ᠎ᠶᠢᠨ ᠣᠷᠣᠨ᠎ᠳᠤ ᠣᠴᠢᠵᠤ ᠠᠵᠢᠯ ᠣᠯᠬᠤ ᠪᠤᠶᠤ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠲᠠᠷᠢᠶᠠᠯᠠᠩ ᠲᠤᠰᠠᠯᠠᠬᠤ ᠠᠵᠤ ᠠᠬᠤᠢ᠎ᠶᠢᠨ ᠪᠦᠲᠦᠭᠡᠭᠳᠡᠬᠦᠨ᠎ᠢᠶᠡᠨ ᠪᠣᠷᠣᠯᠠᠭᠤᠯᠵᠤ ᠪᠠᠢᠨ᠎ᠠ᠃

《ᠵᠢᠷᠭᠤᠭᠠᠨ ᠣᠷᠳᠣᠨ ᠭᠤᠤᠯ ᠰᠤᠶᠤᠯ᠎ᠤᠨ ᠰᠤᠪᠤᠷᠭ᠎ᠠ》 ᠦᠷᠦᠮᠴᠢ ᠬᠤᠳᠠ᠎ᠶᠢᠨ ᠰᠢᠨ᠎ᠡ ᠰᠣᠶᠣᠯ᠎ᠤᠨ ᠪᠡᠯᠭᠡ ᠲᠡᠮᠳᠡᠭ᠎ᠦᠨ ᠪᠠᠷᠢᠯᠭ᠎ᠠ ᠪᠣᠯᠤᠭᠰᠠᠨ᠎ᠤ ᠬᠤᠪᠢ᠎ᠳᠤ᠂ ᠡᠨᠡ ᠬᠤᠳᠠ᠎ᠶᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠷᠡᠭᠦᠯᠵᠦ᠂ ᠨᠡᠩ ᠴᠤ᠌ ᠦᠷᠦᠮᠴᠢ᠎ᠶᠢᠨ ᠢᠷᠡᠭᠡᠳᠦᠢ᠎ᠶᠢᠨ ᠯᠤᠲᠤ ᠶᠡᠬᠡ ᠬᠥᠭᠵᠢᠯᠲᠡ᠎ᠶᠢᠨ ᠨᠦᠭᠡᠴᠡ ᠬᠦᠴᠦᠨ᠎ᠢ ᠬᠠᠷᠠᠭᠤᠯᠤᠭᠰᠠᠨ ᠪᠠᠢᠨ᠎ᠠ᠃
《ᠪᠢᠳᠠ ᠵᠢᠭᠤᠯᠴᠢᠯᠠᠯ᠎ᠤᠨ ᠦᠢᠯᠡᠰ᠎ᠦᠨ ᠬᠡᠯᠪᠡᠷᠢ᠎ᠶᠢ ᠦᠷᠭᠦᠯᠵᠢᠯᠡᠨ ᠪᠠᠶᠠᠯᠢᠭ᠍ᠵᠢᠭᠤᠯᠵᠤ᠂ ᠵᠢᠭᠤᠯᠴᠢᠯᠠᠨ ᠨᠠᠭᠠᠳᠬᠤ ᠲᠦᠷᠦᠯ ᠵᠦᠢᠯ᠎ᠢ ᠨᠡᠮᠡᠭᠳᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠢ ᠣᠷᠣᠭᠤᠯᠤᠨ ᠠᠪᠴᠢᠷᠠᠵᠤ᠂ ᠦᠵᠦᠮ᠎ᠦᠨ ᠭᠤᠤ᠎ᠶᠢᠨ ᠦᠵᠡᠮᠵᠢ᠎ᠶᠢᠨ ᠣᠷᠣᠨ᠎ᠤ ᠪᠦᠬᠦᠶ᠋ᠢᠯᠡ ᠳᠦᠷᠰᠦ ᠪᠠᠢᠳᠠᠯ ᠪᠣᠯᠣᠨ ᠲᠦᠷᠦᠯ ᠲᠡᠮᠳᠡᠭ᠎ᠦᠨ ᠨᠥᠯᠥᠭᠡᠯᠡᠬᠦ ᠬᠦᠴᠦᠨ᠎ᠢ ᠴᠢᠨᠠᠭᠰᠢᠳᠠ ᠳᠡᠭᠡᠭᠰᠢᠯᠡᠭᠦᠯᠵᠦ ᠪᠠᠢᠨ᠎ᠠ᠂ ᠦᠵᠦᠮ᠎ᠦᠨ ᠲᠦᠷᠦᠯ ᠲᠡᠮᠳᠡᠭ᠎ᠦᠨ ᠬᠦᠴᠦᠨ᠎ᠢᠶᠡᠷ ᠨᠢᠭᠡ ᠨᠢᠭᠡ ᠦᠵᠦᠮ᠎ᠢᠶᠡᠷ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤ᠋ᠨ ᠠᠭᠤᠰᠤᠯᠴᠠᠭᠰᠠᠨ ᠠᠵᠤ ᠦᠢᠯᠡᠰ᠎ᠢ ᠬᠣᠯᠪᠣᠵᠤ᠂ ᠨᠡᠩ ᠤᠯᠠᠨ ᠬᠥᠮᠥᠨᠢ᠋ᠢᠡᠷ ᠵᠢᠭᠤᠯᠴᠢᠯᠠᠯ᠎ᠤᠨ ᠦᠢᠯᠡᠰ ᠢ᠋ ᠡᠷᠬᠢᠯᠡᠭᠦᠯᠵᠦ᠂ ᠣᠷᠣᠯᠭ᠎ᠠ᠎ᠵᠢ ᠨᠢ ᠨᠡᠮᠡᠭᠲᠡᠭᠦᠯᠬᠦ ᠵᠢ ᠬᠦᠰᠡᠵᠦ ᠪᠠᠢᠨ᠎ᠠ》ᠭᠡᠵᠦ ᠰᠢᠨᠵᠢᠶᠠᠩ᠎ᠤᠨ ᠰᠣᠶᠣᠯ ᠵᠢᠭᠤᠯᠴᠢᠯᠠᠯ᠎ᠤᠨ ᠬᠥᠭᠵᠢᠭᠦᠯᠦᠯᠲᠡ᠎ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠲᠦᠷᠫᠠᠨᠤ ᠠᠵᠢᠯ ᠦᠢᠯᠡᠰ᠎ᠦᠨ ᠬᠡᠯᠲᠡᠰ᠎ᠦᠨ ᠳᠡᠳ᠋ ᠶᠡᠷᠦᠩᠬᠡᠢ ᠳᠠᠭᠠᠭᠠᠮᠠᠯ᠂ ᠦᠵᠦᠮ᠎ᠦᠨ ᠭᠤᠤ᠎ᠶᠢᠨ ᠦᠵᠡᠮᠵᠢ᠎ᠶᠢᠨ ᠣᠷᠣᠨ᠎ᠤ ᠬᠠᠷᠢᠭᠤᠴᠠᠯᠭᠠᠲᠠᠨ ᠵᠠᠩ ᠮᠢᠩ ᠮᠢᠩ ᠬᠡᠯᠡᠪᠡ᠃
(ᠰᠢᠨᠵᠢᠶᠠᠩ᠎ᠤᠨ ᠡᠲᠦᠷ᠎ᠤᠨ ᠰᠤᠨᠢᠨ ᠬᠠᠩᠭᠠᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃