2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2024-03-06 09:45:08

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠶᠠᠨ ᠳᠠᠷᠤᠭ᠎ᠠ ᠵᠣᠣ ᠯᠸ ᠵᠢᠶ 5 ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠰᠸᠴᠤᠸᠠᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠣᠷᠣᠯᠴᠠᠪᠠ᠃ ᠸᠠᠩ ᠶᠦᠩ ᠯᠠᠨ᠂ ᠭᠸᠤ ᠱᠢᠩ ᠯᠦᠩ᠂ ᠸᠸᠨ ᠱᠤᠤ ᠮᠦ᠍ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠡ᠃ ᠵᠤᠤ ᠯᠸ ᠵᠶ᠋ᠢ ᠳᠡᠳᠡᠨ ᠤ᠋ ᠬᠡᠯᠡᠬᠦ ᠵᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠲᠥᠯᠥᠭᠡᠯᠡᠭ᠌ᠴᠢᠳ᠎ᠲᠡᠶ ᠰᠠᠨᠠᠯ᠎ᠢᠶᠠᠨ ᠭᠦᠨᠵᠡᠭᠡᠢ ᠰᠣᠯᠢᠯᠴᠠᠪᠠ᠃ ᠵᠤᠤ ᠯᠸ ᠵᠶ᠋ᠢ᠂ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠮᠵᠢᠯᠲᠠ᠎ᠪᠠᠨ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠬᠠᠷᠠᠯᠲᠠ ᠵᠢ ᠲᠣᠭ᠍ᠲᠠᠭᠠᠭᠰᠠᠨ ᠨᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ᠂ ᠳᠤᠷᠠᠳᠤᠭ᠍ᠰᠠᠨ ᠠᠷᠭ᠎ᠠ ᠬᠡᠮᠵᠢᠶ᠎ᠠ ᠨᠢ ᠦᠨᠡᠨ ᠬᠦ᠌ ᠬᠡᠷᠡᠭ᠌ᠵᠢᠭᠦᠯᠦᠭᠦᠱᠢᠲᠡᠢ ᠪᠠᠢᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠤᠷᠤᠭ᠍ᠰᠢᠯᠠᠭ᠍ᠰᠠᠨ᠂ ᠪᠦᠯᠬᠦᠮᠳᠡᠨ ᠡᠷᠴᠢ ᠵᠣᠷᠢᠭ ᠢ᠋ ᠬᠥᠪᠴᠢᠯᠡᠭ᠌ᠰᠡᠨ ᠰᠠᠢ᠌ᠨ ᠢᠯᠡᠳᠭᠡᠯ ᠪᠣᠯᠵᠠᠢ ᠭᠡᠪᠡ᠃

ᠵᠤᠤ ᠯᠸ ᠵᠶ᠋ᠢ᠂ 2023 ᠣᠨ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠭᠰᠠᠨ ᠡᠬᠢᠯᠡᠯᠲᠡ᠎ᠶ᠋ᠢᠨ ᠵᠢᠯ ᠪᠣᠯᠤᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠰᠡᠳᠭᠢᠯ᠎ᠢᠶᠡᠨ ᠨᠢᠭᠡᠳᠭᠡᠨ ᠬᠦᠴᠦ᠍ ᠪᠡᠨ ᠬᠠᠮᠲᠤᠳᠭᠠᠵᠤ᠂ ᠦᠷᠭᠦᠯᠵᠢᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ᠎ᠶ᠋ᠢᠨ ᠰᠡᠷᠭᠦᠨ ᠰᠠᠢᠵᠢᠷᠠᠬᠤ᠎ᠶ᠋ᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠦᠷᠢᠯᠳᠦᠭᠦᠯᠵᠦ᠍᠂ ᠠᠷᠠᠳ ᠲᠦᠮᠡᠨ ᠠᠮᠤᠷ ᠲᠤᠭᠳᠠᠭᠤᠨ ᠵᠢᠡᠷ ᠠᠵᠤ ᠲᠦᠷᠦᠵᠦ᠍᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠡᠳᠡᠭᠡᠷ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ᠎ᠪᠠᠷ ᠣᠯᠵᠤ᠂ ᠲᠤᠢᠯ᠎ᠤᠨ ᠡᠷᠬᠢᠮ ᠨᠠᠨᠳᠢᠨ ᠶᠤᠮ᠃ ᠡᠭᠡᠳᠡᠷᠡᠭᠡᠨ ᠪᠤᠳᠤᠯᠢᠶᠠᠨᠲᠠᠢ ᠪᠠᠢᠳᠠᠯ ᠳᠣᠣᠷ᠎ᠠ᠂ ᠶᠡᠷᠦᠩᠬᠡᠢ ᠱᠦᠵᠢ ᠰᠢ ᠵᠢᠨ ᠫᠢᠩ ᠪᠢᠳᠡᠨ᠎ᠢ ᠳᠠᠭᠠᠭᠤᠯᠤᠨ ᠭᠠᠳᠠᠭᠠᠳᠤ ᠤᠷᠴᠢᠨ ᠤ᠋ ᠳᠠᠷᠤᠯᠲᠠ᠎ᠶ᠋ᠢ ᠳᠠᠭᠠᠭᠠᠵᠤ᠂ ᠳᠣᠲᠣᠭᠠᠳᠤ᠎ᠶ᠋ᠢᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠠᠯᠢ ᠤᠯᠠᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠭ᠍ᠰᠠᠨ ᠨᠢ ᠲᠡᠷᠡ ᠶᠤᠰᠤᠭᠠᠷ ᠵᠢᠡᠨ ᠮᠠᠰᠢ ᠶᠡᠬᠡ ᠠᠮᠵᠢᠯᠲᠠ ᠮᠦᠨ᠃ ᠪᠢᠳᠡ ᠠᠶᠤᠯ ᠲᠦᠭ᠌ᠰᠢᠭᠦᠷᠢ᠎ᠶ᠋ᠢ ᠠᠷᠢᠯᠭᠠᠬᠤ᠂ ᠪᠡᠷᠬᠡ ᠪᠣᠭᠣᠮᠲᠠ᠎ᠶ᠋ᠢ ᠱᠢᠪᠲᠤᠯᠬᠤ᠂ ᠬᠤᠪᠢᠷᠠᠯᠲᠠ᠎ᠶ᠋ᠢ ᠠᠷᠭᠠᠴᠠᠭᠠᠬᠤ ᠳᠤᠮᠳᠠ ᠡᠷᠳᠡᠮ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠳᠦᠷᠢᠮ ᠲᠣᠭ᠍ᠲᠠᠴᠠ᠎ᠪᠠᠨ ᠪᠦᠷᠢᠨᠱᠢᠭᠦᠯᠵᠦ᠍᠂ ᠢᠲᠡᠭᠡᠯ ᠵᠣᠷᠢᠭ᠎ᠢᠶᠠᠨ ᠨᠡᠮᠡᠭ᠌ᠳᠡᠭᠦᠯᠪᠡ᠃ ᠦᠢᠯᠡᠳᠦᠯᠭᠡ ᠳᠠᠬᠢᠨᠳᠠ ᠭᠡᠷᠡᠴᠢᠯᠡᠭᠰᠡᠨ ᠨᠢ᠂ 《ᠬᠣᠶᠠᠷ᠎ᠢ ᠲᠣᠭ᠍ᠲᠠᠭᠠᠭᠰᠠᠨ》 ᠪᠣᠯ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠬᠤ᠂ ᠠᠯᠢᠪᠠ ᠲᠤᠭᠳᠠᠭᠠᠯᠳᠤ ᠪᠤᠰᠤ ᠴᠢᠨᠠᠷ᠎ᠢ ᠠᠷᠭᠠᠴᠠᠭᠠᠬᠤ ᠬᠠᠮᠤᠭ᠎ᠤᠨ ᠶᠡᠬᠡ ᠲᠣᠭ᠍ᠲᠠᠭᠠᠯᠲᠤ ᠴᠢᠨᠠᠷ ᠮᠥᠨ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠮ᠎ᠤᠨ ᠭᠣᠣᠯ ᠡᠭᠦᠷᠭᠡ᠎ᠶ᠋ᠢ ᠪᠡᠶᠡᠯᠡᠭᠦᠯᠬᠦ᠌ ᠦᠨᠳᠦᠰᠦᠨ ᠪᠠᠲᠤᠯᠠᠭ᠎ᠠ ᠮᠥᠨ᠃ ᠨᠡᠩ ᠰᠠᠨᠠᠭᠠᠴᠢᠯᠠᠭ᠎ᠠ ᠡᠴᠡ ᠪᠠᠨ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠵᠤᠤ ᠯᠸ ᠵᠶ᠋ᠢ ᠰᠸᠴᠤᠸᠠᠨ᠎ᠤ ᠥᠩᠭᠡᠷᠡᠭ᠌ᠰᠡᠨ ᠨᠢᠭᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠰᠸᠴᠤᠸᠠᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠰᠸᠴᠤᠸᠠᠨ᠎ᠤ ᠠᠵᠢᠯ᠎ᠤᠨ ᠲᠤᠬᠠᠢ ᠴᠢᠬᠤᠯᠠ ᠵᠢᠭᠠᠪᠤᠷᠢ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ 10 ᠲᠠᠯ᠎ᠠ᠎ᠶ᠋ᠢᠨ ᠪᠠᠢᠷᠢᠯᠠᠭᠤᠯᠤᠯᠲᠠ ᠲᠤᠬᠢᠷᠠᠭᠤᠯᠤᠯᠳᠠ ᠶᠣᠰᠣᠭᠠᠷ᠂ ᠲᠤᠰ ᠭᠠᠵᠠᠷ ᠣᠷᠣᠨ᠎ᠤ᠎ᠪᠠᠨ ᠪᠣᠳᠠᠲᠤ ᠪᠠᠢᠳᠠᠯ ᠳ᠋ᠤ ᠰᠠᠭᠤᠷᠢᠯᠠᠨ᠂ ᠨᠠᠢᠳᠠᠪᠤᠷᠢᠵᠢᠭᠤᠯᠤᠯᠲᠠ᠎ᠶ᠋ᠢ ᠪᠦᠲᠦᠭᠡᠯᠴᠢ ᠴᠢᠨᠠᠷᠳᠠᠢ ᠪᠡᠷ ᠰᠠᠢᠲᠤᠷ ᠠᠳᠭᠤᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠰᠸᠴᠤᠸᠠᠨ᠎ᠤ ᠦᠢᠯᠡᠳᠦᠯᠭᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠠᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ ᠱᠢᠨ᠎ᠡ ᠳᠠᠪᠠᠭᠤᠯᠢᠭ᠎ᠢ ᠪᠤᠢ ᠪᠣᠯᠭᠠᠵᠤ᠂ ᠪᠠᠷᠠᠭᠤᠨ ᠣᠷᠣᠨ᠎ᠤ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠪᠠᠢᠭᠤᠯᠬᠤ ᠬᠡᠷᠡᠭ᠌ᠲᠡᠢ᠃ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠨᠡᠩ ᠰᠠᠢᠲᠤᠷ ᠦᠢᠯᠡᠴᠢᠯᠡᠬᠦ᠌ ᠪᠠ ᠠᠭᠤᠰᠤᠯᠴᠠᠵᠤ᠂ ᠪᠠᠷᠠᠭᠤᠨ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠳᠠᠢᠴᠢᠯᠠᠬᠤ ᠴᠢᠬᠤᠯᠠ ᠨᠡᠮᠡᠭ᠌ᠳᠡᠯ᠎ᠦᠨ ᠲᠤᠢᠯ ᠪᠣᠯᠤᠨ ᠱᠢᠨ᠎ᠡ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠬᠤ ᠬᠡᠷᠡᠭ᠌ᠲᠡᠢ᠃ ᠠᠷᠠᠳ ᠲᠦᠮᠡᠨ᠎ᠳᠦ ᠪᠤᠶᠠᠨ ᠦᠢᠯᠡᠳᠬᠦ᠌ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠬᠦᠭᠵᠢᠯᠳᠡ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠬᠡᠷᠡᠭᠳᠠᠢ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠢ ᠲᠦᠷᠭᠡᠳᠭᠡᠨ ᠪᠦᠲᠦᠭᠡᠨ ᠪᠠᠢᠭᠤᠯᠬᠤ ᠬᠡᠷᠡᠭᠳᠠᠢ᠃ ᠭᠤᠤᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠴᠢᠨᠠᠷ ᠰᠠᠢᠲᠠᠶ ᠨᠠᠮ᠎ᠤᠨ ᠪᠠᠢᠭᠤᠯᠤᠯᠲᠠ ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢ ᠬᠦᠰᠡᠪᠡ᠃

ᠵᠤᠤ ᠯᠸ ᠵᠶ᠋ᠢ᠂ ᠡᠨᠡ ᠵᠢᠯ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠤᠢ ᠪᠣᠯᠤᠨ᠎ᠠ᠃ ᠰᠸᠴᠤᠸᠠᠨ ᠮᠤᠵᠢ᠎ᠶ᠋ᠢᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠴᠢᠨᠠᠷ ᠰᠠᠢᠲᠠᠢ ᠰᠠᠢᠲᠤᠷ ᠬᠢᠵᠦ᠍᠂ ᠰᠸᠴᠤᠸᠠᠨ᠎ᠢ ᠵᠠᠰᠠᠵᠤ ᠰᠸᠴᠤᠸᠠᠨ ᠢ᠋ ᠮᠠᠨᠳᠤᠭᠤᠯᠬᠤ ᠲᠠᠯ᠎ᠠ ᠪᠡᠷ ᠲᠠᠬᠢᠨ ᠱᠢᠨ᠎ᠡ ᠳᠡᠭ᠌ᠲᠡᠷ᠎ᠲᠦ ᠭᠠᠷᠬᠤ᠎ᠳᠤ ᠬᠦᠴᠦᠨ ᠨᠡᠮᠡᠷᠢᠯᠡᠬᠦ ᠵᠢ ᠬᠦᠰᠡᠵᠦ ᠪᠠᠢᠨ᠎ᠠ ᠭᠡᠵᠦ᠍ ᠵᠢᠭᠠᠵᠤ ᠭᠠᠷᠭᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面