2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-06 10:04:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ᠎ᠤᠨ ᠳᠡᠳ᠋ ᠲᠡᠷᠢᠭᠦᠯᠡᠭ᠌ᠴᠢ ᠬᠠᠨ ᠵᠧᠩ 5᠎ᠤ᠋ ᠦᠳᠡ᠎ᠶ᠋ᠢᠨ ᠬᠣᠢᠨ᠎ᠠ ᠲᠡᠭᠦᠨ᠎ᠤ ᠪᠠᠢᠭ᠎ᠠ ᠱᠠᠨᠳᠦ᠋ᠩ᠎ᠦᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠯᠢ ᠹᠸᠩ᠂ ᠯᠢᠦ ᠶᠦᠨ᠂ ᠯᠢᠦ ᠱᠢᠶᠤᠤ ᠵᠢᠩ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠬᠠᠨ ᠵᠧᠩ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠤᠯᠠᠨ ᠲᠠᠶ ᠰᠠᠨᠠᠯ᠎ᠢᠶᠠᠨ ᠰᠣᠯᠢᠯᠴᠠᠨ ᠶᠠᠷᠢᠯᠴᠠᠵᠤ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠦᠭᠵᠢᠶᠡᠨᠲᠠᠢ ᠪᠠᠢᠯ᠎ᠠ᠃

ᠲᠥᠯᠥᠭᠡᠯᠡᠭ᠌ᠴᠢᠳ᠎ᠦᠨ ᠬᠡᠯᠡᠭᠰᠡᠨ ᠦᠭᠡ᠎ᠶ᠋ᠢ ᠰᠣᠨᠣᠰᠤᠭ᠍ᠰᠠᠨ᠎ᠤ ᠳᠠᠷᠠᠭ᠎ᠠ ᠬᠠᠨ ᠵᠧᠩ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠪᠣᠳᠠᠲᠠᠶ᠎ᠶ᠋ᠢ ᠡᠷᠬᠢᠮᠯᠡᠨ ᠡᠷᠡᠮᠡᠬᠡᠢᠯᠡᠨ ᠤᠷᠤᠭ᠍ᠰᠢᠯᠠᠭ᠍ᠰᠠᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ ᠰᠠᠢᠨ ᠢᠯᠡᠳᠭᠡᠯ ᠪᠣᠯᠵᠠᠶ᠂ ᠡᠨᠡ ᠬᠦ᠌ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠡᠢ᠃

ᠬᠠᠨ ᠵᠧᠩ᠂ ᠥᠩᠭᠡᠷᠡᠭ᠌ᠰᠡᠨ ᠨᠢᠭᠡ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ᠎ᠶ᠋ᠢ ᠲᠤᠯᠵᠤ᠂ ᠳᠣᠲᠣᠭᠠᠳᠤ᠎ᠶ᠋ᠢᠨ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠭ᠍ᠲᠠᠭᠤᠨ᠎ᠢᠶᠡᠷ ᠱᠠᠲᠤ ᠰᠢᠯᠵᠢᠬᠦ᠎ᠶ᠋ᠢ ᠪᠡᠶᠡᠯᠡᠭᠦᠯᠵᠦ᠍᠂ ᠠᠵᠤ ᠠᠬᠤᠢ ᠶᠡᠷᠦᠩᠬᠡᠢ᠎ᠳᠡᠭᠡᠨ ᠰᠡᠷᠭᠦᠨ ᠰᠠᠢᠵᠢᠷᠠᠵᠤ᠂ ᠪᠦᠬᠦ᠌ ᠵᠢᠯ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠠᠮᠵᠢᠯᠲᠠ ᠵᠢ ᠬᠢᠯᠪᠡᠷ ᠪᠤᠰᠤ᠎ᠪᠠᠷ ᠤᠯᠤᠭᠰᠠᠨ ᠶᠤᠮ᠂ ᠡᠨᠡ ᠪᠤᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠦᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ ᠮᠦᠨ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ ᠭᠡᠵᠦ ᠢᠯᠡᠳᠭᠡᠪᠡ᠃

ᠬᠠᠨ ᠵᠧᠩ᠂ ᠡᠨᠡ ᠵᠢᠯ ᠪᠣᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ 《ᠬᠣᠶᠠᠷ᠎ᠢ ᠲᠤᠭᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠣᠳᠣᠬᠠᠨ᠎ᠤ ᠪᠠᠢᠳᠠᠯ᠎ᠤᠨ ᠲᠤᠬᠠᠶ ᠱᠢᠨᠵᠢᠯᠡᠬᠦ᠌ ᠤᠬᠠᠭᠠᠨᠴᠢ ᠮᠠᠭᠠᠳᠯᠠᠯᠲᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠡᠯ᠎ᠡ ᠵᠦᠶ᠋ᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠪᠥᠬᠥ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠭᠦᠯᠬᠦ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠬᠡᠷᠡᠭ᠌ᠲᠡᠶ᠃ ᠣᠳᠣᠬᠠᠨ᠎ᠤ ᠳᠡᠯᠡᠬᠡᠢ ᠶᠢᠷᠲᠢᠨᠴᠦ᠍᠎ᠶ᠋ᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠳ᠋ᠠᠬᠢᠨ ᠱᠢᠨ᠎ᠡ ᠲᠣᠭ᠍ᠲᠠᠭᠤᠨ ᠪᠤᠰᠤ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ ᠪᠠᠢᠨ᠎ᠠ᠃ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠥᠬᠥᠶ ᠠᠮᠤᠷ ᠲᠦᠪᠱᠢᠨ᠎ᠦ ᠰᠠᠢᠨ ᠬᠤᠷᠰᠢᠯᠴᠠᠯ᠎ᠢ ᠪᠡᠶᠡᠯᠡᠭᠦᠯᠬᠦ᠌ ᠬᠡᠷᠡᠭ᠌ᠲᠡᠶ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠱᠢᠨ᠎ᠡ ᠴᠢᠨᠠᠷ᠎ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ᠌ ᠬᠡᠷᠡᠭ᠌ᠲᠡᠢ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠥᠷᠭᠡᠳᠭᠡᠵᠦ᠍᠂ ᠤᠯᠠᠨ ᠲᠠᠯᠠᠲᠤ ᠦᠵᠡᠯ ᠪᠣᠯᠤᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠮᠵᠢ᠎ᠶ᠋ᠢ ᠡᠷᠡᠰ ᠬᠠᠮᠠᠭᠠᠯᠠᠬᠤ ᠬᠡᠷᠡᠭ᠌ᠲᠡᠢ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠯᠳᠠᠨ ᠲᠣᠭᠣᠰᠭ᠎ᠠ ᠤᠯᠤᠰ᠎ᠤᠳ ᠵᠡᠷᠭᠡ ᠤᠯᠠᠨ ᠤᠯᠤᠰ᠎ᠤᠨ ᠶᠠᠪᠤᠯᠴᠠᠭ᠎ᠠ ᠬᠠᠮᠲᠤᠷᠠᠯᠴᠠᠭᠠᠨ᠎ᠤ ᠴᠢᠬᠤᠯᠠ ᠲᠠᠪᠴᠠᠩ᠎ᠢ ᠰᠠᠢᠲᠤᠷ ᠠᠱᠢᠭ᠍ᠯᠠᠵᠤ᠂ ᠪᠦᠬᠦ᠌ ᠪᠥᠮᠪᠥᠷᠴᠡᠭ᠎ᠦᠨ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠠᠨ ᠵᠧᠩ ᠱᠠᠨᠳᠦ᠋ᠩ᠎ᠦᠨ ᠡᠯ᠎ᠡ ᠲᠠᠯ᠎ᠠ᠎ᠶ᠋ᠢᠨ ᠠᠵᠢᠯ᠎ᠤᠨ ᠣᠯᠤᠭ᠍ᠰᠠᠨ ᠱᠢᠨ᠎ᠡ ᠠᠮᠵᠢᠯᠲᠠ᠎ᠶ᠋ᠢ ᠭᠦᠶ᠋ᠴᠡᠳ ᠨᠤᠲᠠᠯᠠᠵᠤ᠂ ᠱᠠᠨᠳᠦ᠋ᠩ ᠮᠤᠵᠢ᠎ᠶ᠋ᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ 《ᠡᠮᠦᠨ᠎ᠡ᠎ᠨᠢ ᠬᠣᠱᠢᠭᠤᠷᠠᠵᠤ᠂ ᠱᠢᠨ᠎ᠡ ᠪᠠᠢᠳᠠᠯ᠎ᠢ ᠡᠭᠦᠳᠬᠦ᠌》 ᠶ᠋ᠢ ᠪᠠᠲᠤ ᠡᠵᠡᠮᠳᠡᠵᠦ᠂ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ ᠵᠢᠨ ᠡᠨᠡ ᠬᠦ᠌ ᠭᠤᠤᠯ ᠠᠵᠢᠯ ᠪᠣᠯᠤᠨ ᠴᠢᠨᠠᠷ ᠰᠠᠢᠲᠠᠶ ᠬᠥᠭ᠌ᠵᠢᠯᠲᠡ ᠵᠢᠨ ᠡᠨᠡ ᠬᠦ᠌ ᠲᠡᠷᠢᠭᠦᠨ ᠴᠢᠬᠤᠯᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠵᠡᠷᠭᠡ ᠲᠠᠯ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠨᠳᠦ᠋ᠩ᠎ᠦᠨ ᠦᠶ᠋ᠯᠡᠳᠦᠯᠭᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢ ᠬᠦᠰᠡᠪᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面