2024-03-06 09:54:50
ᠨᠠᠮ᠎ᠤᠨ ᠲᠥᠪ ᠬᠤᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠡᠳ᠋ ᠶᠡᠷᠦᠩᠬᠡᠶ ᠰᠠᠢᠳ ᠳ᠋ᠢᠩ ᠱᠢᠤᠸᠠᠢ ᠱᠢᠶᠠᠩ 5᠎ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠯᠢᠶᠣᠤᠨᠢᠩ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠲᠠᠩ ᠯᠢ ᠱᠢᠨ᠂ ᠵᠠᠩ ᠵᠢᠨ᠂ ᠵᠠᠩ ᠳ᠋ᠸ ᠪᠢᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠡ᠃
ᠲᠥᠯᠥᠭᠡᠯᠡᠭ᠌ᠴᠢᠳ᠎ᠦᠨ ᠬᠡᠯᠡᠬᠦ ᠵᠢ ᠰᠣᠨᠣᠰᠤᠭ᠍ᠰᠠᠨ᠎ᠤ ᠳᠠᠷᠠᠭ᠎ᠠ ᠳ᠋ᠢᠩ ᠱᠢᠤᠸᠠᠢ ᠱᠢᠶᠠᠩ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠬᠣᠶᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ ᠰᠠᠢᠨ ᠢᠯᠡᠳᠭᠡᠯ ᠪᠣᠯᠵᠠᠶ᠂ ᠪᠢ ᠪᠦᠷᠢᠮᠦᠰᠦᠨ ᠵᠥᠪᠱᠢᠶᠡᠷᠡᠵᠦ ᠪᠠᠢᠨ᠎ᠠ ᠭᠡᠪᠡ᠃
ᠳ᠋ᠢᠩ ᠱᠢᠤᠸᠠᠢ ᠱᠢᠶᠠᠩ᠂ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ᠂ ᠮᠠᠨ᠎ᠤ ᠤᠯᠤᠰ᠎ᠤᠨ ᠬᠥᠭ᠌ᠵᠢᠯᠲᠡ ᠶᠡᠷᠦ᠍ ᠪᠤᠰᠤ᠎ᠶ᠋ᠢᠨ ᠠᠮᠵᠢᠯᠲᠠ ᠣᠯᠵᠤ᠂ ᠮᠠᠭᠳᠠᠭᠤᠰᠢᠳᠠᠢ ᠨᠤᠳᠠᠯᠠᠭᠤᠰᠢᠳᠠᠢ ᠵᠦᠢᠯ ᠤᠯᠠᠨ ᠪᠠᠢᠵᠤ᠂ ᠱᠢᠨ᠎ᠡ ᠠᠶᠠᠨ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠱᠢᠨ᠎ᠡ ᠴᠠᠭ ᠦᠶ᠎ᠡ᠎ᠶ᠋ᠢᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠪᠡ᠃ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠭ᠌ᠰᠡᠨ ᠶᠤᠮ᠂ ᠦᠨᠳᠦᠰᠦᠨ ᠰᠢᠯᠳᠠᠭᠠᠨ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠠᠳᠬᠤᠨ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ 《ᠬᠣᠶᠠᠷ᠎ᠢ ᠲᠤᠭᠳᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ ᠭᠡᠵᠦ ᠢᠯᠡᠳᠬᠡᠪᠡ᠃
ᠳ᠋ᠢᠩ ᠱᠢᠤᠸᠠᠢ ᠱᠢᠶᠠᠩ᠂ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠢ ᠰᠠᠢᠲᠤᠷ ᠬᠢᠬᠦ᠌᠎ᠳᠦ᠂ ᠱᠢᠨ᠎ᠡ ᠴᠠᠭ ᠦᠶ᠎ᠡ ᠱᠢᠨ᠎ᠡ ᠠᠶᠠᠨ᠎ᠤ ᠨᠠᠮ᠎ᠤᠨ ᠭᠣᠣᠯ ᠡᠭᠦᠷᠭᠡ ᠲᠠᠢ ᠨᠢᠬᠳᠠ ᠤᠶᠠᠯᠳᠤᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠬᠤ᠎ᠶ᠋ᠢ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠬᠡᠷᠡᠭ᠌ᠲᠡᠢ᠃ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠤᠨ ᠬᠤᠪᠢᠷᠠᠯᠲᠠ᠎ᠶ᠋ᠢ ᠡᠵᠡᠮᠳᠡᠵᠦ᠍᠂ ᠤᠶᠤᠨ ᠤᠬᠠᠭᠠᠨ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠴᠢᠨᠠᠷ ᠰᠠᠢᠲᠠᠢ ᠬᠥᠭ᠌ᠵᠢᠯᠲᠡ᠎ᠪᠡᠷ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠨᠡᠢᠭᠡᠮ᠎ᠦᠨ ᠭᠤᠤᠯ ᠵᠥᠷᠢᠴᠡᠯ᠎ᠢ ᠠᠳᠭᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠠᠷᠠᠳ ᠲᠦᠮᠡᠨ᠎ᠦ ᠴᠢᠨᠠᠷ ᠰᠠᠢᠲᠠᠶ ᠠᠮᠢᠳᠤᠷᠠᠯ ᠪᠣᠯᠭᠠᠨ ᠬᠤᠪᠢᠷᠠᠭᠤᠯᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ ᠬᠡᠷᠡᠭᠳᠡᠢ᠃ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠬᠠᠲᠠᠭᠤ ᠠᠷᠭ᠎ᠠ ᠬᠡᠮᠵᠢᠶ᠎ᠡ ᠠᠪᠴᠤ᠌ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠦᠨᠡᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠳ᠋ᠢᠩ ᠱᠢᠤᠸᠠᠢ ᠱᠢᠶᠠᠩ ᠯᠢᠶᠣᠤᠨᠢᠩᠢ ᠬᠥᠭ᠌ᠵᠢᠬᠦᠯᠦᠨ ᠮᠠᠨᠳᠤᠭᠤᠯᠬᠤ ᠳ᠋ᠤ ᠣᠯᠤᠭ᠍ᠰᠠᠨ ᠱᠢᠨ᠎ᠡ ᠠᠬᠢᠴᠠ᠎ᠶ᠋ᠢ ᠭᠦᠢᠴᠡᠳ ᠨᠤᠲᠠᠯᠠᠵᠤ᠂ ᠯᠢᠶᠣᠤᠨᠢᠩ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠢᠳᠡᠪᠬᠢᠲᠡᠢ ᠤᠷᠤᠭ᠍ᠰᠢᠯᠠᠨ ᠳᠠᠪᠱᠢᠵᠤ᠂ ᠴᠢᠨᠠᠷ ᠰᠠᠢᠲᠠᠢ ᠬᠥᠭ᠌ᠵᠢᠯᠲᠡ᠂ ᠦᠷᠭᠦᠯᠵᠢᠯᠡᠬᠦ ᠬᠥᠭ᠌ᠵᠢᠨ ᠮᠠᠨᠳᠤᠬᠤ ᠱᠢᠨ᠎ᠡ ᠵᠠᠮ᠎ᠢᠶᠠᠷ ᠴᠢᠷᠮᠠᠢᠨ ᠵᠠᠮᠨᠠᠬᠤ ᠬᠡᠷᠡᠭᠳᠡᠢ᠃ ᠠᠵᠤ ᠠᠬᠤᠶ᠎ᠶ᠋ᠢᠨ ᠰᠡᠷᠭᠦᠨ ᠰᠠᠢᠵᠢᠷᠠᠬᠤ ᠬᠠᠨᠳᠤᠰᠢ ᠵᠢ ᠪᠡᠬᠢᠵᠢᠭᠦᠯᠦᠨ ᠴᠢᠩᠭᠠᠳᠭᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠳᠠᠯ᠎ᠠ ᠪᠡᠷ ᠬᠢ ᠪᠦᠲᠦᠮᠵᠢᠲᠡᠶ ᠳᠡᠭᠡᠭ᠌ᠰᠢᠯᠡᠯᠲᠡ ᠪᠠ ᠳᠤᠭ᠎ᠠ ᠬᠡᠮᠵᠢᠶᠡᠨ᠎ᠦ ᠳᠠᠯ᠎ᠠ ᠪᠡᠷ ᠬᠢ ᠵᠦᠶ ᠵᠣᠬᠢᠰᠲᠠᠶ ᠨᠡᠮᠡᠭ᠌ᠳᠡᠯ᠎ᠢ ᠠᠬᠢᠭᠤᠯᠬᠤ ᠬᠡᠷᠡᠭᠳᠡᠢ᠃ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠪᠴᠢᠯᠡᠨ ᠬᠥᠭ᠌ᠵᠢᠭᠦᠯᠵᠦ᠍᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠬᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠪᠠᠢᠷᠢᠱᠢᠭᠤᠯᠤᠨ ᠪᠦᠲᠦᠭᠡᠨ ᠪᠠᠢᠭᠤᠯᠵᠤ᠂ ᠯᠢᠶᠣᠤᠨᠢᠩ᠎ᠤᠨ ᠣᠨᠴᠠᠯᠢᠭ ᠪᠠ ᠳᠠᠪᠠᠭᠤᠯᠢᠭ ᠲᠠᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭᠳᠡᠢ᠃ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠴᠢᠳᠠᠪᠤᠷᠢᠲᠠᠨ᠎ᠤ ᠲᠤᠯᠭᠠᠭᠤᠷᠢᠯᠠᠯ᠎ᠢ ᠪᠡᠬᠢᠵᠢᠭᠦᠯᠵᠦ᠍᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠨᠠᠩ ᠣᠯᠠᠨ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠵᠦ᠍ ᠣᠷᠣᠭᠤᠯᠤᠨ ᠠᠪᠴᠢᠷᠠᠬᠤ ᠬᠡᠷᠡᠭᠳᠡᠢ᠃ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭ᠌ᠵᠢᠭᠦᠯᠵᠦ᠍᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ ᠴᠢᠩᠭᠠᠷᠠᠭᠤᠯᠬᠤ ᠬᠡᠷᠡᠭᠳᠡᠢ᠃ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢᠨ ᠭᠡᠮ ᠰᠤᠭᠤᠭ᠎ᠢ ᠰᠡᠷᠭᠡᠢᠯᠡᠨ ᠠᠷᠢᠯᠭᠠᠵᠤ᠂ ᠠᠵᠤ ᠠᠬᠤᠢ ᠮᠥᠩᠭᠥᠨ ᠭᠦᠢᠯᠭᠡᠭᠡᠨ᠎ᠦ ᠰᠠᠢ᠌ᠨ ᠰᠠᠢᠬᠠᠨ ᠠᠮᠢ ᠠᠬᠤᠢ᠎ᠶ᠋ᠢ ᠪᠤᠢ ᠪᠣᠯᠭᠠᠵᠤ᠂ ᠱᠢᠰᠲ᠋ᠧᠮ᠎ᠦᠨ ᠴᠢᠨᠠᠷᠲᠠᠢ ᠠᠶᠤᠯ ᠲᠦᠭ᠌ᠰᠢᠭᠦᠷᠢ ᠭᠠᠷᠭᠠᠬᠤ ᠦᠬᠡᠢ ᠪᠠᠢᠬᠤ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭᠳᠡᠢ᠃ ᠠᠷᠠᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ ᠬᠡᠷᠡᠭᠳᠡᠢ᠃ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠯᠢᠶᠣᠤᠨᠢᠩ᠎ᠤᠨ ᠪᠦᠬᠦ᠌ ᠲᠠᠯ᠎ᠠ᠎ᠶ᠋ᠢᠨ ᠬᠥᠭ᠌ᠵᠢᠯ ᠮᠠᠨᠳᠤᠯ᠎ᠢ ᠨᠡᠩ ᠰᠠᠢᠲᠤᠷ ᠪᠠᠲᠤᠯᠠᠬᠤ ᠬᠡᠷᠡᠭᠳᠡᠢ ᠬᠡᠵᠥ ᠬᠦᠰᠡᠪᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃