2024-03-06 09:51:01
ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ 5᠎ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠭᠦᠶ᠋ᠵᠧᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠹᠦ᠋ ᠴᠢᠩ ᠮᠧᠢ᠂ ᠬᠤ᠌ ᠶᠦᠩ ᠵᠦᠩ᠂ ᠽᠸᠤ ᠯᠢᠶᠠᠨ ᠺᠸ ᠵᠡᠷᠭᠡ ᠲᠥᠯᠥᠭᠡᠯᠡᠭ᠌ᠴᠢ ᠢᠳᠡᠪᠬᠢᠲᠡᠢ ᠦᠭᠡ ᠬᠡᠯᠡᠵᠦ᠍᠂ ᠬᠤᠷᠠᠯ᠎ᠤᠨ ᠲᠠᠯᠠᠪᠠᠢ ᠬᠦᠷ ᠬᠥᠭ᠌ᠵᠢᠶᠡᠨᠲᠡᠢ ᠪᠠᠢᠯ᠎ᠠ᠃
ᠸᠠᠩ ᠬ᠍ᠤ ᠨᠢᠩ ᠲᠥᠯᠥᠭᠡᠯᠡᠭ᠌ᠴᠢᠳ᠎ᠦᠨ ᠦᠭᠡ ᠬᠡᠯᠡᠬᠦ᠎ᠶ᠋ᠢ ᠰᠣᠨᠣᠰᠤᠭ᠍ᠰᠠᠨ᠎ᠤ ᠳᠠᠷᠠᠭ᠎ᠠ᠂ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠡᠨᠡ ᠵᠢᠯ᠎ᠦᠨ ᠠᠵᠢᠯ᠎ᠤᠨ ᠲᠤᠬᠠᠢ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠢᠯᠡᠷᠡᠭᠦᠯᠵᠡᠢ᠃ ᠡᠨᠡᠬᠦ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠦ ᠢᠯᠡᠳᠭᠡᠪᠡ᠃
ᠸᠠᠩ ᠬ᠍ᠤ ᠨᠢᠩ᠂ 《ᠬᠣᠶᠠᠷ᠎ᠢ ᠲᠣᠭ᠍ᠲᠠᠭᠠᠭᠰᠠᠨ》 ᠨᠢ ᠪᠢᠳᠡᠨ᠎ᠦ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠠᠴᠢ ᠬᠣᠯᠪᠣᠭ᠍ᠳᠠᠯ ᠲᠠᠶ ᠭᠡᠳᠡᠭ᠎ᠢ ᠨᠢᠭᠡ ᠵᠢᠯ᠎ᠦᠨ ᠲᠤᠷᠱᠢᠬᠢ ᠦᠢᠯᠡᠳᠦᠯᠭᠡ ᠳᠠᠬᠢᠨᠲᠠ ᠭᠦᠢᠴᠡᠳ ᠭᠡᠷᠡᠴᠢᠯᠡᠪᠡ᠃ ᠪᠢᠳᠡ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠤᠬᠠᠮᠰᠠᠷ᠎ᠡᠴᠡ᠎ᠪᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠰᠠᠢᠲᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ᠌᠂ ᠭᠦᠨᠵᠡᠭᠡᠢᠷᠡᠭᠦᠯᠬᠦ᠌ ᠰᠢᠨᠭᠭᠡᠭᠡᠬᠦ ᠤᠨᠳᠤᠤᠰᠢᠭᠤᠯᠬᠤ ᠳᠡᠭᠡᠷ᠎ᠡ ᠦᠷᠭᠦᠯᠵᠢᠯᠡᠨ ᠬᠦᠴᠦ᠍ᠯᠡᠵᠦ᠂ ᠦᠵᠡᠯ ᠰᠠᠨᠠᠭ᠎ᠠ᠂ ᠬᠦᠰᠡᠯ ᠵᠣᠷᠢᠯᠲᠠ᠂ ᠦᠢᠯᠡ ᠠᠵᠢᠯᠯᠠᠭ᠎ᠠ᠎ᠪᠠᠨ ᠨᠡᠩ ᠰᠠᠢᠲᠤᠷ ᠨᠢᠭᠡᠳᠭᠡᠬᠦ᠌ ᠬᠡᠷᠡᠭ᠌ᠲᠡᠢ ᠭᠡᠵᠦ ᠢᠯᠡᠳᠭᠡᠪᠡ᠃
ᠸᠠᠩ ᠬ᠍ᠤ ᠨᠢᠩ᠂ ᠭᠦᠢᠵᠧᠦ᠍᠎ᠶ᠋ᠢᠨ ᠬᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠭᠦᠢᠵᠧᠦ᠍᠎ᠳᠦ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠪᠡᠷ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠤᠨᠤᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠢ ᠠᠭᠤᠰᠤᠯᠴᠠᠨ ᠦᠢᠯᠡᠴᠢᠯᠡᠵᠦ᠍᠂ ᠠᠵᠤ ᠠᠬᠤᠢ ᠬᠥᠭ᠌ᠵᠢᠭ᠌ᠰᠡᠨ᠂ ᠠᠷᠠᠳ ᠲᠦᠮᠡᠨ ᠪᠠᠶᠠᠵᠢᠭᠰᠠᠨ᠂ ᠠᠮᠢ ᠠᠬᠤᠢ ᠦᠵᠡᠰᠭᠦᠯᠡᠩᠲᠦ ᠰᠠᠢᠬᠠᠨ ᠪᠣᠯᠤᠭ᠍ᠰᠠᠨ ᠭᠦᠢᠵᠧᠦ᠍᠎ᠶ᠋ᠢᠨ ᠱᠢᠨ᠎ᠡ ᠢᠷᠡᠭᠡᠳᠦᠢ᠎ᠶ᠋ᠢ ᠨᠡᠭᠡᠭᠡᠨ ᠡᠭᠦᠳᠬᠦ᠌ ᠬᠡᠷᠡᠭᠲᠡᠢ᠃ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠡᠨᠡ ᠬᠦ᠌ ᠦᠨᠳᠦᠰᠦᠨ ᠬᠥᠳᠡᠯᠭᠡᠬᠦ᠌ ᠬᠦᠴᠦᠨ᠎ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠴᠢᠨᠠᠭᠰᠢᠲᠠ ᠲᠥᠯᠥᠪᠵᠢᠭᠦᠯᠵᠦ᠍᠂ ᠭᠦᠨ ᠳᠠᠪᠬᠤᠷᠭ᠎ᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠬᠠᠷᠰᠢ ᠰᠠᠭᠠᠳ ᠪᠣᠯᠤᠨ ᠪᠦᠲᠦᠴᠡ᠎ᠶ᠋ᠢᠨ ᠴᠢᠨᠠᠷᠲᠠᠢ ᠵᠥᠷᠢᠴᠡᠯ᠎ᠢ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠬᠡᠷᠡᠭ᠌ᠲᠡᠢ᠃ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ 《ᠮᠢᠩᠭ᠎ᠠ ᠲᠦᠮᠡ᠎ᠶ᠋ᠢᠨ ᠢᠨᠵᠧᠨᠧᠷᠢᠩ》᠎ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠣᠷᠣᠱᠢᠨ ᠰᠠᠭᠤᠬᠤ᠎ᠳᠤ ᠲᠣᠬᠢᠷᠠᠮᠵᠢᠲᠠᠢ ᠦᠢᠯᠡᠰ ᠪᠤᠰᠭᠠᠬᠤ᠎ᠳᠤ ᠲᠣᠬᠢᠷᠠᠮᠵᠢᠲᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠬᠤ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠬᠦᠴᠦᠨ᠎ᠢᠶᠡᠨ ᠲᠥᠪᠯᠡᠷᠡᠭᠦᠯᠦᠨ ᠤᠯᠠᠨ ᠲᠦᠮᠡᠨ᠎ᠦ ᠤᠯᠵᠤ ᠮᠡᠳᠡᠷᠡᠬᠦ ᠪᠤᠳᠠᠳᠠᠢ ᠬᠦᠷᠳᠡᠬᠦ ᠪᠣᠳᠠᠲᠤ ᠶᠠᠪᠤᠳᠠᠯ᠎ᠢ ᠰᠠᠢᠲᠤᠷ ᠠᠳᠭᠤᠵᠤ᠂ ᠤᠯᠠᠨ ᠲᠦᠮᠡᠨ᠎ᠳᠦ ᠲᠠᠰᠤᠷᠠᠯᠳᠠ ᠦᠭᠡᠢ ᠱᠢᠨ᠎ᠡ ᠬᠦᠷᠲᠡᠮᠵᠢ᠎ᠶ᠋ᠢᠨ ᠲᠦᠷᠦᠭ᠌ᠳᠡᠯ ᠣᠯᠭᠣᠬᠤ ᠬᠡᠷᠡᠭ᠌ᠲᠡᠢ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠪᠣᠯᠤᠨ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠡᠨᠡ ᠬᠦ᠌ ᠶᠡᠬᠡ ᠶᠠᠪᠤᠳᠠᠯ᠎ᠢ ᠲᠠᠰᠤᠷᠠᠯᠳᠠ ᠦᠭᠡᠢ ᠰᠠᠢᠲᠤᠷ ᠬᠢᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠪᠣᠳᠠᠲᠠᠶ ᠠᠳᠭᠤᠵᠤ᠂ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠬᠦ᠌ ᠬᠡᠷᠡᠭ᠌ᠲᠡᠶ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ ᠪᠠᠷ ᠴᠢᠩᠭᠠᠳᠭᠠᠵᠤ᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠣᠷᠢᠭ᠎ᠢ ᠬᠥᠭ᠌ᠵᠢᠭᠡᠬᠦ᠌ ᠬᠡᠷᠡᠭ᠌ᠲᠡᠢ ᠭᠡᠵᠦ ᠬᠦᠰᠡᠪᠡ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃