2024-03-06 09:39:49
ᠨᠠᠮ᠎ᠤᠨ ᠲᠥᠪ ᠬᠤᠷᠢᠶ᠎ᠠ᠎ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠵᠢᠨ ᠶᠡᠷᠦᠩᠬᠡᠶ ᠰᠠᠢᠳ ᠯᠢ ᠴᠢᠶᠠᠩ 5᠎ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠶᠦᠨᠨᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠰᠣ᠌ ᠶᠦᠩ ᠵᠦᠩ᠂ ᠱᠢᠤᠢ ᠠᠨ ᠼᠧ᠂ ᠯᠢ ᠸᠸᠨ ᠬᠤᠢ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠂ ᠯᠢ ᠴᠢᠶᠠᠩ ᠰᠣᠨᠣᠰᠭᠤ᠎ᠶ᠋ᠢᠨ ᠳᠠᠭᠠᠤ ᠲᠡᠮᠳᠡᠭ᠌ᠯᠡᠵᠦ᠍᠂ ᠪᠠᠢᠨ ᠳᠠᠬᠢᠨ ᠤᠯᠠᠨ᠎ᠲᠠᠶ ᠰᠠᠨᠠᠯ᠎ᠢᠶᠠᠨ ᠰᠣᠯᠢᠯᠴᠠᠨ ᠶᠠᠷᠢᠯᠴᠠᠵᠤ ᠪᠠᠢᠯ᠎ᠠ᠃
ᠲᠥᠯᠥᠭᠡᠯᠡᠭ᠌ᠴᠢᠳ᠎ᠦᠨ ᠶᠠᠷᠢᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠯᠢ ᠴᠢᠶᠠᠩ᠂ ᠥᠩᠭᠡᠷᠡᠭ᠌ᠰᠡᠨ ᠨᠢᠭᠡ ᠵᠢᠯ᠎ᠳᠦ᠂ ᠲᠤᠢᠯ᠎ᠤᠨ ᠡᠭᠡᠳᠡᠷᠡᠭᠡᠨ ᠪᠤᠳᠤᠯᠢᠶᠠᠨᠲᠠᠢ ᠳᠡᠯᠡᠬᠡᠢ᠎ᠶ᠋ᠢᠨ ᠣᠷᠴᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ᠎ᠶ᠋ᠢ ᠲᠠᠭᠠᠭᠠᠵᠤ᠂ ᠳᠣᠲᠣᠭᠠᠳᠤ᠎ᠶ᠋ᠢᠨ ᠬᠦᠴᠢᠷᠳᠡᠯ᠎ᠢ ᠢᠯᠠᠨ ᠳᠠᠪᠠᠵᠤ᠂ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠵᠤ᠂ ᠪᠦᠬᠦ᠌ ᠵᠢᠯ᠎ᠦᠨ ᠭᠣᠣᠯ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠡᠲᠡᠭᠡᠷ ᠠᠮᠵᠢᠯᠲᠠ ᠨᠢ ᠬᠢᠯᠪᠠᠷ ᠪᠤᠰᠤ᠎ᠪᠠᠷ ᠢᠷᠡᠭ᠌ᠰᠡᠨ ᠶᠤᠮ᠂ ᠪᠢᠳᠡ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠠᠩ ᠤᠬᠠᠮᠰᠠᠷ᠎ᠡᠴᠡ᠎ᠪᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠦᠶ᠋ᠯᠡᠳᠦᠯᠭᠡ᠎ᠪᠡᠨ ᠵᠢᠯᠣᠭᠣᠳᠣᠭᠤᠯᠵᠤ᠂ ᠠᠵᠢᠯ᠎ᠢᠶᠠᠨ ᠠᠬᠢᠭᠤᠯᠵᠤ᠂ ᠢᠮᠠᠭ᠍ᠲᠠ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠮᠡᠬᠡᠢᠯᠡᠨ ᠠᠵᠢᠯᠯᠠᠵᠤ᠂ ᠠᠯᠢᠪᠠ ᠠᠱᠢᠭ᠍ᠲᠠᠢ ᠠᠵᠠ ᠲᠣᠬᠢᠶᠠᠯ᠎ᠢ ᠠᠮᠵᠢᠵᠤ᠂ ᠠᠯᠢᠪᠠ ᠠᠱᠢᠭ᠍ᠲᠠᠢ ᠨᠥᠬᠥᠴᠡᠯ᠎ᠢ ᠠᠱᠢᠭ᠍ᠯᠠᠵᠤ᠂ ᠠᠵᠤ ᠠᠬᠤᠢ᠎ᠶ᠋ᠢᠨ ᠶᠠᠰᠤ ᠴᠢᠨᠠᠷ᠎ᠢ ᠪᠦᠲᠦᠮᠵᠢᠲᠡᠢ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ᠎ᠶ᠋ᠢ ᠵᠣᠬᠢᠰᠲᠠᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ᠎ᠢᠶᠡᠨ ᠬᠦᠴᠦᠷᠬᠡᠭᠵᠢᠬᠦᠯᠬᠦ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ ᠭᠡᠵᠡᠢ᠃
ᠯᠢ ᠴᠢᠶᠠᠩ᠂ ᠶᠡᠷᠦᠩᠬᠡᠢ ᠱᠦᠵᠢ ᠰᠢ ᠵᠢᠨ ᠫᠢᠩ ᠶᠦᠨᠨᠠᠨ᠎ᠤ ᠬᠥᠭ᠌ᠵᠢᠯᠲᠡ᠎ᠳᠦ ᠬᠦᠨᠳᠦ ᠨᠠᠢᠳᠠᠯᠭ᠎ᠠ ᠲᠠᠯᠪᠢᠪᠠ᠃ ᠶᠡᠷᠦᠩᠬᠡᠶ ᠱᠦᠵᠢ ᠰᠢ ᠵᠢᠨ ᠫᠢᠩ᠎ᠦᠨ ᠶᠦᠨᠨᠠᠨ᠎ᠤ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠥᠬᠥ᠌ ᠲᠠᠯ᠎ᠠ᠎ᠶ᠋ᠢᠨ ᠪᠠᠢᠷᠢᠯᠠᠭᠤᠯᠤᠯᠲᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠪᠣᠳᠠᠲᠠᠶ ᠲᠣᠬᠢᠷᠠᠭᠤᠯᠤᠯᠲᠠ ᠶᠣᠰᠣᠭᠠᠷ᠂ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠤᠨ ᠣᠨᠴᠠᠯᠢᠭ᠎ᠢᠶᠠᠨ ᠢᠯᠡᠷᠡᠭᠦᠯᠵᠦ᠍᠂ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠨ᠂ ᠤᠯᠤᠰ᠎ᠤᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠠᠭᠤᠰᠤᠯᠴᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠶᠡᠬᠡ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠶ᠃ ᠤᠨᠴᠠᠯᠢᠬ᠍ᠳᠤ ᠳᠠᠪᠠᠭᠤᠯᠢᠭ ᠠᠵᠤ ᠦᠢᠯᠡᠰ᠎ᠦᠨ ᠬᠥᠭ᠌ᠵᠢᠯᠲᠡ᠎ᠶ᠋ᠢᠨ ᠶᠡᠬᠡ ᠶᠠᠪᠤᠳᠠᠯ᠎ᠢ ᠰᠠᠢᠲᠤᠷ ᠬᠢᠵᠦ᠍᠂ ᠭᠣᠣᠯ ᠴᠣᠭ᠍ᠴᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠡᠴᠡ ᠡᠭᠦᠰᠴᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠪᠠᠷᠢᠮᠲᠠᠯᠠᠵᠤ᠂ ᠲᠡᠷᠢᠭᠦᠨ᠎ᠦ ᠦᠢᠯᠡᠳᠬᠦ᠌ ᠦᠢᠯᠡᠰ᠂ ᠥᠨᠳᠥᠷᠯᠢᠭ᠎ᠦᠨ ᠤᠨᠴᠠᠯᠢᠬ᠍ᠳᠤ ᠲᠠᠷᠢᠶᠠᠯᠠᠩ ᠪᠠ ᠵᠢᠭᠤᠯᠴᠢᠯᠠᠯ᠎ᠤᠨ ᠦᠢᠯᠡᠰ᠎ᠢ ᠶᠡᠬᠡᠪᠡᠷ ᠬᠥᠭ᠌ᠵᠢᠭᠦᠯᠬᠦ᠌ ᠬᠡᠷᠡᠭ᠌ᠲᠡᠢ᠃ ᠭᠠᠳᠠᠭᠠᠳᠤ ᠨᠡᠭᠡᠭᠡᠯᠲᠡ᠎ᠶ᠋ᠢᠨ ᠰᠠᠨᠠᠭᠠᠴᠢᠯᠠᠭᠠᠲᠤ ᠠᠵᠢᠯᠯᠠᠭ᠎ᠠ ᠵᠢ ᠰᠠᠢᠲᠤᠷ ᠡᠷᠬᠢᠯᠡᠵᠦ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ᠎ᠳᠤ ᠬᠠᠨᠳᠤᠭᠤᠯᠤᠭ᠍ᠰᠠᠨ ᠨᠥᠯᠥᠭᠡᠯᠡᠨ ᠲᠠᠢᠴᠢᠯᠠᠬᠤ ᠲᠥᠪ᠎ᠢ ᠲᠦᠷᠭᠡᠳᠭᠡᠨ ᠪᠠᠢᠭᠤᠯᠵᠤ᠂ ᠵᠡᠭᠦᠨ ᠬᠡᠰᠡᠭ᠎ᠦᠨ ᠭᠠᠵᠠᠷ ᠣᠷᠣᠨ᠎ᠤ ᠠᠵᠤ ᠦᠶ᠋ᠯᠡᠰ᠎ᠦᠨ ᠱᠢᠯᠵᠢᠯᠲᠡ᠎ᠶ᠋ᠢ ᠨᠠᠩ ᠶᠡᠬᠡ ᠡᠷᠴᠢᠮ᠎ᠢᠶᠡᠷ ᠵᠣᠯᠭᠠᠭᠤᠯᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠳᠠᠪᠠᠭᠤᠯᠢᠭ ᠪᠣᠯᠭᠠᠨ ᠨᠠᠩ ᠰᠠᠢᠲᠤᠷ ᠬᠤᠪᠢᠷᠠᠭᠤᠯᠬᠤ ᠬᠡᠷᠡᠭ᠌ᠲᠡᠶ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠬᠠᠲᠠᠭᠤ ᠡᠭᠦᠷᠭᠡ᠎ᠶ᠋ᠢ ᠪᠣᠳᠠᠲᠠᠶ ᠠᠳᠭᠤᠵᠤ᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠭ᠍ᠰᠠᠨ ᠰᠠᠭᠤᠷᠢᠨ ᠳᠡᠭᠡᠷ᠎ᠡ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠵᠡᠷᠭᠡ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠣᠯᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠡᠷᠴᠢᠮ᠎ᠢᠶᠡᠨ ᠴᠢᠩᠭᠠᠷᠠᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠰᠠᠢᠨ ᠰᠠᠢᠬᠠᠨ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃